ᠯᠢᠦ ᡁᠢ ᠫᠢᠩ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠮ ᠤᠨ ᠭᠠᠳᠠᠭᠠᠳᠤ ᠭᠠᠷᠭᠠᠯᠲᠠ ᠶᠢᠨ ᠪᠣᠭᠤᠮᠲᠠ ᠪᠠᠷ ᠥᠩᠭᠡᠷᠡᠬᠦ ᠲᠤᠬᠠᠶᠢᠯᠠᠭᠰᠠᠨ ᠠᠵᠢᠯ ᠢ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/1/12
  1 ᠰᠠᠷ᠎ᠠ ᠶᠢᠨ 11 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ ᠪᠦᠯᠬᠦᠮ ᠳᠠᠭᠠᠭᠤᠯᠤᠨ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠭᠠᠷᠴᠠ ᠶᠢᠨ ᠪᠣᠭᠤᠮᠲᠠ ᠪᠠᠷ ᠨᠡᠪᠳᠡᠷᠡᠬᠦᠯᠬᠦ ᠲᠤᠬᠠᠶᠢᠯᠠᠭᠰᠠᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠵᠢᠴᠢ ᠬᠤᠲᠠ ᠶᠢᠨ ᠤᠳᠤᠷᠢᠳᠤᠯᠭ᠎ᠠ ᠵᠠᠩ ᠶᠢᠩ ᠵᠢᠶᠧ᠂ ᠵᠠᠩ ᠯᠢ ᠴᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠯᠢᠦ ᡁᠢ ᠫᠢᠩ ᠬᠤᠸᠠᠨ ᠢᠦᠢ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠵᠠᠰᠠᠮᠠᠯ ᠵᠠᠮ ᠤᠨ ᠪᠣᠭᠤᠮᠲᠠ ᠶᠢᠨ ᠲᠡᠭ ᠺᠢᠯᠣᠮᠧᠲᠷ ᠤᠨ ᠭᠠᠵᠠᠷ ᠲᠤ ᠬᠦᠷᠴᠦ᠂ ᠬᠢᠨᠠᠨ ᠡᠵᠡᠮᠰᠢᠬᠦ ᠪᠠ ᠲᠤᠬᠠᠢ ᠶᠢᠨ ᠲᠠᠯᠠᠪᠠᠢ ᠶᠢ ᠪᠠᠶᠢᠴᠠᠭᠠᠨ ᠦᠵᠡᠵᠦ᠂ ᠪᠠᠶᠢᠳᠠᠯ ᠢ ᠠᠰᠠᠭᠤᠵᠤ᠂ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠭᠠᠷᠴᠠ ᠶᠢᠨ ᠭᠠᠳᠠᠭᠠᠳᠤ ᠳᠤ ᠭᠠᠷᠭᠠᠬᠤ ᠴᠢᠩᠬᠡᠯᠢᠭ ᠠᠴᠢᠶ᠎ᠠ ᠶᠢ ᠳᠡᠭᠦᠵᠢᠯᠡᠨ ᠤᠭᠰᠠᠷᠠᠬᠤ ᠶᠢ ᠬᠢᠨᠠᠨ ᠬᠠᠮᠢᠶᠠᠷᠬᠤ ᠵᠠᠭᠪᠤᠷ᠂ ᠠᠯᠬᠤᠮ ᠶᠠᠪᠣᠴᠠ ᠪᠣᠯᠤᠨ ᠪᠤᠰᠤᠳ ᠪᠠᠶᠢᠳᠠᠯ ᠢ ᠨᠠᠷᠢᠨ ᠣᠶᠢᠯᠠᠭᠠᠪᠠ᠃     ᠯᠢᠦ ᡁᠢ ᠫᠢᠩ᠂ ᠮᠠᠨ ᠤ ᠬᠤᠲᠠ ᠪᠥᠬᠦ ᠣᠷᠣᠨ ᠤ ᠵᠠᠰᠠᠮᠠᠯ ᠵᠠᠮ ᠤᠨ ᠪᠣᠭᠤᠮᠲᠠ ᠳᠤ ᠬᠠᠮᠤᠭ ᠤᠨ ᠲᠦᠷᠦᠭᠦᠨ ᠳᠤ ᠳᠡᠭᠦᠵᠢᠯᠡᠨ ᠤᠭᠰᠠᠷᠠᠬᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠠᠪᠴᠤ ᠬᠡᠷᠡᠭᠵᠢᠬᠦᠯᠦᠭᠰᠡᠨ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠬᠤᠶ ᠪᠠᠶᠢᠳᠠᠯ ᠤᠨ ᠳᠣᠤᠷ᠎ᠠ ᠠᠪᠤᠭᠰᠠᠨ ᠰᠢᠨ᠎ᠡ ᠠᠷᠭ᠎ᠠ ᠬᠡᠮᠵᠢᠶ᠎ᠡ ᠪᠣᠯᠬᠤ ᠮᠥᠷᠲᠡᠭᠡᠨ ᠨᠠᠩ ᠴᠤ ᠰᠢᠨ᠎ᠡ ᠰᠢᠪᠲᠤᠯᠤᠯᠲᠠ᠂ ᠰᠢᠨ᠎ᠡ ᠥᠷᠢᠰᠥᠯᠳᠦᠭᠡᠨ ᠪᠣᠯᠤᠨ᠎ᠠ᠃ ᠲᠣᠰ ᠠᠷᠭ᠎ᠠ ᠬᠡᠮᠵᠢᠶ᠎ᠡ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠵᠠᠰᠠᠮᠠᠯ ᠵᠠᠮ ᠤᠨ ᠪᠣᠭᠤᠮᠲᠠ ᠶᠢᠨ ᠪᠣᠭᠤᠮᠳᠠ ᠨᠡᠪᠳᠡᠷᠡᠯᠳᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠪᠠᠷᠠᠭ᠎ᠠ ᠳᠡᠭᠡᠭᠡᠪᠣᠷᠢ ᠶᠢ ᠪᠣᠭᠤᠮᠲᠠ ᠪᠠᠷ ᠨᠡᠪᠳᠡᠷᠡᠬᠦᠯᠬᠦ ᠴᠠᠭ ᠢ ᠪᠠᠭᠠᠰᠬᠠᠨ᠂ ᠳᠤᠮᠳᠠᠳᠤ ᠮᠣᠩᠭᠤᠯ ᠤᠨ ᠬᠤᠭᠤᠷᠣᠨᠳᠣᠬᠢ ᠪᠠᠷᠠᠭᠠᠨ ᠤ ᠲᠡᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ ᠴᠢᠳᠠᠨ᠎ᠠ᠃ ᠡᠯ᠎ᠡ ᠬᠠᠷᠢᠭᠤᠴᠠᠯᠭᠠᠳᠦ ᠰᠠᠯᠠᠭ᠎ᠠ ᠮᠥᠴᠢᠷ ᠤᠳ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠪᠠᠷᠠᠭ᠎ᠠ ᠳᠡᠭᠡᠭᠡᠪᠣᠷᠢ  ᠶᠢᠨ ᠪᠣᠭᠤᠮᠲᠠ ᠪᠠᠷ ᠨᠡᠪᠳᠡᠷᠡᠬᠦᠯᠬᠦ ᠶᠢ ᠪᠠᠶᠢᠴᠠᠭᠠᠨ ᠰᠢᠯᠭᠠᠬᠤ ᠪᠠ ᠰᠡᠷᠭᠡᠶᠢᠯᠡᠨ ᠡᠵᠡᠮᠳᠡᠵᠦ ᠵᠢᠭᠰᠠᠭᠠᠨ ᠪᠠᠶᠢᠴᠠᠭᠠᠬᠤ ᠶᠢ ᠰᠠᠶᠢᠲᠤᠷ ᠬᠢᠵᠦ᠂ ᠲᠣᠰ ᠲᠣᠰ ᠤᠨ ᠬᠠᠷᠢᠭᠤᠴᠠᠯᠭ᠎ᠠ ᠪᠠᠨ ᠬᠦᠢᠴᠡᠳᠬᠡᠨ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠵᠠᠰᠠᠮᠠᠯ ᠵᠠᠮ ᠤᠨ ᠪᠣᠭᠤᠮᠲᠠ ᠶᠢᠨ ᠪᠠᠷᠠᠭ᠎ᠠ ᠳᠡᠭᠡᠭᠡᠪᠣᠷᠢ ᠶᠢᠨ ᠪᠣᠭᠤᠮᠲᠠ  ᠪᠠᠷ ᠨᠡᠪᠳᠡᠷᠡᠬᠦ ᠠᠮᠤᠷ ᠲᠦᠪᠰᠢᠨ ᠥᠨᠳᠥᠷ ᠦᠷ᠎ᠡ ᠪᠦᠲᠦᠮᠵᠢ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠦ ᠵᠢᠭᠠᠵᠦ ᠭᠠᠷᠭᠠᠪᠠ᠃    
   ᠯᠢᠦ ᡁᠢ ᠫᠢᠩ᠂ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠭᠠᠷᠴᠠ ᠶᠢᠨ ᠪᠣᠭᠤᠮᠲᠠ ᠨᠡᠪᠳᠡᠷᠡᠬᠦᠯᠬᠦ ᠲᠤᠬᠠᠶᠢᠯᠠᠭᠰᠠᠨ ᠠᠵᠢᠯ ᠢ ᠰᠡᠷᠭᠦᠭᠡᠭᠰᠡᠨ ᠤ ᠳᠠᠷᠠᠭ᠎ᠠ᠂ ᠡᠯ᠎ᠡ ᠬᠠᠷᠢᠭᠤᠴᠠᠯᠭᠠᠳᠦ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠣᠷᠢᠳᠴᠢᠯᠠᠨ ᠮᠡᠳᠡᠬᠦ ᠴᠢᠨᠠᠷ᠂ ᠰᠠᠨᠠᠭᠠᠴᠢᠯᠠᠭᠠᠲᠤ ᠴᠢᠨᠠᠷ ᠢ ᠣᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠦ᠂ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠪᠴᠢᠳᠠᠢ ᠰᠡᠷᠭᠡᠶᠢᠯᠡᠨ ᠡᠵᠡᠮᠳᠡᠵᠦ᠂ ᠭᠠᠳᠠᠨ᠎ᠠ ᠠᠴᠠ ᠬᠠᠯᠳᠠᠪᠣᠷᠢᠯᠠᠨ ᠣᠷᠣᠬᠤ ᠶᠢ ᠰᠠᠶᠢᠲᠤᠷ ᠰᠡᠷᠭᠡᠶᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠳᠣᠣᠷ ᠢ ᠨᠡᠩ  ᠨᠢᠭᠳᠠ ᠰᠦᠯᠵᠢᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠩᠭ᠎ᠠ  ᠪᠦᠭᠡᠳ ᠪᠣᠳᠠᠲᠠᠢ ᠠᠳᠬᠤᠵᠤ᠂  ᠶᠠᠮᠠᠷᠪᠠ ᠨᠢᠭᠡᠴᠡ᠂ ᠶᠠᠮᠠᠷᠪᠠ ᠠᠵᠤ ᠠᠬᠤᠶᠢᠯᠠᠯ ᠭᠡᠰᠡᠨ ᠴᠦ ᠴᠥᠮ ᠶᠡᠭᠡ ᠪᠠᠶᠢᠳᠠᠯ ᠢ ᠲᠠᠨᠢᠵᠤ᠂ ᠶᠡᠭᠡ ᠲᠠᠯ᠎ᠠ ᠶᠢ ᠬᠠᠷᠠᠭᠠᠯᠵᠠᠵᠤ᠂ ᠬᠦᠴᠦᠲᠡᠢ ᠲᠡᠮᠵᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠲᠠᠯ᠎ᠠ ᠳᠤ ᠨᠥᠬᠦᠴᠡᠯ ᠰᠢᠯᠳᠠᠭᠠᠨ ᠦᠭᠡᠢ ᠬᠠᠮᠵᠢᠯᠴᠠᠬᠤ ᠬᠡᠷᠡᠭᠲᠡᠢ᠃ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠠᠯᠤᠰ ᠬᠤᠯᠠ ᠶᠢ ᠪᠣᠳᠣᠯᠬᠢᠯᠠᠵᠤ᠂ ᠪᠦᠲᠦᠮᠵᠢᠲᠡᠢ ᠲᠤᠷᠰᠢᠯᠭ᠎ᠠ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠲᠣᠭᠲᠠᠪᠤᠷᠢᠵᠢᠭᠤᠯᠵᠤ᠂  ᠨᠠᠵᠠᠭᠠᠢ ᠳᠠᠯ᠎ᠠ ᠪᠣᠯᠤᠨ ᠳᠤᠲᠠᠭᠤᠳᠠᠯ ᠳᠠᠯ᠎ᠠ ᠪᠠᠨ ᠭᠦᠨᠵᠡᠭᠡᠢ ᠵᠠᠳᠠᠯᠵᠤ᠂ ᠨᠠᠷᠢᠨ ᠬᠢᠨᠠᠮᠠᠭᠠᠢ ᠡᠷᠢᠵᠦ᠂ ᠳᠡᠭᠦᠵᠢᠯᠡᠨ ᠤᠭᠰᠠᠷᠠᠬᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠲᠤᠷᠰᠢᠯᠭ᠎ᠠ ᠶᠢ ᠳ᠋ᠦᠩᠨᠡᠵᠦ᠂ ᠳᠡᠭᠦᠵᠢᠯᠡᠨ ᠤᠭᠰᠠᠷᠠᠬᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠳᠣᠣᠷ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢ ᠳᠠᠰᠤᠷᠠᠯᠳᠠ ᠦᠬᠡᠢ ᠳᠤᠬᠢᠷᠠᠭᠤᠯᠤᠨ ᠰᠢᠯᠢᠳᠡᠭᠵᠢᠭᠦᠯᠵᠦ᠂ ᠪᠦᠬᠦ ᠣᠷᠣᠨ ᠤ ᠪᠤᠰᠤᠳ ᠪᠣᠭᠤᠮᠲᠠ ᠬᠤᠳᠠ ᠳᠤ ᠳᠡᠭᠦᠵᠢᠯᠡᠨ ᠤᠭᠰᠠᠷᠠᠬᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠬᠡᠪ ᠵᠠᠭᠪᠤᠷ ᠢ ᠪᠤᠢ ᠪᠣᠯᠭᠠᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠲᠡᠷᠭᠡ ᠬᠥᠰᠬᠡ ᠶᠢ ᠳᠣᠭᠢᠷᠠᠭᠤᠯᠤᠨ ᠵᠢᠯᠣᠭᠤᠳᠬᠤ  ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠩ ᠰᠢᠨᠵᠢᠯᠡᠬᠦ ᠤᠬᠠᠭᠠᠨᠴᠢ᠂ ᠨᠠᠩ ᠲᠣᠳᠣᠷᠬᠠᠶ᠂ ᠨᠠᠩ ᠮᠡᠷᠭᠡᠰᠢᠭᠰᠡᠨ ᠪᠣᠯᠭᠠᠵᠤ᠂ ᠵᠠᠷᠯᠢᠭ ᠵᠢᠭᠠᠪᠤᠷᠢ ᠲᠣᠳᠣᠷᠬᠠᠶ᠂ ᠰᠢᠰᠲ᠋ᠧᠮ ᠨᠢ ᠡᠮᠬᠢ ᠵᠢᠷᠤᠮ ᠲᠠᠢ᠂  ᠵᠣᠷᠪᠣᠰ ᠬᠡᠰᠡᠭ ᠨᠢ ᠰᠢᠭᠤᠳ ᠰᠢᠯᠤᠭᠤᠨ᠂ ᠥᠨᠳᠥᠷ ᠦᠷ᠎ᠡ ᠪᠦᠲᠦᠮᠵᠢᠲᠡᠶ ᠪᠠᠷ ᠠᠵᠢᠯᠯᠠᠬᠤ᠂ ᠭᠡᠷᠡᠭᠵᠢᠬᠦᠯᠦᠯᠳᠠ ᠨᠢ ᠬᠦᠴᠦᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠣᠷᠢᠳᠴᠢᠯᠠᠨ ᠬᠢᠨᠠᠨ ᠵᠥᠪᠰᠢᠶᠡᠷᠡᠬᠦ ᠶᠢ ᠪᠠᠷᠢᠮᠲᠠᠯᠠᠨ᠂ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠵᠦ᠂ ᠬᠥᠮᠦᠰ ᠤᠨ ᠲᠥᠪᠯᠡᠷᠡᠬᠦ ᠪᠠ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号