ᠠᠮᠣᠷ ᠳᠠᠶᠢᠪᠣᠩ ᠡᠷᠢᠶᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯᠳᠣᠭᠠᠨ ᠵᠢᠴᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/19
        1 ᠰᠠᠷ᠎ᠠ ᠶᠢᠨ 18 ᠤ ᠡᠳᠦᠷ᠂ ᠠᠮᠣᠷ ᠳᠠᠶᠢᠪᠣᠩ ᠡᠷᠢᠶᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯᠳᠣᠭᠠᠨ ᠵᠢᠴᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠬᠤᠷᠠᠯᠳᠤᠪᠠ᠃ ᠰᠢ ᠶᠢᠨ ᠫᠢᠩ ᠶᠡᠷᠦᠩᠬᠡᠶ ᠱᠦᠵᠢ ᠶᠢᠨ ᠠᠮᠤᠷ ᠳᠠᠶᠢᠪᠣᠩ ᠳᠤᠮᠳᠠᠳᠤ ᠤᠯᠤᠰ ᠤᠨ ᠪᠦᠳᠦᠬᠡᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠰᠢᠯᠢᠳᠡᠭ ᠰᠦᠯᠵᠢᠶᠡᠨ ᠤ ᠠᠵᠢᠯᠲᠠᠨ ᠢ ᠬᠥᠬᠢᠭᠦᠯᠦᠨ ᠰᠠᠶᠢᠰᠢᠶᠠᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠠᠬᠢᠭᠤᠯᠵᠤ᠂ ︽ᠠᠮᠢᠨ ᠬᠡᠷᠡᠭ ᠦᠭᠡᠢ ᠬᠤᠲᠠ︾ ᠶᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠠᠮᠣᠷ ᠳᠠᠶᠢᠪᠣᠩ ᠡᠷᠢᠶᠡᠨ ᠤ ᠪᠦᠲᠦᠭᠡᠨ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠳᠥᠯᠭᠢᠨ ᠠᠬᠢᠭᠤᠯᠤᠨ᠎ᠠ᠃        ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ᠂ ᠬᠤᠲᠠ ᠶᠢᠨ ᠤᠳᠤᠷᠢᠳᠤᠯᠭ᠎ᠠ ᠴᠧᠨ ᠢᠦᠶ ᠴᠧᠩ᠂ ᠸᠠᠩ ᠳ᠋ᠦᠩ ᠱᠧᠩ᠂ ᠰᠢᠯᠢᠨᠪᠠᠭᠠᠳᠣᠷ᠂ ᠢᠦᠶ ᠬᠤᠩ ᠯᠢ᠂ ᠵᠠᠩ ᠴᠦᠨ ᠬᠤᠸᠠᠨ ᠬᠤᠷᠠᠯ ᠳᠤ ᠣᠷᠣᠯᠴᠠᠪᠠ᠃    
                ᠬᠤᠷᠠᠯ ᠤᠨ ᠠᠬᠤᠶ ᠲᠠᠯᠠᠪᠠᠢ        ᠬᠤᠷᠠᠯ ᠠᠴᠠ᠂ 2021 ᠣᠨ ᠠᠴᠠ ᠨᠠᠰᠢ᠂ ᠮᠠᠨ ᠤ ᠬᠤᠲᠠ ᠶᠢᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠲᠦᠷᠭᠡᠨ ᠠᠬᠢᠴᠠ ᠲᠠᠢ ᠪᠣᠯᠵᠣ᠂ ︽ᠠᠮᠢᠨ ᠬᠡᠷᠡᠭ ᠥᠬᠡᠶ︾ ᠪᠠᠶᠢᠳᠠᠯ ᠢ ᠪᠡᠶᠡᠯᠡᠭᠦᠯᠪᠡ᠃ ᠪᠦᠬᠦ ᠬᠤᠳᠠ ᠶᠢᠨ ᠡᠯ᠎ᠡ ᠰᠠᠯᠠᠭ᠎ᠠ ᠮᠥᠴᠢᠷ ᠤᠨ ᠬᠢᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠳᠤᠲᠠᠭᠤᠳᠠᠯ ᠬᠦᠷᠦᠯᠴᠡᠬᠦ ᠦᠭᠡᠢ ᠲᠠᠯ᠎ᠠ ᠶᠢ ᠭᠦᠨᠵᠡᠭᠡᠢ ᠡᠷᠭᠢᠴᠡᠭᠦᠯᠦᠨ ᠪᠣᠳᠣᠯᠬᠢᠯᠠᠵᠤ᠂ ︽ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃    
           ᠬᠥᠬᠢᠭᠦᠯᠦᠨ ᠰᠠᠶᠢᠰᠢᠶᠠᠬᠤ ᠲᠤᠬᠠᠶ ᠶᠢᠨ ᠲᠠᠯᠠᠪᠠᠢ        ᠬᠤᠷᠠᠯ ᠠᠴᠠ᠂ ᠪᠦᠬᠦ ᠬᠤᠳᠠ ᠶᠢᠨ ᠡᠯ᠎ᠡ ᠰᠠᠯᠠᠭ᠎ᠠ ᠮᠥᠴᠢᠷ ᠤᠨ ᠬᠢᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠠᠮᠤᠷ ᠳᠠᠶᠢᠪᠣᠩ ᠡᠷᠢᠶᠡᠨ ᠤ ᠪᠦᠳᠦᠬᠡᠨ ᠪᠠᠶᠢᠭᠤᠯᠤᠯᠲᠠ ᠶᠢᠨ ᠴᠢᠬᠤᠯᠠ ᠡᠭᠦᠷᠭᠡ ᠪᠣᠯᠭᠠᠵᠤ᠂ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠨᠴᠠᠭᠠᠢ ᠬᠥᠮᠦᠰ ᠲᠤ ᠦᠢᠯᠡᠴᠢᠯᠡᠬᠦ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠨᠢᠭᠲᠠ ᠪᠠᠶᠢᠭᠤᠯᠵᠤ᠂ ᠲᠣᠣᠷᠵᠢᠭᠤᠯᠤᠭᠰᠠᠨ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠠᠮᠢᠨ ᠬᠡᠷᠡᠭ ᠤᠨ ︽ᠰᠡᠷᠭᠡᠶᠢᠯᠡᠵᠦ ᠪᠣᠯᠬᠤ᠂ ᠡᠵᠡᠮᠳᠡᠵᠦ ᠪᠣᠯᠬᠤ᠂ ᠪᠠᠭᠤᠷᠠᠭᠤᠯᠵᠤ ᠪᠣᠯᠬᠤ︾ ᠢᠲᠡᠭᠡᠯ ᠵᠣᠷᠢᠭ ᠢ ᠪᠠᠲᠤ ᠪᠣᠶ ᠪᠣᠯᠭᠠᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠵᠤ᠂ ᠳᠤᠲᠠᠭᠤᠳᠠᠯ ᠢ ᠨᠥᠬᠦᠪᠥᠷᠢᠯᠡᠵᠦ᠂ ᠳᠤᠲᠠᠭᠳᠠᠯ ᠢ ᠪᠥᠭᠯᠡᠵᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠲᠤ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃        ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠠᠮᠤᠷ ᠢ ᠬᠠᠮᠠᠭᠠᠯᠠᠬᠤ ᠰᠡᠷᠭᠡᠶᠢᠯᠡᠨ ᠶᠡᠷᠦᠩᠬᠡᠶᠢᠯᠡᠨ ᠵᠠᠰᠠᠬᠤ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠲᠦᠪᠰᠢᠨ ᠢᠶᠠᠨ ᠦᠨᠡᠨᠬᠦ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠵᠤ᠂ ᠥᠨᠳᠥᠷ ᠪᠠᠶᠢᠷᠢ ᠲᠠᠢ ᠥᠨᠳᠥᠷ ᠳᠠᠷᠤᠯᠲᠠ ᠲᠠᠢ ᠪᠠᠷ ᠠᠬᠢᠭᠤᠯᠵᠤ᠂ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠶᠢ ᠴᠢᠩᠭᠠᠳᠬᠠᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠪᠥᠭᠡᠳ ᠨᠠᠷᠢᠨ ᠠᠳᠬᠤᠵᠤ᠂ ᠪᠣᠭᠤᠮᠲᠠ ᠶᠢᠨ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠲᠤᠪᠤᠶᠢᠮ᠎ᠠ ᠢᠯᠡᠷᠡᠯ ᠲᠠᠢ 45 ᠰᠢᠯᠢᠳᠡᠭ ᠰᠦᠯᠵᠢᠶᠡᠨ ᠤ ᠠᠵᠢᠯᠳᠠᠨ ᠢ ᠬᠥᠬᠢᠭᠦᠯᠦᠨ ᠰᠠᠶᠢᠰᠢᠶᠠᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号