| | ᠬᠤᠶᠠᠷ ᠰᠠᠷ᠎ᠠ ᠭᠠᠷᠤᠶ ᠶᠢᠨ ᠪᠠᠴᠢᠮ ᠶᠠᠭᠠᠷᠠᠯᠲᠠᠶ ᠪᠡᠯᠡᠳᠬᠡᠯ ᠢᠶᠠᠷ ᠳᠡᠮᠵᠢᠨ᠂ 1 ᠰᠠᠷ᠎ᠠ ᠶᠢᠨ 11 ᠤ ᠡᠳᠦᠷ᠂ ᠡᠷᠢᠶᠡᠨ | ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠶᠡᠷᠦᠩᠬᠡᠶᠢᠯᠡᠨ | ᠰᠣᠳᠣᠯᠣᠭᠰᠠᠨ ᠤ ᠳᠠᠷᠠᠭ᠎ᠠ᠂ ︽ᠤᠷᠢᠳᠠᠪᠠᠷ ᠬᠢᠯᠪᠠᠷ ᠠᠴᠠ ᠳᠠᠷᠠᠭ᠎ᠠ ᠨᠢ ᠬᠦᠴᠢᠷ᠂ ᠤᠷᠢᠳᠠᠪᠠᠷ ᠭᠠᠷᠭᠠᠵᠦ ᠳᠠᠷᠠᠭ᠎ᠠ ᠨᠢ | ᠣᠷᠣᠭᠤᠯᠬᠤ︾ ᠵᠠᠷᠴᠢᠮ ᠶᠣᠰᠣᠭᠠᠷ ᠵᠠᠰᠠᠮᠠᠯ ᠵᠠᠮ ᠤᠨ ᠪᠣᠭᠤᠮᠲᠠ ᠶᠢᠨ ᠪᠣᠭᠤᠮᠲᠠ ᠨᠡᠪᠳᠡᠷᠡᠯᠳᠠ ᠶᠢ ᠵᠢᠩᠬᠢᠨᠢ ᠪᠠᠷ | ᠰᠡᠷᠭᠦᠭᠡᠬᠦ ᠪᠠᠷ ᠰᠢᠢᠳᠪᠡ᠃ | | | ᠲᠤᠬᠠᠶ ᠶᠢᠨ ᠡᠳᠦᠷ᠂ ᠬᠤᠲᠠ ᠶᠢᠨ ᠬᠤᠸᠠᠨ ᠢᠦᠶ ᠪᠠᠷᠠᠭᠠᠨ ᠤ ᠬᠦᠢᠯᠭᠡᠭᠡᠨ ᠤ ᠬᠦᠷᠢᠶᠡᠯᠡᠩ ᠳᠤ ᠭᠠᠳᠠᠭᠠᠳᠤ ᠳᠤ | ᠭᠠᠷᠭᠠᠬᠤ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠴᠢᠩᠭᠡᠯᠢᠭᠳᠦ ᠲᠡᠭᠡᠭᠡᠪᠦᠷᠢ ᠶᠢᠨ ᠲᠡᠷᠭᠡ ᠨᠦᠭᠦᠳ ᠢ ᠠᠷᠢᠭᠤᠳᠬᠠᠬᠤ᠂ | ᠪᠠᠶᠢᠴᠠᠭᠠᠨ ᠰᠢᠯᠭᠠᠬᠤ ᠶᠠᠪᠤᠴᠠ ᠶᠢ ᠥᠩᠭᠡᠷᠡᠭᠡᠭᠰᠡᠨ ᠤ ᠳᠠᠷᠠᠭ᠎ᠠ ᠪᠣᠭᠤᠮᠲᠠ ᠪᠠᠷ ᠤᠷᠤᠭᠰᠢᠲᠠᠶ ᠪᠠᠷ ᠥᠩᠭᠡᠷᠡᠵᠦ ᠬᠢᠯᠢ ᠠᠴᠠ | ᠭᠠᠷᠪᠠ᠃ ᠵᠠᠰᠠᠮᠠᠯ ᠵᠠᠮ ᠤᠨ ᠪᠣᠭᠤᠮᠲᠠ ᠶᠢᠨ ᠪᠣᠭᠤᠮᠳᠠ ᠨᠡᠪᠳᠡᠷᠡᠯᠳᠠ ᠶᠢᠨ ᠠᠵᠢᠯ ᠢ ᠰᠡᠷᠭᠦᠭᠡᠬᠦ ᠡᠬᠢᠨ ᠤ ᠬᠤᠭᠤᠴᠠᠭᠠᠨ ᠳᠤ | ᠂ ᠳᠤᠮᠳᠠᠳᠤ ᠤᠯᠤᠰ ᠤᠨ ᠪᠠᠷᠠᠭ᠎ᠠ ᠳᠡᠭᠡᠭᠡᠪᠣᠷᠢ ᠶᠢᠨ ᠴᠢᠩᠭᠡᠯᠢᠭ ᠪᠠ ᠲᠠᠸᠠᠷ ᠤᠨ ᠲᠡᠷᠭᠡ ᠶᠢ ᠭᠠᠳᠠᠭᠠᠳᠤ ᠳᠤ ᠭᠠᠷᠭᠠᠬᠤ ᠶᠢ | ᠬᠡᠷᠡᠭᠵᠢᠭᠦᠯᠵᠦ᠂ ᠡᠳᠦᠷ ᠪᠦᠷᠢ 30 ᠴᠢᠩᠭᠡᠯᠢᠭ ᠣᠷᠴᠢᠮ ᠭᠠᠷᠭᠠᠵᠦ᠂ ᠭᠠᠳᠠᠭᠠᠳᠤ ᠠᠴᠠ ᠣᠷᠣᠭᠤᠯᠬᠤ ᠠᠵᠢᠯ ᠢ ᠲᠦᠷ | ᠥᠷᠨᠢᠭᠦᠯᠬᠦ ᠥᠬᠡᠶ᠃ | | | | | ᠳᠣᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠭᠡᠨᠡᠳᠲᠡ ᠪᠠᠷ ᠡᠭᠦᠰᠦᠭᠰᠡᠨ ᠠᠴᠠ ᠨᠠᠰᠢ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠡᠷᠡᠭᠴᠡᠭᠡ ᠠᠴᠠ ᠪᠣᠯᠵᠣ᠂ ᠮᠠᠨ ᠤ ᠬᠤᠲᠠ ᠶᠢᠨ ᠵᠠᠰᠠᠮᠠᠯ ᠵᠠᠮ ᠤᠨ ᠪᠣᠭᠤᠮᠲᠠ ᠡᠭᠦᠳᠡ ᠪᠠᠨ | ᠬᠠᠭᠠᠭᠰᠠᠭᠠᠷ ᠢᠷᠡᠵᠡᠶ᠃ ᠵᠠᠰᠠᠮᠠᠯ ᠵᠠᠮ ᠤᠨ ᠪᠣᠭᠤᠮᠲᠠ ᠶᠢᠨ ᠪᠣᠭᠤᠮᠳᠠ ᠨᠡᠪᠳᠡᠷᠡᠯᠳᠠ ᠶᠢ ᠡᠷᠲᠡᠬᠡᠨ ᠰᠡᠷᠭᠦᠭᠡᠬᠦ ᠶᠢᠨ ᠲᠤᠰᠠᠳᠠ | ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠤᠯ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠵᠢᠴᠢ ᠪᠣᠭᠤᠮᠲᠠ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠠᠩᠭᠢ ᠶᠢᠨ | ᠵᠢᠯᠣᠭᠤᠳᠣᠯᠭ᠎ᠠ᠂ ᠰᠢᠮᠳᠠᠭᠤᠯᠤᠨ ᠪᠠᠶᠢᠴᠠᠭᠠᠬᠤ ᠱᠠᠭᠠᠷᠳᠠᠯᠭ᠎ᠠ ᠶᠣᠰᠣᠭᠠᠷ᠂ ︽ᠨᠢᠭᠡ ᠲᠣᠭᠤᠷᠢᠭ ᠭᠤᠷᠪᠠᠨ ᠬᠦᠷᠢᠶᠡᠯᠡᠩ | ᠨᠢᠭᠡ ᠭᠠᠷᠴᠠ︾ ᠶᠢᠨ ᠲᠣᠭᠤᠷᠢᠨ ᠳᠤ᠂ ︽ᠬᠦᠷᠢᠶᠡᠯᠡᠬᠦ᠂ ᠬᠠᠮᠢᠶᠠᠷᠬᠤ᠂ ᠬᠡᠮᠵᠢᠬᠦ᠂ ᠠᠷᠢᠭᠤᠳᠬᠠᠬᠤ᠂ ᠪᠣᠯᠪᠠᠰᠤᠷᠠᠭᠤᠯᠬᠤ | ᠂ ᠥᠭᠡᠷᠡᠴᠢᠯᠡᠬᠦ᠂ ᠵᠥᠪᠳᠡᠯᠴᠡᠬᠦ︾ ᠲᠤᠯᠤᠭᠠᠨ ᠲᠠᠯ᠎ᠠ ᠪᠠᠷ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ | ᠴᠢᠩᠭᠠᠳᠬᠠᠪᠠ᠃ ᠬᠤᠶᠠᠷ ᠰᠠᠷ᠎ᠠ ᠭᠠᠷᠤᠶ ᠶᠢᠨ ᠴᠠᠭ ᠢ ᠬᠡᠷᠡᠭᠯᠡᠵᠦ᠂ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠵᠢᠯ ᠤᠨ ᠠᠯᠬᠤᠮ ᠳᠠᠷᠠᠭᠠᠯᠠᠯ᠂ ᠵᠥᠭᠡᠯᠡᠨ ᠬᠠᠲᠠᠭᠤ ᠳᠣᠨᠣᠭᠯᠠᠯ ᠢ ᠪᠥᠬᠦ | ᠲᠠᠯ᠎ᠠ ᠪᠠᠷ ᠲᠠᠰ ᠳᠡᠪᠰᠢᠭᠦᠯᠦᠨ ᠥᠭᠡᠷᠡᠴᠢᠯᠡᠵᠦ᠂ ᠰᠢᠯᠢ ᠶᠢᠨ ᠭᠤᠤᠯ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠢᠯᠣᠭᠤᠳᠬᠤ ᠭᠠᠵᠠᠷ ᠠᠴᠠ ᠦᠨᠡᠯᠡᠨ ᠵᠢᠱᠢᠵᠦ ᠰᠢᠯᠭᠠᠨ ᠠᠪᠤᠭᠰᠠᠨ ᠤ ᠳᠠᠷᠠᠭ᠎ᠠ᠂ ᠣᠷᠣᠨ ᠠᠶᠢᠮᠠᠭ ᠬᠤᠶᠠᠷ | ᠱᠠᠲᠤᠨ ᠳᠤ ᠮᠡᠳᠡᠭᠦᠯᠦᠨ ᠵᠥᠪᠰᠢᠶᠡᠷᠡᠭᠦᠯᠦᠭᠡᠳ᠂ ᠪᠣᠭᠤᠮᠲᠠ ᠨᠡᠪᠳᠡᠷᠡᠯᠳᠠ ᠶᠢᠨ ᠨᠥᠬᠦᠴᠡᠯ ᠢ ᠪᠦᠷᠢᠳᠦᠭᠦᠯᠦᠭᠰᠡᠨ ᠤ ᠳᠠᠷᠠᠭ᠎ᠠ | ᠪᠣᠭᠤᠮᠲᠠ ᠪᠠᠷ ᠥᠩᠭᠡᠷᠡᠬᠦ ᠲᠤᠬᠠᠶᠢᠯᠠᠭᠰᠠᠨ ᠠᠵᠢᠯ ᠢ ᠰᠡᠷᠭᠦᠭᠡᠪᠡ᠃ | | | | | ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠢᠵᠢᠭ ᠤᠨ ᠬᠢᠯᠢ ᠶᠢᠨ | ᠭᠠᠳᠠᠨ᠎ᠠ ᠠᠴᠠ ᠬᠠᠯᠳᠠᠪᠣᠷᠢᠯᠠᠨ ᠣᠷᠣᠬᠤ ᠶᠢ ᠰᠡᠷᠭᠡᠶᠢᠯᠡᠬᠦ ᠶᠢᠨ ᠳᠣᠯᠠᠳᠠ᠂ ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ ᠬᠢᠨ | ︽ᠭᠠᠳᠠᠨ᠎ᠠ ᠠᠴᠠ ᠬᠠᠯᠳᠠᠪᠣᠷᠢᠯᠠᠨ ᠣᠷᠣᠵᠦ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠬᠦᠰᠬᠦ ᠶᠢ | ᠰᠡᠷᠭᠡᠶᠢᠯᠡᠬᠦ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ | ᠬᠤᠷᠢᠶ᠎ᠠ ᠵᠠᠬᠢᠷᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠠᠯᠢ ᠣᠯᠠᠨ ᠠᠷᠭ᠎ᠠ ᠬᠡᠮᠵᠢᠶ᠎ᠡ ᠠᠪᠴᠤ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠪᠠ᠃ ᠡᠳᠡᠭᠡᠷ ᠠᠷᠭ᠎ᠠ ᠬᠡᠮᠵᠢᠶ᠎ᠡ ᠨᠢ᠄ | ᠪᠣᠭᠤᠮᠲᠠ ᠶᠢᠨ ᠲᠤᠰᠬᠠᠶ ᠠᠩᠭᠢ ᠶᠢ ᠪᠠᠶᠢᠭᠤᠯᠪᠠ︔ ᠬᠠᠮᠢᠶ᠎ᠠ ᠪᠥᠬᠦᠶ ᠰᠠᠯᠠᠭ᠎ᠠ ᠮᠥᠴᠢᠷ ᠬᠠᠮᠲᠤᠷᠠᠨ ᠲᠣᠭᠤᠷᠢᠨ | ᠪᠠᠶᠢᠴᠠᠭᠠᠵᠤ᠂ ᠬᠠᠮᠲᠤᠷᠠᠨ ᠰᠡᠷᠭᠡᠶᠢᠯᠡᠨ ᠡᠵᠡᠮᠳᠡᠪᠡ︔ ᠵᠠᠰᠠᠮᠠᠯ ᠵᠠᠮ ᠤᠨ ᠪᠣᠭᠤᠮᠲᠠ ᠶᠢᠨ ᠪᠢᠳᠡᠬᠦᠮᠵᠢᠯᠡᠨ ᠬᠠᠮᠢᠶᠠᠷᠤᠨ | ᠡᠵᠡᠮᠳᠡᠬᠦ ᠣᠷᠣᠨ ᠪᠦᠰᠡ ᠶᠢ ᠵᠠᠭᠠᠭᠯᠠᠨ ᠳᠣᠭᠳᠠᠭᠠᠪᠠ︔ ᠪᠣᠶ ᠪᠥᠬᠦᠶ ᠠᠵᠢᠯᠯᠠᠬᠤ ᠲᠣᠭᠤᠷᠢᠭ ᠤᠨ ᠳᠣᠣᠷ ᠬᠦᠷᠢᠶ᠎ᠡ᠂ | ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠮᠡᠳᠡᠷᠡᠮᠵᠢᠳᠦ ᠲᠦᠭᠰᠢᠭᠦᠷᠢ ᠮᠡᠳᠡᠭᠡᠯᠡᠬᠦ ᠰᠢᠰᠲ᠋ᠧᠮ ᠢ ᠪᠥᠬᠦ ᠲᠠᠯ᠎ᠠ ᠪᠠᠷ | ᠪᠦᠷᠬᠦᠬᠦᠯᠪᠡ︔ ᠬᠢᠷᠢ ᠬᠡᠮ ᠲᠠᠢ ᠭᠤᠷᠪᠠᠳᠠᠬᠢ ᠡᠲᠡᠭᠡᠳ ᠤᠨ ᠠᠷᠢᠭᠤᠳᠬᠠᠬᠤ ᠺᠣᠮᠫᠠᠨᠢ ᠶᠢ ᠣᠷᠣᠭᠤᠯᠤᠨ ᠠᠪᠴᠢᠷᠠᠵᠤ᠂ | ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠯ ᠢ ᠪᠥᠬᠦ ᠲᠠᠯ᠎ᠠ ᠪᠠᠷ ᠵᠢᠷᠣᠮᠵᠢᠭᠤᠯᠪᠠ︔ ᠣᠲᠣ ᠶᠢᠨ ᠪᠠᠶᠢᠭ᠎ᠠ | ᠪᠣᠭᠤᠮᠲᠠ ᠨᠡᠪᠳᠡᠷᠡᠬᠦᠯᠬᠦ ᠪᠠ ᠪᠠᠶᠢᠴᠠᠭᠠᠨ ᠰᠢᠯᠭᠠᠬᠤ ᠵᠠᠭᠪᠤᠷ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ | ᠤᠤᠯ ᠤᠨ ᠵᠠᠯᠭᠠᠵᠤ ᠳᠠᠮᠵᠢᠭᠤᠯᠬᠤ ᠲᠡᠭᠡᠭᠡᠪᠦᠷᠢ ᠶᠢᠨ ᠵᠠᠭᠪᠤᠷ ᠠᠴᠠ ᠴᠢᠩᠭᠡᠯᠢᠭ ᠢ ᠳᠡᠭᠦᠵᠢᠯᠡᠨ ᠤᠭᠰᠠᠷᠠᠬᠤ ᠲᠡᠭᠡᠭᠡᠪᠦᠷᠢ ᠶᠢᠨ | ᠵᠠᠭᠪᠤᠷ ᠪᠣᠯᠭᠠᠨ ᠥᠭᠡᠷᠡᠴᠢᠯᠡᠪᠡ︔ ᠭᠠᠶᠢᠯᠢ ᠶᠢᠨ ᠪᠣᠭᠤᠮᠲᠠ᠂ ᠬᠢᠯᠢ ᠶᠢᠨ ᠰᠡᠷᠬᠡᠶᠢᠯᠡᠯᠳᠠ ᠶᠢᠨ ᠪᠠᠶᠢᠴᠠᠭᠠᠬᠤ ᠠᠩᠬᠢ ︽ | ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠷᠢᠯᠴᠠᠨ ᠬᠠᠪᠰᠤᠷᠤᠯᠴᠠᠬᠤ᠂ ᠦᠷ᠎ᠡ ᠳ᠋ᠦᠩ ᠢ ᠬᠠᠷᠢᠯᠴᠠᠨ ᠮᠡᠳᠡᠷᠡᠬᠦ᠂ ᠬᠢᠯᠬᠢᠶᠡᠯᠡᠨ | ᠰᠢᠯᠵᠢᠬᠦᠯᠬᠦ ᠠᠴᠠ ᠨᠠᠶᠢᠯᠠᠬᠦᠯᠦᠨ ᠰᠢᠯᠵᠢᠬᠦᠯᠬᠦ︾ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠵᠠᠰᠠᠮᠠᠯ ᠵᠠᠮ ᠤᠨ | ᠪᠣᠭᠤᠮᠲᠠ ᠶᠢᠨ ᠪᠠᠶᠢᠴᠠᠭᠠᠨ ᠰᠢᠯᠭᠠᠬᠤ ᠠᠯᠬᠤᠮ ᠳᠠᠷᠠᠭᠠᠯᠠᠯ ᠢ ᠰᠢᠯᠢᠳᠡᠭᠵᠢᠭᠦᠯᠵᠦ᠂ ᠥᠯᠥ ᠬᠦᠷᠦᠯᠴᠡᠬᠦ ᠬᠡᠯᠪᠡᠷᠢ ᠶᠢᠨ | ᠪᠠᠶᠢᠴᠠᠭᠠᠨ ᠰᠢᠯᠭᠠᠯᠲᠠ ᠶᠢ ᠬᠡᠷᠡᠭᠵᠢᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ ᠲᠣᠤᠷ | ︾ ᠢ ᠪᠥᠬᠦ ᠲᠠᠯ᠎ᠠ ᠪᠠᠷ ᠨᠢᠭᠲᠠ ᠪᠥᠭᠡᠳ ᠪᠠᠲᠤ ᠪᠠᠬᠢ ᠰᠦᠯᠵᠢᠪᠡ᠃ | |