| | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠪᠠ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠯᠠᠭᠤᠨ ᠥᠷᠨᠢᠯᠲᠡ ᠭᠠᠷᠭᠠᠵᠤ᠂ ᠥᠷᠭᠡᠨ ᠣᠯᠠᠨ ᠨᠠᠮ ᠤᠨ | ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠷᠠᠯ ᠤᠨ ᠵᠣᠷᠢᠭ | ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠬᠦ ᠶᠢᠨ ᠲᠥᠯᠥᠭᠡ᠂ 1 ᠰᠠᠷ᠎ᠠ ᠶᠢᠨ 21 ᠤ ᠡᠳᠦᠷ᠂ ᠬᠤᠲᠠ ᠶᠢᠨ ᠵᠠᠰᠠᠭ ᠤᠨ | ᠣᠷᠳᠣᠨ ᠤ ᠠᠯᠪᠠᠨ ᠭᠡᠷ ᠤᠨ ᠨᠠᠮ ᠤᠨ ᠡᠭᠦᠷ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠶᠠᠪᠤᠳᠠᠯ ᠤᠨ ᠲᠣᠪᠴᠢᠶ᠎ᠠ ᠪᠠ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ | ᠡᠭᠦᠷ ᠲᠠᠢ ᠬᠠᠮᠲᠤᠷᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠲᠤᠰᠬᠠᠶ ᠰᠡᠳᠦᠪᠲᠦ | ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃ | ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠳᠡᠳ᠋ ᠵᠠᠬᠢᠷᠤᠯ ᠹᠠᠨ ᠬᠤᠩ ᠶᠢᠩ ᠢ ᠣᠨᠴᠠ ᠤᠷᠢᠵᠤ ᠲᠤᠰᠬᠠᠶ ᠰᠡᠳᠦᠪᠳᠦ ᠤᠬᠠᠭᠤᠯᠤᠨ | ᠳᠠᠶᠢᠯᠪᠣᠷᠢᠯᠠᠯᠳᠠ ᠬᠢᠯᠭᠡᠪᠡ᠃ ᠹᠠᠨ ᠬᠤᠩ ᠶᠢᠩ ᠠᠴᠠ ᠭᠤᠤᠯ ᠰᠡᠳᠦᠪ ᠤᠨ ᠲᠣᠭᠤᠷᠢᠨ ᠳᠤ᠂ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠶ ᠲᠠᠨᠢᠬᠤ᠂ ᠪᠥᠬᠦᠳᠡ ᠬᠤᠷᠠᠯ ᠤᠨ ᠪᠠᠶᠠᠯᠢᠭ ᠠᠭᠤᠯᠤᠭᠳᠠᠬᠤᠨ᠂ ᠭᠤᠤᠯ ᠠᠭᠤᠯᠭ᠎ᠠ ᠶᠢ | ᠭᠦᠨᠵᠡᠭᠡᠶ ᠣᠶᠢᠯᠠᠭᠠᠬᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠠᠴᠠ ᠣᠶᠤᠨ ᠤᠬᠠᠭᠠᠨ ᠪᠠ | ᠬᠦᠴᠦᠨ ᠴᠢᠳᠠᠯ ᠰᠢᠩᠭᠡᠭᠡᠨ ᠠᠪᠬᠤ ᠵᠡᠷᠭᠡ ᠲᠠᠯ᠎ᠠ ᠪᠠᠷ ᠰᠢᠰᠲ᠋ᠧᠮ ᠲᠠᠢ ᠭᠦᠨᠵᠡᠭᠡᠶ ᠲᠠᠶᠢᠯᠤᠮᠵᠢ ᠬᠢᠪᠠ᠃ | ᠤᠬᠠᠭᠤᠯᠤᠨ ᠳᠠᠶᠢᠯᠪᠣᠷᠢᠯᠠᠯᠳᠠ ᠨᠢ ᠭᠤᠣᠯᠳᠠᠯᠭ᠎ᠠ ᠲᠤᠪᠤᠶᠢᠮ᠎ᠠ᠂ ᠠᠭᠤᠯᠭ᠎ᠠ ᠨᠢ ᠠᠮᠢᠳᠤᠯᠢᠭ ᠪᠠᠶᠢᠵᠤ᠂ ᠭᠦᠨ | ᠭᠦᠨᠵᠡᠭᠡᠢ ᠣᠶᠢᠯᠠᠭᠠᠮᠵᠢᠲᠠᠢ ᠤᠨᠤᠯ ᠤᠨ ᠥᠭᠦᠯᠡᠯᠲᠡ ᠪᠠᠶᠢᠬᠤ ᠪᠠᠷ ᠪᠠᠷᠠᠬᠤ ᠦᠭᠡᠢ ᠪᠠᠰᠠ ᠥᠷᠭᠡᠨ ᠢᠶᠠᠷ ᠡᠰᠢᠯᠡᠵᠦ | ᠥᠷᠭᠡᠨ ᠢᠶᠠᠷ ᠡᠰᠢ ᠲᠠᠲᠠᠭᠰᠠᠨ ᠬᠡᠷᠡᠭ ᠤᠨ ᠵᠢᠱᠢᠶ᠎ᠡ ᠶᠢᠨ ᠲᠤᠯᠭᠠᠭᠤᠷᠢᠯᠠᠯ ᠲᠠᠢ ᠪᠠᠶᠢᠵᠤ᠂ ᠨᠡᠩ ᠴᠤ | ᠦᠢᠯᠡᠳᠦᠯᠭᠡ ᠶᠢᠨ ᠳᠠᠪᠬᠤᠷᠭ᠎ᠠ ᠶᠢᠨ ᠭᠦᠨᠵᠡᠭᠡᠢ ᠪᠣᠳᠣᠯᠬᠢᠯᠠᠯ ᠲᠠᠢ ᠪᠠᠶᠢᠵᠤ᠂ ᠮᠠᠰᠢ ᠴᠢᠩᠭ᠎ᠠ ᠦᠵᠡᠯ ᠰᠠᠨᠠᠭᠠᠴᠢ | ᠴᠢᠨᠠᠷ᠂ ᠵᠢᠯᠣᠭᠤᠳᠬᠤ ᠴᠢᠨᠠᠷ ᠪᠠ ᠬᠠᠨᠳᠤᠯᠭᠠᠲᠤ ᠴᠢᠨᠠᠷ ᠲᠠᠢ ᠶᠤᠮ᠃ | ᠲᠣᠰ ᠤᠳᠠᠭ᠎ᠠ ᠶᠢᠨ ᠲᠤᠰᠬᠠᠶ ᠰᠡᠳᠦᠪᠲᠦ ᠤᠬᠠᠭᠤᠯᠤᠨ ᠳᠠᠶᠢᠯᠪᠣᠷᠢᠯᠠᠯᠳᠠ ᠪᠠᠷ ᠳᠠᠮᠵᠢᠭᠤᠯᠤᠨ᠂ ᠺᠠᠳ᠋ᠷ | ᠠᠵᠢᠯᠲᠠᠨ ᠠᠵᠢᠯᠴᠢᠨ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠠᠯᠲᠠ ᠡᠭᠦᠷᠭᠡ ᠪᠠ ᠠᠵᠢᠯ ᠤᠨ ᠱᠠᠭᠠᠷᠳᠠᠯᠭ᠎ᠠ ᠶᠢ ᠪᠥᠬᠦ | ᠲᠠᠯ᠎ᠠ ᠪᠠᠷ ᠣᠨᠣᠪᠴᠢᠲᠠᠶ ᠡᠵᠡᠮᠰᠢᠭᠦᠯᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ | ᠪᠦᠲᠦᠮᠵᠢ ᠪᠠ ᠲᠡᠦᠬᠡ ᠶᠢᠨ ᠲᠤᠷᠰᠢᠯᠭ᠎ᠠ ᠠᠴᠠ ᠣᠶᠤᠨ ᠤᠬᠠᠭᠠᠨ ᠪᠠ ᠬᠦᠴᠦᠨ ᠴᠢᠳᠠᠯ ᠰᠢᠩᠭᠡᠭᠡᠨ ᠠᠪᠴᠤ᠂ | ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠬᠦᠴᠢᠷᠳᠡᠯ ᠢ ᠰᠢᠢᠳᠪᠣᠷᠢᠯᠡᠬᠦ ᠣᠶᠤᠨ ᠤᠬᠠᠭᠠᠨ᠂ ᠠᠵᠢᠯ ᠬᠢᠵᠦ ᠦᠢᠯᠡᠰ | ᠪᠤᠰᠬᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ | ᠬᠥᠭᠵᠢᠯᠲᠡ ᠶᠢ ᠲᠦᠷᠭᠡᠳᠬᠡᠬᠦ ᠳᠤ ᠥᠪᠡᠷ ᠤᠨ ᠬᠦᠴᠦᠨ ᠴᠢᠳᠠᠯ ᠢᠶᠠᠨ ᠡᠷᠬᠦᠨ᠎ᠡ᠃ |