ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠥᠨᠥᠳᠦᠷ ᠠᠴᠠ ᠡᠬᠢᠯᠡᠨ ᠵᠢᠩᠬᠢᠨᠢ ᠪᠠᠷ ᠪᠣᠭᠤᠮᠲᠠ ᠨᠡᠪᠳᠡᠷᠡᠯᠳᠠ ᠪᠠᠨ ᠰᠡᠷᠭᠦᠭᠡᠪᠡ
ᠨᠡᠶᠢᠲᠡᠯᠡᠭᠰᠡᠨ ᠴᠠᠭ᠄
2022/1/12
     ᠬᠤᠶᠠᠷ ᠰᠠᠷ᠎ᠠ ᠭᠠᠷᠤᠶ ᠶᠢᠨ ᠪᠠᠴᠢᠮ ᠶᠠᠭᠠᠷᠠᠯᠲᠠᠶ ᠪᠡᠯᠡᠳᠬᠡᠯ ᠢᠶᠠᠷ ᠳᠡᠮᠵᠢᠨ᠂ 1 ᠰᠠᠷ᠎ᠠ ᠶᠢᠨ 11 ᠤ ᠡᠳᠦᠷ᠂ ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠶᠡᠷᠦᠩᠬᠡᠶᠢᠯᠡᠨ ᠰᠣᠳᠣᠯᠣᠭᠰᠠᠨ ᠤ ᠳᠠᠷᠠᠭ᠎ᠠ᠂ ︽ᠤᠷᠢᠳᠠᠪᠠᠷ ᠬᠢᠯᠪᠠᠷ ᠠᠴᠠ ᠳᠠᠷᠠᠭ᠎ᠠ ᠨᠢ ᠬᠦᠴᠢᠷ᠂ ᠤᠷᠢᠳᠠᠪᠠᠷ ᠭᠠᠷᠭᠠᠵᠦ ᠳᠠᠷᠠᠭ᠎ᠠ ᠨᠢ ᠣᠷᠣᠭᠤᠯᠬᠤ︾ ᠵᠠᠷᠴᠢᠮ ᠶᠣᠰᠣᠭᠠᠷ ᠵᠠᠰᠠᠮᠠᠯ ᠵᠠᠮ ᠤᠨ ᠪᠣᠭᠤᠮᠲᠠ ᠶᠢᠨ ᠪᠣᠭᠤᠮᠲᠠ ᠨᠡᠪᠳᠡᠷᠡᠯᠳᠠ ᠶᠢ ᠵᠢᠩᠬᠢᠨᠢ ᠪᠠᠷ ᠰᠡᠷᠭᠦᠭᠡᠬᠦ ᠪᠠᠷ  ᠰᠢᠢᠳᠪᠡ᠃    ᠲᠤᠬᠠᠶ ᠶᠢᠨ ᠡᠳᠦᠷ᠂ ᠬᠤᠲᠠ ᠶᠢᠨ ᠬᠤᠸᠠᠨ ᠢᠦᠶ ᠪᠠᠷᠠᠭᠠᠨ ᠤ  ᠬᠦᠢᠯᠭᠡᠭᠡᠨ ᠤ ᠬᠦᠷᠢᠶᠡᠯᠡᠩ ᠳᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠴᠢᠩᠭᠡᠯᠢᠭᠳᠦ ᠲᠡᠭᠡᠭᠡᠪᠦᠷᠢ ᠶᠢᠨ ᠲᠡᠷᠭᠡ ᠨᠦᠭᠦᠳ ᠢ ᠠᠷᠢᠭᠤᠳᠬᠠᠬᠤ᠂ ᠪᠠᠶᠢᠴᠠᠭᠠᠨ ᠰᠢᠯᠭᠠᠬᠤ ᠶᠠᠪᠤᠴᠠ ᠶᠢ ᠥᠩᠭᠡᠷᠡᠭᠡᠭᠰᠡᠨ ᠤ ᠳᠠᠷᠠᠭ᠎ᠠ ᠪᠣᠭᠤᠮᠲᠠ ᠪᠠᠷ ᠤᠷᠤᠭᠰᠢᠲᠠᠶ ᠪᠠᠷ ᠥᠩᠭᠡᠷᠡᠵᠦ ᠬᠢᠯᠢ ᠠᠴᠠ ᠭᠠᠷᠪᠠ᠃ ᠵᠠᠰᠠᠮᠠᠯ ᠵᠠᠮ ᠤᠨ ᠪᠣᠭᠤᠮᠲᠠ ᠶᠢᠨ ᠪᠣᠭᠤᠮᠳᠠ ᠨᠡᠪᠳᠡᠷᠡᠯᠳᠠ ᠶᠢᠨ ᠠᠵᠢᠯ ᠢ ᠰᠡᠷᠭᠦᠭᠡᠬᠦ ᠡᠬᠢᠨ ᠤ ᠬᠤᠭᠤᠴᠠᠭᠠᠨ ᠳᠤ᠂ ᠳᠤᠮᠳᠠᠳᠤ ᠤᠯᠤᠰ ᠤᠨ ᠪᠠᠷᠠᠭ᠎ᠠ ᠳᠡᠭᠡᠭᠡᠪᠣᠷᠢ ᠶᠢᠨ ᠴᠢᠩᠭᠡᠯᠢᠭ ᠪᠠ ᠲᠠᠸᠠᠷ ᠤᠨ ᠲᠡᠷᠭᠡ ᠶᠢ ᠭᠠᠳᠠᠭᠠᠳᠤ ᠳᠤ ᠭᠠᠷᠭᠠᠬᠤ ᠶᠢ ᠬᠡᠷᠡᠭᠵᠢᠭᠦᠯᠵᠦ᠂ ᠡᠳᠦᠷ ᠪᠦᠷᠢ 30 ᠴᠢᠩᠭᠡᠯᠢᠭ ᠣᠷᠴᠢᠮ ᠭᠠᠷᠭᠠᠵᠦ᠂ ᠭᠠᠳᠠᠭᠠᠳᠤ ᠠᠴᠠ ᠣᠷᠣᠭᠤᠯᠬᠤ ᠠᠵᠢᠯ ᠢ ᠲᠦᠷ ᠥᠷᠨᠢᠭᠦᠯᠬᠦ ᠥᠬᠡᠶ᠃    ᠳᠣᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠭᠡᠨᠡᠳᠲᠡ ᠪᠠᠷ ᠡᠭᠦᠰᠦᠭᠰᠡᠨ ᠠᠴᠠ ᠨᠠᠰᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠠᠴᠠ ᠪᠣᠯᠵᠣ᠂ ᠮᠠᠨ ᠤ ᠬᠤᠲᠠ ᠶᠢᠨ ᠵᠠᠰᠠᠮᠠᠯ ᠵᠠᠮ ᠤᠨ ᠪᠣᠭᠤᠮᠲᠠ ᠡᠭᠦᠳᠡ ᠪᠠᠨ ᠬᠠᠭᠠᠭᠰᠠᠭᠠᠷ ᠢᠷᠡᠵᠡᠶ᠃ ᠵᠠᠰᠠᠮᠠᠯ ᠵᠠᠮ ᠤᠨ ᠪᠣᠭᠤᠮᠲᠠ ᠶᠢᠨ ᠪᠣᠭᠤᠮᠳᠠ ᠨᠡᠪᠳᠡᠷᠡᠯᠳᠠ ᠶᠢ ᠡᠷᠲᠡᠬᠡᠨ ᠰᠡᠷᠭᠦᠭᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠤᠯ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠵᠢᠴᠢ ᠪᠣᠭᠤᠮᠲᠠ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠠᠩᠭᠢ ᠶᠢᠨ ᠵᠢᠯᠣᠭᠤᠳᠣᠯᠭ᠎ᠠ᠂ ᠰᠢᠮᠳᠠᠭᠤᠯᠤᠨ ᠪᠠᠶᠢᠴᠠᠭᠠᠬᠤ ᠱᠠᠭᠠᠷᠳᠠᠯᠭ᠎ᠠ ᠶᠣᠰᠣᠭᠠᠷ᠂ ︽ᠨᠢᠭᠡ ᠲᠣᠭᠤᠷᠢᠭ ᠭᠤᠷᠪᠠᠨ ᠬᠦᠷᠢᠶᠡᠯᠡᠩ ᠨᠢᠭᠡ  ᠭᠠᠷᠴᠠ︾ ᠶᠢᠨ ᠲᠣᠭᠤᠷᠢᠨ ᠳᠤ᠂ ︽ᠬᠦᠷᠢᠶᠡᠯᠡᠬᠦ ᠂ ᠬᠠᠮᠢᠶᠠᠷᠬᠤ᠂ ᠬᠡᠮᠵᠢᠬᠦ᠂ ᠠᠷᠢᠭᠤᠳᠬᠠᠬᠤ᠂ ᠪᠣᠯᠪᠠᠰᠤᠷᠠᠭᠤᠯᠬᠤ᠂ ᠥᠭᠡᠷᠡᠴᠢᠯᠡᠬᠦ᠂ ᠵᠥᠪᠳᠡᠯᠴᠡᠬᠦ︾ ᠲᠤᠯᠤᠭᠠᠨ ᠲᠠᠯ᠎ᠠ ᠪᠠᠷ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠴᠢᠩᠭᠠᠳᠬᠠᠪᠠ᠃ ᠬᠤᠶᠠᠷ ᠰᠠᠷ᠎ᠠ ᠭᠠᠷᠤᠶ ᠶᠢᠨ ᠴᠠᠭ ᠢ ᠬᠡᠷᠡᠭᠯᠡᠵᠦ᠂ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠢᠯ ᠤᠨ ᠠᠯᠬᠤᠮ ᠳᠠᠷᠠᠭᠠᠯᠠᠯ᠂ ᠵᠥᠭᠡᠯᠡᠨ ᠬᠠᠲᠠᠭᠤ  ᠳᠣᠨᠣᠭᠯᠠᠯ ᠢ ᠪᠥᠬᠦ ᠲᠠᠯ᠎ᠠ ᠪᠠᠷ ᠲᠠᠰ ᠳᠡᠪᠰᠢᠭᠦᠯᠦᠨ ᠥᠭᠡᠷᠡᠴᠢᠯᠡᠵᠦ᠂ ᠰᠢᠯᠢ ᠶᠢᠨ ᠭᠤᠤᠯ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ ᠦᠨᠡᠯᠡᠨ ᠵᠢᠱᠢᠵᠦ ᠰᠢᠯᠭᠠᠨ ᠠᠪᠤᠭᠰᠠᠨ ᠤ ᠳᠠᠷᠠᠭ᠎ᠠ᠂ ᠣᠷᠣᠨ ᠠᠶᠢᠮᠠᠭ ᠬᠤᠶᠠᠷ ᠱᠠᠲᠤᠨ ᠳᠤ ᠮᠡᠳᠡᠭᠦᠯᠦᠨ ᠵᠥᠪᠰᠢᠶᠡᠷᠡᠭᠦᠯᠦᠭᠡᠳ᠂ ᠪᠣᠭᠤᠮᠲᠠ ᠨᠡᠪᠳᠡᠷᠡᠯᠳᠠ ᠶᠢᠨ ᠨᠥᠬᠦᠴᠡᠯ ᠢ ᠪᠦᠷᠢᠳᠦᠭᠦᠯᠦᠭᠰᠡᠨ ᠤ ᠳᠠᠷᠠᠭ᠎ᠠ ᠪᠣᠭᠤᠮᠲᠠ ᠪᠠᠷ ᠥᠩᠭᠡᠷᠡᠬᠦ ᠲᠤᠬᠠᠶᠢᠯᠠᠭᠰᠠᠨ ᠠᠵᠢᠯ ᠢ ᠰᠡᠷᠭᠦᠭᠡᠪᠡ᠃   ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠢᠵᠢᠭ ᠤᠨ ᠬᠢᠯᠢ ᠶᠢᠨ ᠭᠠᠳᠠᠨ᠎ᠠ ᠠᠴᠠ ᠬᠠᠯᠳᠠᠪᠣᠷᠢᠯᠠᠨ ᠣᠷᠣᠬᠤ ᠶᠢ ᠰᠡᠷᠭᠡᠶᠢᠯᠡᠬᠦ ᠶᠢᠨ ᠳᠣᠯᠠᠳᠠ᠂ ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ ᠬᠢᠨ ︽ᠭᠠᠳᠠᠨ᠎ᠠ ᠠᠴᠠ ᠬᠠᠯᠳᠠᠪᠣᠷᠢᠯᠠᠨ ᠣᠷᠣᠵᠦ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠬᠦᠰᠬᠦ ᠶᠢ ᠰᠡᠷᠭᠡᠶᠢᠯᠡᠬᠦ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠯᠢ ᠣᠯᠠᠨ ᠠᠷᠭ᠎ᠠ ᠬᠡᠮᠵᠢᠶ᠎ᠡ ᠠᠪᠴᠤ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠪᠠ᠃ ᠡᠳᠡᠭᠡᠷ ᠠᠷᠭ᠎ᠠ ᠬᠡᠮᠵᠢᠶ᠎ᠡ ᠨᠢ᠄ ᠪᠣᠭᠤᠮᠲᠠ ᠶᠢᠨ ᠲᠤᠰᠬᠠᠶ ᠠᠩᠭᠢ ᠶᠢ ᠪᠠᠶᠢᠭᠤᠯᠪᠠ︔ ᠬᠠᠮᠢᠶ᠎ᠠ ᠪᠥᠬᠦᠶ ᠰᠠᠯᠠᠭ᠎ᠠ ᠮᠥᠴᠢᠷ ᠬᠠᠮᠲᠤᠷᠠᠨ ᠲᠣᠭᠤᠷᠢᠨ ᠪᠠᠶᠢᠴᠠᠭᠠᠵᠤ᠂ ᠬᠠᠮᠲᠤᠷᠠᠨ ᠰᠡᠷᠭᠡᠶᠢᠯᠡᠨ ᠡᠵᠡᠮᠳᠡᠪᠡ︔ ᠵᠠᠰᠠᠮᠠᠯ ᠵᠠᠮ ᠤᠨ ᠪᠣᠭᠤᠮᠲᠠ ᠶᠢᠨ  ᠪᠢᠳᠡᠬᠦᠮᠵᠢᠯᠡᠨ ᠬᠠᠮᠢᠶᠠᠷᠤᠨ ᠡᠵᠡᠮᠳᠡᠬᠦ ᠣᠷᠣᠨ ᠪᠦᠰᠡ ᠶᠢ ᠵᠠᠭᠠᠭᠯᠠᠨ ᠳᠣᠭᠳᠠᠭᠠᠪᠠ︔ ᠪᠣᠶ ᠪᠥᠬᠦᠶ ᠠᠵᠢᠯᠯᠠᠬᠤ ᠲᠣᠭᠤᠷᠢᠭ ᠤᠨ ᠳᠣᠣᠷ ᠬᠦᠷᠢᠶ᠎ᠡ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠮᠡᠳᠡᠷᠡᠮᠵᠢᠳᠦ ᠲᠦᠭᠰᠢᠭᠦᠷᠢ ᠮᠡᠳᠡᠭᠡᠯᠡᠬᠦ ᠰᠢᠰᠲ᠋ᠧᠮ ᠢ ᠪᠥᠬᠦ ᠲᠠᠯ᠎ᠠ ᠪᠠᠷ ᠪᠦᠷᠬᠦᠬᠦᠯᠪᠡ︔ ᠬᠢᠷᠢ ᠬᠡᠮ ᠲᠠᠢ ᠭᠤᠷᠪᠠᠳᠠᠬᠢ ᠡᠲᠡᠭᠡᠳ ᠤᠨ ᠠᠷᠢᠭᠤᠳᠬᠠᠬᠤ ᠺᠣᠮᠫᠠᠨᠢ ᠶᠢ ᠣᠷᠣᠭᠤᠯᠤᠨ ᠠᠪᠴᠢᠷᠠᠵᠤ᠂ ᠤᠷᠢᠳᠴᠢᠯᠠᠨ ᠰᠡᠷᠭᠡᠶᠢᠯᠡᠬᠦ ᠴᠢᠨᠠᠷᠲᠠᠶ  ᠠᠷᠢᠭᠤᠳᠬᠠᠯ ᠢ ᠪᠥᠬᠦ ᠲᠠᠯ᠎ᠠ ᠪᠠᠷ  ᠵᠢᠷᠣᠮᠵᠢᠭᠤᠯᠪᠠ︔ ᠣᠲᠣ ᠶᠢᠨ ᠪᠠᠶᠢᠭ᠎ᠠ ᠪᠣᠭᠤᠮᠲᠠ ᠨᠡᠪᠳᠡᠷᠡᠬᠦᠯᠬᠦ ᠪᠠ ᠪᠠᠶᠢᠴᠠᠭᠠᠨ ᠰᠢᠯᠭᠠᠬᠤ ᠵᠠᠭᠪᠤᠷ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠤᠤᠯ ᠤᠨ ᠵᠠᠯᠭᠠᠵᠤ ᠳᠠᠮᠵᠢᠭᠤᠯᠬᠤ ᠲᠡᠭᠡᠭᠡᠪᠦᠷᠢ ᠶᠢᠨ ᠵᠠᠭᠪᠤᠷ ᠠᠴᠠ ᠴᠢᠩᠭᠡᠯᠢᠭ ᠢ ᠳᠡᠭᠦᠵᠢᠯᠡᠨ ᠤᠭᠰᠠᠷᠠᠬᠤ ᠲᠡᠭᠡᠭᠡᠪᠦᠷᠢ ᠶᠢᠨ ᠵᠠᠭᠪᠤᠷ ᠪᠣᠯᠭᠠᠨ ᠥᠭᠡᠷᠡᠴᠢᠯᠡᠪᠡ︔ ᠭᠠᠶᠢᠯᠢ ᠶᠢᠨ ᠪᠣᠭᠤᠮᠲᠠ᠂ ᠬᠢᠯᠢ ᠶᠢᠨ ᠰᠡᠷᠬᠡᠶᠢᠯᠡᠯᠳᠠ ᠶᠢᠨ ᠪᠠᠶᠢᠴᠠᠭᠠᠬᠤ ᠠᠩᠬᠢ ︽ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠷᠢᠯᠴᠠᠨ ᠬᠠᠪᠰᠤᠷᠤᠯᠴᠠᠬᠤ᠂ ᠦᠷ᠎ᠡ ᠳ᠋ᠦᠩ ᠢ ᠬᠠᠷᠢᠯᠴᠠᠨ ᠮᠡᠳᠡᠷᠡᠬᠦ᠂ ᠬᠢᠯᠬᠢᠶᠡᠯᠡᠨ ᠰᠢᠯᠵᠢᠬᠦᠯᠬᠦ ᠠᠴᠠ ᠨᠠᠶᠢᠯᠠᠬᠦᠯᠦᠨ ᠰᠢᠯᠵᠢᠬᠦᠯᠬᠦ︾ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠵᠠᠰᠠᠮᠠᠯ ᠵᠠᠮ ᠤᠨ ᠪᠣᠭᠤᠮᠲᠠ ᠶᠢᠨ ᠪᠠᠶᠢᠴᠠᠭᠠᠨ ᠰᠢᠯᠭᠠᠬᠤ ᠠᠯᠬᠤᠮ ᠳᠠᠷᠠᠭᠠᠯᠠᠯ ᠢ ᠰᠢᠯᠢᠳᠡᠭᠵᠢᠭᠦᠯᠵᠦ᠂ ᠥᠯᠥ ᠬᠦᠷᠦᠯᠴᠡᠬᠦ ᠬᠡᠯᠪᠡᠷᠢ ᠶᠢᠨ ᠪᠠᠶᠢᠴᠠᠭᠠᠨ ᠰᠢᠯᠭᠠᠯᠲᠠ ᠶᠢ ᠬᠡᠷᠡᠭᠵᠢᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ ᠲᠣᠤᠷ︾ ᠢ ᠪᠥᠬᠦ ᠲᠠᠯ᠎ᠠ ᠪᠠᠷ ᠨᠢᠭᠲᠠ ᠪᠥᠭᠡᠳ ᠪᠠᠲᠤ ᠪᠠᠬᠢ  ᠰᠦᠯᠵᠢᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号