ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠲᠤᠰᠬᠠᠶ ᠠᠩᠭᠢ ᠪᠣᠭᠤᠮᠲᠠ ᠶᠢᠨ ᠪᠢᠲᠡᠭᠦᠮᠵᠢᠯᠡᠨ ᠬᠠᠮᠢᠶᠠᠷᠬᠤ ᠲᠠᠯᠠᠪᠤᠷ ᠤᠨ ᠠᠷᠢᠭᠤᠳᠬᠠᠨ ᠠᠷᠢᠯᠭᠠᠬᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠪᠡ
ᠨᠡᠶᠢᠲᠡᠯᠡᠭᠰᠡᠨ ᠴᠠᠭ᠄
2022/1/13
   ᠰᠢᠨ᠎ᠡ  ᠲᠢᠳᠢᠮᠯᠢᠭ ᠡᠪᠡᠳᠴᠢᠨ ᠤ ᠪᠠᠺᠲ᠋ᠧᠷᠢ ᠢ ᠠᠷᠢᠯᠭᠠᠬᠤ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠢᠲᠡᠭᠦᠮᠵᠢᠯᠡᠨ ᠬᠠᠮᠢᠶᠠᠷᠬᠤ ᠶᠢᠨ ᠠᠵᠢᠯᠲᠠᠨ ᠪᠠ ᠲᠠᠯᠠᠪᠤᠷ  ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠯᠠᠳᠠ᠂ 1 ᠰᠠᠷ᠎ᠠ ᠶᠢᠨ 10 ᠤ ᠡᠳᠦᠷ᠂ ᠬᠤᠲᠠ ᠶᠢᠨ ᠰᠢᠨ᠎ᠡ ᠲᠢᠳᠢᠮᠯᠢᠭ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠷᠢᠭᠤᠳᠬᠠᠨ ᠠᠷᠢᠯᠭᠠᠬᠤ ᠠᠵᠢᠯ ᠤᠨ ᠲᠤᠰᠬᠠᠶ ᠠᠩᠭᠢ ᠨᠢᠭᠡᠳᠦᠭᠡᠷ ᠹᠷᠣᠨᠲ ᠤᠨ ᠠᠷᠢᠭᠤᠳᠬᠠᠬᠤ ᠬᠥᠮᠦᠰ ᠢ ᠵᠣᠬᠢᠶᠠᠨ ᠪᠠᠶᠢᠭᠤᠯᠵᠤ ᠰᠢᠨ᠎ᠡ ᠲᠢᠳᠢᠮᠯᠢᠭ ᠡᠪᠡᠳᠴᠢᠨ ᠤ ᠪᠠᠺᠲ᠋ᠧᠷᠢ ᠶᠢ ᠰᠡᠷᠭᠡᠶᠢᠯᠡᠨ ᠡᠵᠡᠮᠳᠡᠵᠦ ᠠᠷᠢᠭᠤᠳᠬᠠᠨ ᠠᠷᠢᠯᠭᠠᠬᠤ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠠᠩ ᠯᠢ ᠴᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
   
   ᠪᠣᠯᠪᠠᠰᠤᠷᠠᠯ ᠤᠨ ᠠᠩᠬᠢ ᠶᠢᠨ ᠠᠬᠤᠶ ᠲᠠᠯᠠᠪᠠᠢ      ᠪᠣᠯᠪᠠᠰᠤᠷᠠᠯ ᠳᠤ ᠬᠤᠲᠠ ᠶᠢᠨ ᠡᠪᠡᠳᠴᠢᠨ ᠬᠢᠵᠢᠭ   ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠰᠬᠠᠶ ᠮᠡᠷᠭᠡᠵᠢᠯ ᠤᠨ ᠠᠷᠢᠭᠤᠳᠬᠠᠨ ᠠᠷᠢᠯᠭᠠᠬᠤ ᠬᠥᠮᠦᠰ ᠠᠴᠠ ᠬᠢᠴᠢᠶᠡᠯ ᠣᠷᠣᠵᠤ᠂ ᠣᠨᠣᠯ ᠤᠨ ᠪᠣᠯᠪᠠᠰᠤᠷᠠᠯ ᠪᠠ ᠲᠤᠬᠠᠶ ᠶᠢᠨ ᠲᠠᠯᠠᠪᠤᠷ ᠤᠨ ᠪᠣᠳᠠᠲᠠᠶ ᠪᠣᠯᠪᠠᠰᠤᠷᠠᠯ ᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠠᠷᠢᠭᠤᠳᠬᠠᠬᠤ ᠦᠨᠳᠦᠰᠦᠨ ᠮᠡᠳᠡᠯᠭᠡ᠂ ᠠᠩᠬᠠᠷᠬᠤ  ᠵᠦᠢᠯ᠂ ᠠᠷᠢᠭᠤᠳᠬᠠᠬᠤ ᠰᠢᠩᠭᠡᠨ ᠤ ᠬᠠᠷᠢᠴᠠᠯ᠂ ᠠᠷᠢᠭᠤᠳᠬᠠᠬᠤ ᠠᠷᠭ᠎ᠠ᠂ ᠠᠷᠢᠭᠤᠳᠬᠠᠬᠤ  ᠠᠯᠬᠤᠮ ᠳᠠᠷᠠᠭ᠎ᠠ ᠵᠡᠷᠭᠡ ᠲᠤᠰᠬᠠᠶ ᠮᠡᠷᠭᠡᠵᠢᠯ ᠤᠨ ᠮᠡᠳᠡᠯᠭᠡ ᠳᠤ ᠨᠠᠷᠢᠨ ᠲᠠᠶᠢᠯᠪᠤᠷᠢᠯᠠᠯᠲᠠ ᠬᠢᠵᠦ᠂ ᠬᠠᠮᠠᠭᠠᠯᠠᠯᠲᠠ ᠶᠢᠨ ᠬᠤᠪᠴᠠᠰᠤ ᠪᠠᠨ ᠲᠠᠶᠢᠯᠬᠤ᠂ ᠲᠤᠯᠤᠭᠠᠨ ᠠᠯᠬᠤᠮ ᠤᠨ ᠭᠠᠷ ᠤᠬᠢᠶᠠᠬᠤ ᠠᠷᠭ᠎ᠠ᠂ ᠦᠷᠭᠦᠯᠵᠢ ᠠᠷᠢᠭᠤᠳᠬᠠᠬᠤ ᠰᠦᠷᠴᠢᠭᠦᠷ ᠢ ᠬᠡᠷᠡᠭᠯᠡᠬᠦ ᠠᠷᠭ᠎ᠠ ᠶᠢ ᠳᠦᠷᠢᠮᠵᠢᠭᠦᠯᠬᠦ ᠳᠤ ᠲᠤᠬᠠᠶ ᠶᠢᠨ ᠲᠠᠯᠠᠪᠤᠷ ᠲᠤ ᠪᠣᠳᠠᠲᠠᠶ ᠪᠣᠯᠪᠠᠰᠤᠷᠠᠯ ᠤᠨ ᠦᠵᠡᠭᠦᠯᠦᠯᠭᠡ ᠬᠢᠵᠡᠶ᠃  
   ᠲᠤᠬᠠᠶ ᠶᠢᠨ ᠭᠠᠵᠠᠷ ᠤᠨ ᠦᠵᠡᠭᠦᠯᠦᠯᠭᠡ        ᠬᠤᠷᠠᠯ ᠠᠴᠠ᠂ ᠰᠢᠨ᠎ᠡ ᠲᠢᠳᠢᠮᠯᠢᠭ ᠪᠠᠺᠲ᠋ᠧᠷᠢ ᠶᠢ ᠰᠡᠷᠭᠡᠶᠢᠯᠡᠨ ᠡᠵᠡᠮᠳᠡᠬᠦ ᠠᠷᠢᠭᠤᠳᠬᠠᠨ ᠠᠷᠢᠯᠭᠠᠬᠤ ᠪᠣᠯ ᠨᠢᠭᠡ  ᠵᠦᠢᠯ ᠤᠨ ᠲᠤᠰᠬᠠᠶ ᠮᠡᠷᠭᠡᠵᠢᠯ ᠤᠨ ᠴᠢᠨᠠᠷ ᠢᠶᠠᠷ ᠮᠠᠰᠢ ᠴᠢᠩᠭ᠎ᠠ ᠠᠵᠢᠯ ᠮᠥᠨ᠂ ᠪᠣᠯᠪᠠᠰᠤᠷᠠᠯ ᠳᠤ ᠣᠷᠣᠯᠴᠠᠭᠰᠠᠨ ᠪᠥᠬᠦ ᠬᠥᠮᠦᠰ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠮᠢᠨᠴᠦᠭᠦᠷᠡᠨ ᠲᠠᠶᠢᠪᠤᠰᠢᠷᠠᠬᠤ ᠶᠢ ᠲᠠᠰᠤ ᠵᠣᠭᠰᠣᠭᠠᠵᠤ᠂ ᠠᠷᠢᠭᠤᠳᠬᠠᠬᠤ ᠶᠠᠪᠤᠴᠠ ᠳᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠲᠤᠰᠬᠠᠶ ᠮᠡᠷᠭᠡᠵᠢᠯ ᠤᠨ ᠮᠡᠳᠡᠯᠭᠡ ᠶᠢ ᠴᠢᠷᠮᠠᠶᠢᠨ ᠡᠵᠡᠮᠰᠢᠵᠦ᠂ ᠪᠣᠯᠪᠠᠰᠤᠷᠠᠭᠤᠯᠤᠯ ᠤᠨ ᠰᠣᠷᠣᠭᠰᠠᠨ ᠣᠨᠣᠯ ᠤᠨ ᠮᠡᠳᠡᠯᠭᠡ ᠪᠠ ᠪᠣᠳᠠᠲᠠᠶ ᠪᠣᠯᠪᠠᠰᠤᠷᠠᠯ ᠤᠨ ᠮᠡᠷᠭᠡᠵᠢᠯ ᠪᠦᠬᠦᠨ ᠢ ᠪᠣᠳᠠᠲᠠᠶ ᠬᠢᠬᠦ ᠶᠠᠪᠤᠴᠠ ᠳᠤ ᠨᠠᠶᠢᠳᠠᠪᠤᠷᠢᠵᠢᠭᠤᠯᠤᠨ᠂ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠬᠢᠵᠦ᠂ ᠠᠷᠢᠭᠤᠳᠬᠠᠬᠤ ᠠᠵᠢᠯ ᠢ ᠨᠠᠷᠢᠨ ᠣᠨᠣᠪᠴᠢᠲᠠᠶ ᠥᠷᠨᠢᠭᠦᠯᠬᠦ ᠬᠡᠷᠡᠭᠲᠡᠶ ᠭᠡᠪᠡ᠃    ᠡᠯ᠎ᠡ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠡᠮᠦᠷ ᠵᠠᠮ ᠤᠨ ᠲᠡᠷᠭᠡᠨ ᠥᠷᠲᠡᠭᠡ᠂ ᠲᠤᠰᠠᠭᠠᠷᠯᠠᠬᠤ ᠪᠠᠭᠤᠳᠠᠯ ᠵᠡᠷᠭᠡ ᠠᠷᠢᠭᠤᠳᠬᠠᠨ ᠠᠷᠢᠯᠭᠠᠬᠤ ᠠᠵᠢᠯ ᠢ ᠡᠷᠭᠢᠯᠡᠵᠦ ᠪᠠᠶᠢᠭ᠎ᠠ ᠠᠵᠢᠯᠲᠠᠳ ᠪᠣᠯᠪᠠᠰᠤᠷᠠᠭᠤᠯᠤᠯ ᠳᠤ  ᠤᠷᠤᠯᠴᠠᠪᠠ᠃  
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号