ᠯᠦ ᠪᠦᠦ ᠳ᠋ᠦᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/24
   1 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠦ ᠪᠦᠦ ᠳ᠋ᠦᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨ ᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠬᠤᠯᠪᠣᠭᠳᠠᠯ ᠪᠦᠬᠦᠢ ᠵᠦᠢᠯᠡᠰ ᠢ ᠰᠤᠳᠤᠯᠵᠠᠢ᠃    ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠠᠩ ᠶᠢᠩ ᠵᠢᠶᠧ᠂ ᠸᠠᠩ ᠳ᠋ᠦᠩ ᠱᠧᠩ᠂ ᠵᠠᠩ ᠶᠦᠩ ᡁᠢ᠂ ᠰᠢᠯᠢᠨᠪᠠᠭᠠᠲᠤᠷ᠂ ᠵᠧᠦ ᠵᠢᠩ ᠷᠠᠨ ᠵᠢᠴᠢ ᠪᠤᠰᠤᠳ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠵᠠᠢ᠃
    ᠬᠤᠷᠠᠯ ᠤᠨ ᠠᠬᠤᠢ ᠲᠠᠯᠠᠪᠠᠢ  
   
   ᠯᠦ ᠪᠦᠦ ᠳ᠋ᠦᠩ ᠶᠠᠷᠢᠶ᠎ᠠ ᠲᠠᠯᠪᠢᠵᠠᠢ    ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃     ᠬᠤᠷᠠᠯ ᠠᠴᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠠᠵᠤ ᠠᠬᠤᠢ ᠶᠢᠨ ᠪᠠᠶᠢᠳᠠᠯ᠂ ᠶᠡᠷᠦᠩᠬᠡᠢ ᠱᠠᠭᠠᠷᠳᠠᠯᠭ᠎ᠠ᠂ ᠲᠥᠷᠥ ᠶᠢᠨ ᠪᠣᠳᠣᠯᠭ᠎ᠠ ᠶᠢᠨ ᠬᠠᠨᠳᠤᠰᠢ ᠪᠠ ᠭᠤᠣᠯᠳᠠᠯᠭ᠎ᠠ ᠲᠠᠢ ᠠᠵᠢᠯ ᠤᠨ ᠡᠭᠦᠷᠭᠡ ᠬᠠᠷᠠᠯᠲᠠ ᠶᠢ ᠭᠦᠨᠵᠡᠭᠡᠢ ᠣᠶᠢᠯᠠᠭᠠᠨ ᠣᠨᠣᠪᠴᠢᠲᠠᠶ ᠡᠵᠡᠮᠰᠢᠵᠦ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠬᠤ ᠶᠢ ᠪᠠᠷᠢᠮᠲᠠᠯᠠᠵᠤ᠂ ᠪᠦᠬᠦ ᠲᠠᠯ᠎ᠠ ᠳᠤ ᠵᠣᠭᠰᠣᠨ ᠠᠵᠢᠯ ᠢᠶᠠᠨ ᠲᠥᠯᠥᠪᠵᠢᠭᠦᠯᠵᠦ᠂ ᠬᠠᠷᠢᠭᠤᠴᠠᠯᠭ᠎ᠠ ᠶᠢ ᠴᠢᠩᠭᠠᠳᠬᠠᠨ ᠬᠥᠭᠵᠢᠯᠲᠡ ᠶᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾︽ᠵᠢᠷᠭᠤᠭ᠎ᠠ ᠶᠢ ᠪᠠᠲᠤᠯᠠᠬᠤ︾ᠠᠵᠢᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ᠳᠡᠮᠵᠢᠵᠦ᠂ ︽ᠬᠤᠶᠠᠷ ᠢ ᠲᠣᠭᠲᠠᠭᠠᠬᠤ︾ ᠶᠢᠨ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠦᠵᠡᠯ ᠰᠠᠨᠠᠭᠠᠨ ᠤ ᠰᠠᠭᠤᠷᠢ ᠪᠠᠨ ᠦᠷᠭᠦᠯᠵᠢᠯᠡᠨ ᠪᠠᠬᠢᠵᠢᠭᠦᠯᠵᠦ᠂ ︽ᠳᠥᠷᠪᠡᠨ ᠤᠬᠠᠮᠰᠠᠷ︾ ᠢ ᠪᠠᠲᠤ ᠪᠤᠶ ᠪᠣᠯᠭᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠷᠳᠤ ᠬᠤᠭᠤᠴᠠᠭᠠᠨ ᠤ ᠪᠦᠲᠦᠮᠵᠢᠲᠡᠢ ᠳᠦᠷᠢᠮ ᠤᠨ ᠲᠣᠭᠲᠠᠴᠠ ᠶᠢ ᠰᠠᠶᠢᠲᠤᠷ ᠠᠳᠬᠤᠵᠤ᠂ ᠲᠤᠷᠰᠢᠯᠭ᠎ᠠ ᠪᠠᠨ ᠳ᠋ᠦᠩᠨᠡᠵᠦ᠂ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭ᠎ᠠ ᠶᠢᠨ ᠤᠬᠠᠮᠰᠠᠷ ᠢᠶᠠᠷ ᠲᠦᠷᠦᠭᠦᠯᠡᠨ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠤᠨᠤᠯ ᠪᠣᠯᠣᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ  ᠭᠡᠵᠦ ᠵᠢᠭᠠᠵᠦ ᠭᠠᠷᠭᠠᠪᠠ᠃    ᠬᠤᠷᠠᠯ ᠠᠴᠠ ᠪᠠᠰᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠦᠢᠯᠡᠳᠦᠯᠭᠡ ᠳᠤ ᠭᠦᠨᠵᠡᠭᠡᠶᠢᠷᠡᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠳᠠᠲᠠᠢ ᠪᠠᠷ ᠶᠠᠪᠤᠵᠤ᠂ ᠰᠡᠳᠬᠢᠯ ᠳᠡᠭᠡᠨ ᠪᠤᠳᠤᠵᠦ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠪᠦᠬᠦ ᠬᠤᠳᠠ ᠶᠢᠨ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠴᠡᠭ ᠢ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号