︽ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠰᠤᠯᠠᠷᠠᠭᠤᠯᠤᠯ ᠥᠬᠡᠶ︾  ᠬᠤᠸᠠᠨ ᠢᠦᠶ ᠪᠠᠷᠠᠭᠠᠨ ᠤ ᠬᠦᠢᠯᠭᠡᠭᠡᠨ ᠤ ᠳᠣᠭᠤᠷᠢᠭ ᠤᠨ ᠪᠢᠲᠡᠭᠦᠤ ᠡᠵᠡᠮᠰᠢᠯᠳᠦ ᠬᠠᠮᠢᠶᠠᠷᠤᠯᠲᠠ ᠶᠢᠨ ᠣᠷᠣᠨ ᠤ ᠲᠦᠷ ᠴᠠᠭ ᠤᠨ ᠨᠠᠮ ᠤᠨ ᠡᠭᠦᠷ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢᠯᠡᠯᠲᠡ ᠶᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2022/1/21
      ᠨᠢᠭᠡᠨ ᠨᠠᠮ ᠤᠨ ᠭᠡᠰᠢᠭᠦᠨ ᠪᠣᠯ ᠳᠠᠷᠤᠶ ᠨᠢᠭᠡᠨ ᠲᠤᠬ ᠮᠥᠨ᠂ ᠨᠢᠭᠡᠨ ᠨᠠᠮ ᠤᠨ ᠡᠭᠦᠷ ᠪᠣᠯ ᠳᠠᠷᠤᠶ ᠨᠢᠭᠡᠨ ᠪᠠᠬᠢᠯᠡᠯᠲᠡ ᠮᠥᠨ᠃ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠠᠩᠬᠢ ᠲᠦᠷ ᠴᠠᠭ ᠤᠨ ᠨᠠᠮ ᠤᠨ ᠡᠭᠦᠷ ᠢ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠳᠣᠭᠤᠷᠢᠭ ᠤᠨ ᠪᠢᠲᠡᠭᠦᠦ ᠡᠵᠡᠮᠰᠢᠯᠳᠦ ᠬᠠᠮᠢᠶᠠᠷᠤᠯᠲᠠ ᠶᠢᠨ ᠲᠣᠭᠤᠷᠢᠭ ᠲᠤ ᠪᠠᠶᠢᠭᠤᠯᠵᠤ᠂  ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠳᠦ ᠴᠣᠭᠴᠠᠯᠠᠪᠠ᠃        ᠭᠠᠯ ᠤᠯᠠᠭᠠᠨ ᠨᠠᠮ ᠤᠨ ᠲᠤᠭ ᠪᠣᠭᠤᠮᠲᠠ ᠶᠢᠨ ᠬᠢᠵᠢᠭ ᠢ ᠰᠡᠷᠭᠡᠶᠢᠯᠡᠬᠦ ︽ᠭᠠᠯ ᠹᠷᠣᠨᠲ︾ ᠳᠡᠭᠡᠷ᠎ᠡ ᠨᠠᠮᠢᠷᠠᠨ᠎ᠠ᠃ ᠬᠤᠸᠠᠨ ᠢᠦᠶ ᠪᠠᠷᠠᠭᠠᠨ ᠤ ᠭᠦᠢᠯᠭᠡᠭᠡᠨ ᠤ ᠳᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠠᠵᠢᠯ ᠤᠨ ᠳᠤᠭᠤᠶᠢᠯᠠᠩ ᠲᠡᠷᠡ ᠳᠠᠷᠤᠶ ᠳᠤᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠢᠶᠡᠨ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠵᠥᠪᠯᠡᠯ ᠳᠤ ᠭᠤᠶᠤᠴᠢᠯᠠᠯ ᠭᠠᠷᠭᠠᠵᠤ᠂ ᠬᠤᠸᠠᠨ ᠢᠦᠢ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠪᠢᠲᠡᠭᠦᠦ ᠡᠵᠡᠮᠰᠢᠯᠳᠦ ᠬᠠᠮᠢᠶᠠᠷᠤᠯᠲᠠ ᠶᠢᠨ ᠲᠣᠭᠤᠷᠢᠭ ᠲᠤ ᠲᠦᠷ ᠴᠠᠭ ᠤᠨ ᠨᠠᠮ ᠤᠨ ᠡᠭᠦᠷ ᠢ ᠪᠠᠶᠢᠭᠤᠯᠵᠤ᠂ ᠨᠠᠮ ᠤᠨ ᠲᠤᠭ ᠢ ᠬᠢᠯᠢ ᠶᠢᠨ ᠪᠣᠭᠤᠮᠲᠠ ᠶᠢᠨ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠤ ᠢᠯᠡ ᠲᠣᠳᠣᠷᠬᠠᠢ ᠪᠠᠷ ᠣᠷᠣᠭᠤᠯᠵᠤ᠂ ᠪᠦᠬᠦ ᠠᠵᠢᠯᠲᠠᠳ ᠤᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠤᠨ᠎ᠠ᠃  
 
    ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ ᠰᠠᠨᠠᠭᠠᠯᠵᠠᠪᠠ    ᠨᠢᠭᠡ ᠡᠭᠦᠷ ᠪᠣᠯ ᠨᠢᠭᠡ ᠪᠠᠬᠢᠯᠡᠯᠲᠡ ᠮᠥᠨ᠃ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠣᠷᠣᠨ ᠳᠤ᠂ ᠬᠤᠸᠠᠨ ᠢᠦᠢ ᠲᠤᠰᠬᠠᠢ ᠠᠩᠬᠢ ᠶᠢᠨ ᠲᠦᠷ ᠴᠠᠭ ᠤᠨ ᠨᠠᠮ ᠤᠨ ᠡᠭᠦᠷ ᠤᠨ ᠬᠢᠨ ᠨᠠᠮ ᠤᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ᠂ ᠦᠵᠡᠯ ᠰᠠᠨᠠᠭ᠎ᠠ ᠶᠢ ᠨᠢᠭᠡᠳᠬᠡᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠣᠷᠣᠵᠤ ᠰᠠᠭᠤᠭᠰᠠᠨ ᠨᠢᠭᠡᠴᠡ ᠶᠢᠨ ᠡᠮᠬᠢ ᠵᠢᠷᠤᠮ ᠲᠠᠢ ᠪᠦᠲᠦᠮᠵᠢᠲᠡᠢ ᠠᠵᠢᠯ ᠢᠶᠠᠨ ᠥᠷᠨᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠵᠢᠷᠤᠮᠵᠢᠭᠰᠠᠨ ᠠᠵᠢᠯ ᠤᠨ ᠶᠠᠪᠤᠴᠠ ᠶᠢ ᠲᠣᠭᠲᠠᠭᠠᠵᠤ᠂ ᠨᠠᠷᠢᠨ ᠵᠦᠢᠯᠡᠰ ᠨᠢᠭᠡᠪᠦᠷᠢ ᠶᠢ ᠨᠠᠷᠢᠯᠢᠭ ᠨᠢᠮᠪᠠᠶ᠂ ᠭᠤᠭᠴᠤᠭ᠎ᠠ ᠨᠢᠭᠡᠪᠦᠷᠢ ᠶᠢ ᠥᠨᠳᠥᠷ ᠪᠦᠲᠦᠮᠵᠢᠲᠡᠢ ᠠᠵᠢᠯᠯᠠᠭᠤᠯᠬᠤ ᠶᠢ ᠪᠠᠲᠤᠯᠠᠵᠤ᠂ ᠪᠦᠬᠦ ᠶᠠᠪᠤᠴᠠ ᠶᠢᠨ ᠪᠢᠲᠡᠭᠦᠦ  ᠡᠵᠡᠮᠰᠢᠯᠳᠦ ᠬᠠᠮᠢᠶᠠᠷᠤᠯᠲᠠ ᠶᠢ ᠪᠡᠶᠡᠯᠡᠭᠦᠯᠦᠨ᠎ᠡ᠃ ᠡᠨᠡᠬᠦ ᠪᠠᠬᠢᠯᠡᠯᠲᠡ ᠲᠠᠢ ᠪᠣᠯᠴᠢᠬᠠᠪᠠᠯ᠂ ᠪᠣᠭᠤᠮᠲᠠ᠂ ᠬᠢᠯᠢ ᠶᠢᠨ ᠪᠠᠶᠢᠴᠠᠭᠠᠯᠲᠠ᠂ ᠬᠤᠸᠠᠨ ᠢᠦᠢ ᠪᠠᠷᠠᠭᠠᠨ ᠤ ᠭᠦᠢᠯᠭᠡᠭᠡᠨ ᠤ ᠺᠣᠮᠫᠠᠨᠢ᠂ ᠡᠷᠢᠶᠡᠨ ᠥᠷᠲᠡᠭᠡᠨ ᠤ ᠭᠠᠳᠠᠭᠠᠳᠤ ᠲᠡᠭᠡᠭᠡᠪᠦᠷᠢ ᠶᠢᠨ ᠲᠠᠪᠴᠠᠩ ᠤᠨ ᠺᠣᠮᠫᠠᠨᠢ᠂ ᠡᠷᠡᠭᠦᠯ ᠬᠠᠮᠠᠭᠠᠯᠠᠯ ᠤᠨ ᠠᠷᠢᠭᠤᠳᠬᠠᠯ ᠤᠨ ᠺᠣᠮᠫᠠᠨᠢ ᠵᠡᠷᠭᠡ ᠬᠠᠷᠢᠯᠴᠠᠨ ᠬᠠᠷᠢᠶᠠᠯᠠᠭᠳᠠᠬᠤ ᠦᠭᠡᠢ᠂ ᠰᠢᠰᠲ᠋ᠧᠮ ᠬᠡᠰᠡᠭ ᠨᠢ ᠪᠤᠳᠤᠯᠢᠶᠠᠨᠲᠠᠢ᠂ ᠱᠠᠳᠤ ᠳᠠᠪᠬᠤᠷᠭ᠎ᠠ ᠠᠯᠤᠰᠯᠠᠭᠰᠠᠨ ᠤᠯᠠᠨ ᠡᠰᠢᠲᠦ ᠭᠤᠣᠯ ᠴᠣᠭᠴᠠ ᠶᠢ ᠨᠢᠭᠲᠠᠷᠠᠭᠤᠯᠬᠤ ᠶᠢ ᠪᠠᠲᠤᠯᠠᠵᠤ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠣᠷᠣᠨ ᠤ ᠡᠯ᠎ᠡ ᠵᠦᠢᠯ ᠤᠨ ᠠᠵᠢᠯ ᠢ ᠰᠢᠰᠲ᠋ᠧᠮ ᠲᠠᠢ᠂ ᠥᠨᠳᠥᠷ ᠪᠦᠲᠦᠮᠵᠢᠲᠡᠢ᠂ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠵᠤ ᠴᠢᠳᠠᠨ᠎ᠠ᠃      ᠨᠢᠭᠡᠨ ᠨᠠᠮ ᠤᠨ ᠭᠡᠰᠢᠭᠦᠨ ᠪᠣᠯ ᠳᠠᠷᠤᠶ ᠨᠢᠭᠡᠨ ᠲᠤᠬ ᠲᠡᠮᠳᠡᠭ ᠮᠥᠨ᠃ ᠪᠢᠲᠡᠭᠦᠦ ᠡᠵᠡᠮᠰᠢᠯᠳᠦ ᠬᠠᠮᠢᠶᠠᠷᠤᠯᠲᠠ ᠶᠢᠨ ᠣᠷᠣᠨ ᠳᠤ᠂ ᠬᠤᠸᠠᠨ ᠢᠦᠢ ᠲᠤᠰᠬᠠᠢ ᠠᠩᠬᠢ ᠶᠢᠨ ᠲᠦᠷ ᠴᠠᠭ ᠤᠨ ᠨᠠᠮ ᠤᠨ ᠡᠭᠦᠷ ᠡᠳᠦᠷ ᠳᠤᠳᠤᠮ ᠤᠨ ᠠᠷᠢᠭᠤᠳᠬᠠᠯ᠂ ᠬᠢᠵᠢᠭ ᠲᠤ ᠬᠤᠯᠪᠣᠭᠳᠠᠭᠰᠠᠨ ᠬᠤᠭ ᠨᠣᠪᠰᠢ ᠶᠢ ᠳᠠᠮᠵᠢᠭᠤᠯᠤᠨ ᠵᠥᠭᠡᠭᠡᠪᠦᠷᠢᠯᠡᠬᠦ᠂ ᠪᠥᠭᠡᠮ ᠬᠦᠴᠢᠯ ᠤᠨ ᠪᠠᠶᠢᠴᠠᠭᠠᠯᠳᠠ ᠬᠢᠬᠦ᠂ ᠬᠥᠮᠦᠰ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠴᠢᠬᠤᠯᠠ ᠠᠵᠢᠯ ᠤᠨ ᠪᠠᠶᠢᠷᠢ ᠳᠡᠭᠡᠷ᠎ᠡ ᠴᠥᠮ ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ ᠲᠤᠬᠢᠷᠠᠭᠤᠯᠵᠠᠢ᠃ ᠬᠠᠮᠢᠭ᠎ᠠ ᠬᠡᠷᠡᠭᠴᠡᠭᠡ ᠲᠠᠢ ᠪᠣᠯ ᠲᠡᠨᠳᠡ ᠳᠠᠷᠤᠶ ᠨᠠᠮ ᠤᠨ ᠵᠣᠬᠢᠶᠠᠨ ᠪᠠᠶᠢᠭᠤᠯᠤᠯᠲᠠ ᠶᠢᠨ ᠡᠷᠡᠰ ᠴᠢᠩᠭ᠎ᠠ ᠤᠳᠤᠷᠢᠳᠤᠯᠭ᠎ᠠ ᠪᠠᠶᠢᠵᠤ᠂ ᠳᠠᠷᠤᠶ ᠨᠠᠮ ᠤᠨ ᠭᠡᠰᠢᠭᠦᠨ ᠬᠤᠰᠢᠭᠤᠴᠢ ᠪᠤᠯᠵᠤ ᠦᠯᠢᠭᠡᠷ ᠳᠠᠭᠤᠷᠢᠶᠠᠯ ᠪᠣᠯᠬᠤ ᠶᠤᠮ᠃ ᠨᠠᠮ ᠤᠨ ᠲᠤᠭ ᠨᠠᠮᠢᠷᠠᠵᠤ᠂ ᠡᠭᠦᠷᠭᠡ ᠬᠠᠷᠢᠭᠤᠴᠠᠯᠭ᠎ᠠ ᠶᠢ ᠤᠷᠢᠶᠠᠯᠠᠵᠤ᠂ ᠲᠦᠷ ᠴᠠᠭ ᠤᠨ ᠨᠠᠮ ᠤᠨ ᠡᠭᠦᠷ ᠤᠨ ᠨᠠᠮ ᠤᠨ ᠭᠡᠰᠢᠭᠦᠨ ᠨᠢᠭᠡᠪᠦᠷᠢ ᠨᠥᠬᠦᠴᠡᠯ ᠢ ᠶᠠᠷᠢᠬᠤ ᠦᠭᠡᠢ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠪᠠᠷ ᠡᠨᠡᠬᠦ ᠳᠠᠷᠢ ᠶᠢᠨ ᠤᠲᠤᠭ᠎ᠠ ᠦᠭᠡᠢ ᠳᠠᠶᠢᠨ ᠤ ︽ᠬᠢᠵᠢᠭ︾ ᠳᠤᠮᠳᠠ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠪᠠ᠃  
 
   ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠨᠠᠮ ᠤᠨ ᠭᠡᠰᠢᠭᠦᠨ ᠤᠳᠤᠷᠢᠳᠬᠤ ᠺᠠᠳ᠋ᠷ        ᠪᠦᠷᠢᠨ ᠢᠯᠠᠯᠲᠠ ᠤᠯᠬᠤ ᠦᠭᠡᠶ ᠪᠣᠯ ᠶᠠᠭᠠᠬᠢᠭᠰᠠᠨ ᠴᠤ ᠴᠡᠷᠢᠭ ᠢᠶᠠᠨ ᠲᠠᠲᠠᠬᠤ ᠦᠭᠡᠶ᠃ ᠬᠤᠸᠠᠨ ᠢᠦᠢ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠠᠵᠢᠯ ᠤᠨ ᠳᠤᠭᠤᠶᠢᠯᠠᠩ ᠲᠦᠷ ᠴᠠᠭ ᠤᠨ ᠨᠠᠮ ᠤᠨ ᠡᠭᠦᠷ ᠤᠨ ᠵᠢᠯᠤᠭᠤᠳᠤᠯᠭ᠎ᠠ ᠳᠣᠣᠷ᠎ᠠ᠂ ᠨᠠᠮ ᠤᠨ ᠪᠠᠶᠢᠭᠤᠯᠤᠯᠲᠠ ᠪᠠᠷ ᠪᠢᠲᠡᠭᠦᠦ  ᠡᠵᠡᠮᠰᠢᠯᠳᠦ ᠬᠠᠮᠢᠶᠠᠷᠤᠯᠲᠠ ᠶᠢᠨ ᠣᠷᠣᠨ ᠤ ᠡᠯ᠎ᠡ ᠵᠦᠢᠯ ᠤᠨ ᠠᠵᠢᠯ ᠢ ᠬᠦᠳᠦᠯᠦᠨ ᠳᠠᠭᠠᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ︽ᠳᠠᠶᠢᠯᠠᠯᠳᠤᠭᠠᠨ ᠤ ᠪᠠᠬᠢᠯᠡᠯᠲᠡ︾ ᠶᠢ ᠪᠠᠶᠢᠭᠤᠯᠵᠤ᠂ ︽ᠬᠢᠵᠢᠭ ᠢ ᠡᠰᠡᠷᠭᠦᠴᠡᠬᠦ ᠬᠤᠰᠢᠭᠤᠴᠢ︾ ᠪᠣᠯᠬᠤ ᠪᠠᠷ ᠴᠢᠷᠮᠠᠶᠢᠵᠤ᠂  ᠪᠣᠭᠤᠮᠲᠠ ᠶᠢᠨ ᠭᠠᠳᠠᠨ᠎ᠠ ᠠᠴᠠ ᠬᠠᠯᠳᠠᠪᠣᠷᠢᠯᠠᠨ ᠣᠷᠣᠬᠤ ᠶᠢ ᠰᠡᠷᠭᠡᠶᠢᠯᠡᠬᠦ ︽ᠪᠤᠯᠤᠳ ᠬᠡᠷᠡᠮ ᠪᠤᠯᠤᠳ ᠬᠠᠨ᠎ᠠ︾ ᠶᠢ ᠪᠠᠲᠤ ᠴᠣᠭᠴᠠᠯᠠᠨ᠎ᠠ︕  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号