ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠮᠠᠨ ᠤ ᠬᠤᠲᠠ ᠳᠤ ᠢᠷᠡᠵᠦ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/1/18
   1 ᠳ᠋ᠣᠭᠡᠷ ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠪᠦᠯᠬᠦᠮ ᠳᠠᠭᠠᠭᠤᠯᠤᠨ ᠮᠠᠨ ᠤ ᠬᠤᠲᠠ ᠳᠤ ᠢᠷᠡᠵᠦ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠨ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠬᠠᠮᠤᠭ ᠤᠨ ᠰᠢᠨ᠎ᠡ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠷᠢᠨ ᠨᠢᠮᠪᠠᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ᠂ ᠬᠦᠴᠦᠲᠡᠶ ᠪᠥᠭᠡᠳ ᠪᠦᠲᠦᠮᠵᠢᠲᠡᠶ ᠪᠠᠷ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃      ᠪᠦᠦ ᠰᠢᠶᠠᠨ ᠬᠤᠸᠠ ᠨᠠᠷ ᠤᠷᠢᠳ ᠬᠤᠵᠢᠳ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠳᠣᠪᠴᠢᠶ᠎ᠠ ᠶᠢᠨ ᠬᠢᠨᠠᠨ ᠡᠵᠡᠮᠳᠡᠬᠦ ᠲᠥᠪ᠂ ᠬᠤᠸᠠᠨ ᠢᠦᠢ ᠪᠠᠷᠠᠭᠠᠨ ᠤ ᠭᠦᠢᠯᠭᠡᠭᠡᠨ ᠤ ᠲᠣᠭᠤᠷᠢᠭ᠂ ᠬᠤᠢ ᠲᠦᠩ ᠪᠠᠷᠠᠭᠠᠨ ᠤ ᠭᠦᠢᠯᠭᠡᠭᠡᠨ ᠤ  ᠲᠣᠭᠤᠷᠢᠭ᠂ ᠬᠤᠤ ᠭᠠᠩ ᠪᠠᠷᠠᠭᠠᠨ ᠤ ᠭᠦᠢᠯᠭᠡᠭᠡᠨ ᠤ ᠲᠣᠭᠤᠷᠢᠭ᠂ ᠹᠦ᠋ ᠺᠠᠢ ᠶᠢᠨ ᠲᠥᠪᠯᠡᠷᠡᠭᠦᠯᠦᠨ ᠲᠤᠰᠠᠭᠠᠷᠯᠠᠬᠤ ᠪᠠᠭᠤᠳᠠᠯ᠂ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠬᠡᠯᠪᠡᠷᠢ ᠪᠠᠷ ᠳᠠᠮᠵᠢᠭᠤᠯᠵᠤ᠂ ᠳᠡᠭᠡᠷ᠎ᠡ ᠤᠳᠠᠭ᠎ᠠ ᠶᠢᠨ ᠬᠢᠨᠠᠨ ᠵᠢᠯᠣᠭᠤᠳᠴᠤ ᠪᠠᠶᠢᠴᠠᠭᠠᠬᠤ ᠶᠠᠪᠤᠴᠠ ᠳᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠱᠠᠯᠠᠪᠳᠠᠭᠤᠯᠤᠨ ᠪᠠᠶᠢᠴᠠᠭᠠᠯᠲᠠ ᠬᠢᠵᠡᠢ᠃      ᠳᠣᠬᠠᠢ ᠶᠢᠨ ᠭᠠᠵᠠᠷ ᠲᠤᠨᠢ ᠰᠢᠪᠠᠳᠠᠨ ᠵᠢᠯᠣᠭᠤᠳᠴᠤ ᠪᠠᠶᠢᠴᠠᠭᠠᠭᠰᠠᠨ ᠤ ᠳᠠᠷᠠᠭ᠎ᠠ᠂ ᠪᠦᠦ ᠰᠢᠶᠠᠨ ᠬᠤᠸᠠ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠦᠢᠴᠡᠳ ᠨᠤᠲᠠᠯᠠᠪᠠ᠃ ᠲᠡᠷᠡ᠂ ᠡᠷᠢᠶᠡᠨ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠲᠦᠷᠢᠮ᠂ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠮᠡᠷᠭᠡᠵᠢᠯ ᠤᠨ ᠠᠷᠭ᠎ᠠ ᠪᠠᠷᠢᠯ ᠢ ᠬᠦᠢᠴᠡᠳ ᠠᠰᠢᠭᠯᠠᠨ ᠬᠠᠮᠢᠶᠠᠷᠤᠨ ᠡᠵᠡᠮᠳᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ︽ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ︾ ᠶᠢ ᠬᠠᠷᠢᠯᠴᠠᠨ ᠨᠥᠬᠦᠪᠥᠷᠢᠯᠡᠬᠦ᠂ ᠣᠷᠭᠠᠨᠢᠭ ᠢᠶᠠᠷ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠶ᠃ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠮᠡᠳᠡᠭᠡ ᠵᠠᠩᠭᠢ ᠶᠢᠨ ᠰᠢᠰᠲ᠋ᠧᠮ ᠯᠦᠭᠡ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠬᠦ ᠬᠡᠷᠡᠭᠲᠡᠶ᠃ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠡᠮᠨᠡᠨ ᠠᠪᠤᠷᠠᠬᠤ᠂ ᠲᠥᠪᠯᠡᠷᠡᠭᠦᠯᠦᠨ ᠲᠤᠰᠠᠭᠠᠷᠯᠠᠬᠤ ᠵᠡᠷᠭᠡ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠷᠢᠭᠤᠳᠬᠠᠬᠤ ᠶᠠᠪᠣᠴᠠ ᠶᠢ ᠵᠢᠷᠤᠮᠵᠢᠭᠤᠯᠵᠤ ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠬᠢᠵᠢᠭᠦᠯᠬᠦ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠢ᠃ ᠤᠯᠠᠨ ᠲᠠᠯ᠎ᠠ ᠪᠠᠷ ᠬᠦᠨᠳᠡᠬᠦ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠡᠷᠲᠡ ᠠᠴᠠ ᠪᠠᠶᠢᠴᠠᠭᠠᠬᠤ᠂ ᠡᠷᠲᠡ ᠠᠴᠠ ᠢᠯᠡᠷᠡᠭᠦᠯᠬᠦ᠂ ᠡᠷᠲᠡ ᠠᠴᠠ ᠰᠡᠷᠡᠮᠵᠢᠯᠡᠭᠦᠯᠬᠦ᠂ ᠡᠷᠲᠡ ᠠᠴᠠ ᠰᠢᠢᠳᠪᠦᠷᠢᠯᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠱᠠᠯᠠᠪᠳᠠᠭᠤᠯᠤᠨ ᠵᠢᠯᠣᠭᠤᠳᠬᠤ᠂ ᠮᠥᠷᠳᠡᠨ ᠠᠰᠠᠭᠤᠬᠤ ᠦᠷ᠎ᠡ ᠪᠦᠲᠦᠮᠵᠢ ᠶᠢᠨ ᠬᠡᠮᠵᠢᠶ᠎ᠡ ᠶᠢ ᠴᠢᠩᠭᠠᠳᠬᠠᠵᠤ᠂ ᠪᠦᠬᠦ ᠬᠡᠯᠬᠢᠶ᠎ᠡ᠂ ᠡᠯ᠎ᠡ ᠭᠤᠭᠴᠤᠭ᠎ᠠ ᠶᠢᠨ ᠠᠵᠢᠯ ᠢ ᠨᠡᠬᠡᠮᠵᠢᠯᠡᠬᠦ᠂ ᠬᠢᠨᠠᠯᠲᠠ ᠲᠠᠯᠪᠢᠵᠤ ᠪᠠᠶᠢᠴᠠᠭᠠᠬᠤ ᠶᠢ ᠪᠦᠬᠦᠨ ᠢ ᠬᠠᠮᠤᠷᠬᠤ ᠶᠢ ᠪᠠᠲᠤᠯᠠᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠵᠦ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃           ᠬᠢᠨᠠᠨ ᠵᠢᠯᠣᠭᠤᠳᠴᠤ ᠪᠠᠶᠢᠴᠠᠭᠠᠬᠤ ᠶᠠᠪᠤᠴᠠ ᠳᠤ᠂ ᠯᠢᠦ ᡁᠢ ᠫᠢᠩ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ᠡᠷᠬᠡᠪᠰᠢ ᠲᠤᠰ ᠤᠳᠠᠭ᠎ᠠ ᠶᠢᠨ ᠬᠢᠨᠠᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠬᠢᠨᠠᠨ ᠵᠢᠯᠣᠭᠤᠳᠬᠤ ᠳᠤᠭᠤᠶᠢᠯᠠᠩ ᠤᠨ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠰᠠᠨᠠᠯ ᠢ ᠴᠢᠩᠭ᠎ᠠ ᠨᠠᠶᠢᠳᠠᠪᠤᠷᠢᠵᠢᠭᠤᠯᠵᠤ᠂ ᠢᠯᠡᠭᠦᠬᠡᠨ ᠠᠰᠠᠭᠤᠨ ᠯᠠᠪᠯᠠᠵᠤ᠂ ᠢᠯᠡᠭᠦᠬᠡᠨ ᠰᠤᠷᠤᠯᠴᠠᠵᠤ᠂ ᠭᠡᠮ ᠰᠣᠭᠤᠭ ᠪᠠ ᠳᠤᠲᠠᠭᠳᠠᠯ ᠢ ᠲᠠᠬᠢᠨ ᠳᠠᠪᠲᠠᠨ ᠡᠷᠢᠵᠦ᠂ ᠳᠤᠲᠠᠭᠤᠳᠠᠯ ᠪᠠ ᠪᠠᠭᠤᠷᠠᠢ ᠲᠠᠯ᠎ᠠ ᠪᠠᠨ ᠴᠠᠭ ᠲᠤᠬᠠᠢ ᠳᠤᠨᠢ ᠨᠥᠬᠦᠪᠥᠷᠢᠯᠡᠵᠦ᠂ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠲᠦᠪᠰᠢᠨ ᠢᠶᠠᠨ ᠦᠨᠡᠨᠬᠦ ᠳᠡᠭᠡᠭᠰᠢᠯᠡᠭᠦᠯᠵᠦ᠂ ᠪᠣᠭᠤᠮᠲᠠ ᠶᠢᠨ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠪᠠ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号