︽ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠰᠤᠯᠠᠷᠠᠭᠤᠯᠤᠯ ᠦᠭᠡᠢ︾  ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠵᠢᠯ ᠤᠨ ᠲᠤᠰᠬᠠᠢ ᠠᠩᠭᠢ ᠶᠢᠨ ᠳᠠᠬᠢᠨ ᠬᠢᠨᠠᠨ ᠰᠢᠯᠭᠠᠬᠤ ᠳᠤᠭᠤᠶᠢᠯᠠᠩ‌ᠮᠠᠨ ᠤ ᠬᠤᠲᠠ ᠳᠤ ᠬᠠᠷᠢᠭᠤ ᠲᠤᠰᠬᠠᠪᠠ
ᠨᠡᠶᠢᠲᠡᠯᠡᠭᠰᠡᠨ ᠴᠠᠭ᠄
2022/1/24
     1 ᠳ᠋ᠣᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠵᠢᠯ ᠤᠨ ᠲᠤᠰᠬᠠᠢ ᠠᠩᠭᠢ ᠶᠢᠨ ᠳᠠᠬᠢᠨ ᠬᠢᠨᠠᠨ ᠰᠢᠯᠭᠠᠬᠤ ᠳᠤᠭᠤᠶᠢᠯᠠᠩ ᠮᠠᠨ ᠤ ᠬᠤᠲᠠ ᠳᠤ ᠰᠠᠨᠠᠯ ᠰᠠᠨᠠᠭᠤᠯᠭ᠎ᠠ ᠪᠠᠨ ᠬᠠᠷᠢᠭᠤ ᠲᠤᠰᠬᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠬᠤᠲᠠ ᠶᠢᠨ ᠤᠳᠤᠷᠢᠳᠤᠯᠭ᠎ᠠ ᠵᠠᠩ ᠶᠢᠩ ᠵᠢᠶᠧ᠂ ᠴᠧᠨ ᠢᠦᠢ ᠴᠧᠩ᠂ ᠵᠠᠩ ᠯᠢ ᠴᠧᠩ᠂ ᠵᠠᠩ ᠶᠦᠩ ᡁᠢ ᠬᠤᠷᠠᠯ ᠳᠤ ᠣᠷᠣᠯᠴᠠᠪᠠ  ᠃
     ᠬᠠᠷᠢᠭᠤ ᠲᠤᠰᠬᠠᠬᠤ ᠬᠤᠷᠠᠯ ᠳᠡᠭᠡᠷ᠎ᠡ᠂  ᠬᠢᠨᠠᠨ ᠰᠢᠯᠭᠠᠬᠤ ᠳᠤᠭᠤᠶᠢᠯᠠᠩ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠭᠤᠷᠪᠠᠨ ᠰᠡᠷᠭᠡᠶᠢᠯᠡᠯᠲᠡ ᠶᠢᠨ ᠱᠤᠭᠤᠮ︾ ᠤᠨ ᠪᠦᠲᠦᠭᠡᠨ ᠪᠠᠶᠢᠭᠤᠯᠤᠯᠲᠠ ᠶᠢ ᠭᠦᠢᠴᠡᠳ ᠨᠤᠲᠠᠯᠠᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ᠂ ᠲᠤᠰᠬᠠᠶᠢᠵᠢᠭᠰᠠᠨ ᠴᠤᠪᠤᠷᠠᠭᠤᠯᠤᠨ ᠲᠣᠬᠢᠷᠠᠭᠤᠯᠬᠤ ᠡᠩᠨᠡᠭᠡ ᠶᠢ ᠪᠠᠶᠢᠭᠤᠯᠬᠤ᠂ ᠠᠷᠢᠭᠤᠳᠬᠠᠨ ᠠᠷᠢᠯᠭᠠᠬᠤ᠂ ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠶᠢᠨ ᠪᠦᠲᠦᠭᠡᠨ ᠪᠠᠶᠢᠭᠤᠯᠤᠯᠲᠠ᠂ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠮᠠᠨ ᠤ ᠬᠤᠲᠠ ᠳᠤ ᠰᠠᠨᠠᠯ ᠰᠠᠨᠠᠭᠤᠯᠭ᠎ᠠ ᠪᠠᠨ ᠬᠠᠷᠢᠭᠤ ᠲᠤᠰᠬᠠᠪᠠ᠃
        ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠭᠡᠷ ᠤᠨ ᠡᠷᠬᠢᠯᠡᠭᠴᠢ ᠰᠠᠴᠡᠨ       ᠬᠢᠨᠠᠨ ᠰᠢᠯᠭᠠᠬᠤ ᠳᠤᠭᠤᠶᠢᠯᠠᠩ ᠠᠴᠠ᠂ ᠡᠷᠢᠶᠡᠨ ᠬᠤᠳᠠ ᠶᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠬᠦᠨᠳᠦ ᠨᠣᠴᠢᠲᠠᠢ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠭᠠᠳᠠᠭᠠᠳᠤ ᠠᠴᠠ  ᠬᠠᠯᠳᠠᠪᠣᠷᠢᠯᠠᠨ ᠣᠷᠣᠬᠤ ᠶᠢ ᠰᠡᠷᠭᠡᠶᠢᠯᠡᠬᠦ ᠶᠢ ᠦᠷᠭᠦᠯᠵᠢᠯᠡᠨ ᠴᠢᠬᠤᠯᠠ ᠠᠴᠠ ᠴᠢᠬᠤᠯᠠ ᠪᠣᠯᠭᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠠᠲᠤᠯᠠᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠲᠠᠪᠤᠨ ᠲᠠᠯ᠎ᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠴᠡᠭᠴᠡᠯᠡᠨ ᠰᠠᠶᠢᠵᠢᠷᠠᠭᠤᠯᠬᠤ ᠶᠢ ᠲᠦᠷᠦᠯ ᠳᠠᠷᠠᠭᠠᠯᠠᠨ ᠨᠠᠶᠢᠳᠠᠪᠤᠷᠢᠵᠢᠭᠤᠯᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠳᠤ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠣᠳᠣᠬᠠᠨ ᠤ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠴᠢᠩᠭ᠎ᠠ ᠪᠦᠭᠡᠳ ᠨᠠᠷᠢᠯᠢᠭ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠨᠢᠭᠡ ᠶᠢ ᠴᠦ᠋ ᠦᠯᠡᠳᠡᠬᠡᠯᠡᠯ ᠦᠭᠡᠢ  ᠪᠠᠶᠢᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃ ᠰᠢᠯᠢ ᠶᠢᠨ ᠭᠤᠣᠯ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠪᠣᠭᠤᠮᠲᠠ ᠶᠢᠨ ᠬᠤᠲᠠ ᠶᠢᠨ ᠠᠵᠢᠯ ᠤᠨ ᠲᠤᠰᠬᠠᠢ ᠠᠩᠭᠢ ᠨᠢ ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠣᠭᠤᠮᠲᠠ ᠪᠠᠷ ᠥᠩᠭᠡᠷᠡᠭᠦᠯᠬᠦ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠲᠡᠳᠬᠦᠬᠦ ᠪᠠ ᠬᠢᠨᠠᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃
   ᠯᠦ ᠪᠦᠦ ᠳ᠋ᠦᠩ ᠶᠠᠷᠢᠶ᠎ᠠ ᠲᠠᠯᠪᠢᠵᠠᠢ      ᠯᠦ ᠪᠦᠦ ᠳ᠋ᠦᠩ᠂ ᠪᠦᠬᠦ ᠬᠤᠳᠠ ᠶᠢᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠪᠣᠭᠤᠮᠲᠠ ᠶᠢᠨ ᠬᠤᠳᠠ ᠶᠢᠨ ᠠᠵᠢᠯ ᠤᠨ ᠲᠤᠰᠬᠠᠢ ᠠᠩᠭᠢ ᠶᠢᠨ ᠲᠠᠬᠢᠨ ᠬᠢᠨᠠᠵᠤ ᠰᠢᠯᠭᠠᠨ ᠠᠪᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠰᠠᠨᠠᠭᠤᠯᠭ᠎ᠠ ᠶᠢ ᠪᠦᠬᠦ ᠲᠠᠯ᠎ᠠ ᠪᠠᠷ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠡᠨᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠲᠥᠰᠥᠯ ᠢ ᠳᠠᠷᠤᠶᠢᠬᠠᠨ ᠲᠣᠭᠲᠠᠭᠠᠵᠤ᠂ ᠲᠠᠪᠤᠨ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠠᠷᠤᠶᠢᠬᠠᠨ ᠬᠡᠷᠡᠭᠵᠢᠭᠦᠯᠵᠦ ᠳᠠᠷᠤᠶᠢᠬᠠᠨ ᠥᠭᠡᠷᠡᠴᠢᠯᠡᠵᠦ᠂ ᠨᠢᠭᠡ ᠲᠠᠯ᠎ᠠ ᠪᠠᠷ ᠬᠢᠵᠦ ᠨᠢᠭᠡ ᠲᠠᠯ᠎ᠠ ᠪᠠᠷ ᠥᠭᠡᠷᠡᠴᠢᠯᠡᠵᠦ᠂ ᠳᠠᠷᠤᠶᠢᠬᠠᠨ ᠦᠷ᠎ᠡ ᠪᠦᠲᠦᠮᠵᠢ ᠣᠯᠬᠤ ᠬᠡᠷᠡᠭᠲᠡᠢ ᠭᠡᠪᠡ᠃ ᠨᠢᠭᠡ ᠶᠢ ᠵᠦᠢᠴᠢᠯᠡᠵᠦ ᠨᠥᠬᠦᠭᠡ ᠪᠠᠨ ᠨᠦᠬᠦᠪᠣᠷᠢᠯᠡᠵᠦ᠂ ᠠᠵᠢᠯ ᠤᠨ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠳᠦᠷᠢᠮ ᠤᠨ ᠲᠠᠯ᠎ᠠ ᠪᠠᠷ ᠲᠠᠬᠢᠨ ᠲᠡᠭᠦᠯᠳᠡᠷᠵᠢᠭᠦᠯᠵᠦ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠲᠠᠬᠢᠨ ᠨᠢᠭᠤᠴᠠᠯᠠᠵᠤ᠂ ᠠᠵᠢᠯ ᠤᠨ ᠲᠠᠯ᠎ᠠ ᠪᠠᠷ ᠲᠠᠬᠢᠨ ᠳᠡᠭᠡᠭᠰᠢᠯᠡᠭᠦᠯᠵᠦ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠤᠯᠠᠨ ᠤ ᠡᠷᠡᠭᠦᠯ ᠮᠡᠨᠳᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠳᠣᠯᠠᠨ᠎ᠠ ᠬᠡᠵᠦ ᠣᠪᠣᠷ ᠢᠶᠠᠨ ᠢᠯᠡᠳᠬᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号