ᠣᠯᠠᠨ ᠰᠠᠯᠠᠭ᠎ᠠ ᠮᠥᠴᠢᠷ ᠬᠠᠮᠲᠤᠷᠠᠨ ᠪᠣᠭᠤᠮᠲᠠ ᠶᠢᠨ ᠭᠠᠳᠠᠭᠠᠳᠤ  ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠣᠭᠠᠨ ᠤ ᠰᠦᠢᠳᠬᠡᠯ ᠬᠤᠷᠢᠶᠠᠯᠲᠠ ᠶᠢᠨ ᠲᠤᠰᠬᠠᠢ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/1/25
    ᠪ᠊‍ᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠠᠩᠭᠢᠯᠠᠭ᠎ᠠ ᠶᠢᠨ ᠰᠦᠢᠳᠬᠡᠯ ᠬᠤᠷᠢᠶᠠᠬᠤ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠤᠳᠠᠯᠳᠤᠭᠠᠴᠢᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠳᠣᠯᠠᠳᠠ᠂ 1 ᠰᠠᠷ᠎ᠠ ᠶᠢᠨ 23 ᠤ ᠡᠳᠦᠷ᠂ ᠬᠤᠲᠠ ᠶᠢᠨ ᠳᠡᠳ᠋ ᠳᠠᠷᠤᠭ᠎ᠠ ᠵᠧᠦ ᠵᠢᠩ ᠷᠠᠨ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠣᠭᠠᠨ ᠤ ᠰᠦᠢᠳᠬᠡᠯ ᠬᠤᠷᠢᠶᠠᠯᠳᠠ ᠶᠢᠨ ᠳᠣᠰᠬᠠᠢ ᠪᠠᠶᠢᠴᠠᠭᠠᠯᠳᠠ ᠬᠢᠪᠡ᠃     ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠤᠲᠠ ᠶᠢᠨ ᠬᠤᠸᠠᠨ ᠢᠦᠢ ᠪᠠᠷᠠᠭᠠᠨ ᠤ ᠭᠦᠢᠯᠭᠡᠭᠡᠨ ᠤ ᠲᠣᠭᠤᠷᠢᠭ᠂ ᠬᠤᠸᠠᠨ ᠢᠦᠢ ᠬᠤᠳᠠᠯᠳᠣᠭᠠᠨ ᠤ ᠬᠤᠲᠠ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠰᠦᠢᠳᠬᠡᠯ ᠬᠤᠷᠢᠶᠠᠬᠤ ᠭᠤᠭᠴᠤᠭ᠎ᠠ ᠶᠢ ᠣᠶᠢᠯᠠᠭᠠᠬᠤ᠂ ᠭᠠᠳᠠᠭᠠᠳᠤ   ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠪᠠᠷᠢᠮᠲᠠ᠂ ᠡᠵᠡᠩᠨᠡᠯᠲᠡ ᠶᠢᠨ ᠦᠨᠡᠮᠯᠡᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠷᠠᠭ᠎ᠠ ᠴᠤᠭᠯᠠᠭᠤᠯᠤᠨ ᠬᠠᠳᠠᠭᠠᠯᠠᠬᠤ᠂ ᠪᠠᠷᠠᠭ᠎ᠠ ᠲᠡᠭᠡᠭᠡᠪᠦᠷᠢᠯᠡᠬᠦ᠂ ᠪᠣᠭᠤᠮᠲᠠ ᠳᠤ ᠮᠡᠳᠡᠭᠦᠯᠬᠦ ᠶᠢ ᠣᠷᠣᠯᠠᠨ ᠭᠦᠢᠴᠡᠳᠬᠡᠬᠦ᠂ ᠪᠣᠭᠤᠮᠲᠠ ᠪᠠᠷ ᠥᠩᠭᠡᠷᠡᠭᠦᠯᠬᠦ ᠦᠢᠯᠡᠴᠢᠯᠡᠭᠡᠨ ᠵᠡᠷᠭᠡ ᠴᠢᠳᠠᠮᠵᠢ ᠲᠠᠢ ᠪᠠᠷᠠᠭ᠎ᠠ ᠨᠠᠶᠢᠳᠠᠨ ᠲᠡᠭᠡᠭᠡᠪᠦᠷᠢᠯᠡᠬᠦ ᠥᠷᠲᠡᠭᠡ᠂ ᠣᠯᠠᠨ ᠤᠯᠤᠰ ᠤᠨ ᠪᠠᠷᠠᠭ᠎ᠠ ᠲᠡᠭᠡᠭᠡᠪᠦᠷᠢᠯᠡᠬᠦ ᠶᠢ ᠣᠷᠣᠯᠠᠨ ᠭᠦᠢᠴᠡᠳᠬᠡᠬᠦ ᠺᠣᠮᠫᠠᠨᠢ ᠵᠢᠴᠢ ᠪᠣᠭᠤᠮᠲᠠ ᠶᠢᠨ ᠣᠷᠣᠨ ᠪᠦᠰᠡ ᠶᠢᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠤᠰᠬᠠᠢ ᠵᠦᠢᠯ ᠤᠨ ᠪᠠᠶᠢᠴᠠᠭᠠᠯᠲᠠ ᠬᠢᠪᠡ᠃ ᠪᠠᠶᠢᠴᠠᠭᠠᠬᠤ ᠬᠦᠷᠢᠶ᠎ᠡ ᠬᠡᠪᠴᠢᠶ᠎ᠡ ᠳᠤ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ᠂ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠶᠢ ᠬᠡᠷᠡᠭᠵᠢᠭᠦᠯᠬᠦ ᠡᠵᠡᠩᠨᠡᠯᠲᠡ ᠦᠢᠯᠡᠴᠢᠯᠡᠭᠡᠨ ᠤ ᠴᠢᠨᠠᠷᠲᠠᠢ ᠰᠦᠢᠳᠬᠡᠯ ᠬᠤᠷᠢᠶᠠᠬᠤ ᠵᠢᠴᠢ ᠵᠠᠬ᠎ᠠ ᠳᠡᠯᠭᠡᠭᠦᠷ ᠤᠨ ᠲᠣᠬᠢᠷᠠᠭᠤᠯᠬᠤ ᠦᠨ᠎ᠡ ᠶᠢ ᠬᠡᠷᠡᠭᠵᠢᠭᠦᠯᠬᠦ ᠡᠯ᠎ᠡ ᠵᠦᠢᠯ ᠤᠨ ᠰᠦᠢᠳᠬᠡᠯ ᠬᠤᠷᠢᠶᠠᠬᠤ ᠵᠦᠢᠯᠡᠰ ᠪᠠᠭᠲᠠᠨ᠎ᠠ᠃     ᠪᠠᠶᠢᠴᠠᠭᠠᠬᠤ ᠳᠤᠭᠤᠶᠢᠯᠠᠩ ᠤᠨ ᠬᠢᠨ ᠰᠦᠢᠳᠬᠡᠯ ᠬᠤᠷᠢᠶᠠᠯᠲᠠ ᠶᠢ ᠵᠠᠷᠯᠠᠨ ᠨᠡᠶᠢᠲᠡᠯᠡᠭᠰᠡᠨ ᠪᠠᠶᠢᠳᠠᠯ ᠵᠢᠴᠢ ᠦᠨ᠎ᠡ ᠬᠠᠩᠰᠢ ᠪᠠᠷ ᠰᠥᠯᠪᠡᠭᠡᠯᠳᠦᠭᠰᠡᠨ ᠡᠰᠡᠬᠦ᠂ ᠦᠨ᠎ᠡ ᠬᠠᠩᠰᠢ ᠪᠠᠷ ᠮᠡᠬᠡᠯᠡᠬᠦ᠂ ᠠᠯᠪᠠᠳᠠᠯᠭ᠎ᠠ ᠪᠠᠷ ᠠᠷᠠᠯᠵᠢᠶᠠᠯᠠᠬᠤ᠂ ᠦᠨ᠎ᠡ ᠬᠠᠩᠰᠢ ᠶᠢ ᠳᠦᠷᠭᠢᠯᠳᠦᠨ ᠥᠰᠬᠡᠬᠦ᠂ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠵᠡᠷᠭᠡ ᠦᠶᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠶᠢᠴᠠᠭᠠᠪᠠ᠃ᠣᠨᠴᠠ ᠵᠠᠷᠢᠮ ᠡᠵᠡᠩᠨᠡᠯᠲᠡ ᠶᠢᠨ ᠪᠡᠶᠡᠴᠢ ᠴᠣᠭᠴᠠ ᠶᠢᠨ ᠡᠵᠡᠩᠨᠡᠯᠲᠡ ᠶᠢᠨ ᠲᠠᠯᠠᠪᠤᠷ ᠭᠠᠵᠠᠷ ᠤᠨ ᠢᠯᠡᠷᠬᠡᠢ ᠪᠠᠶᠢᠷᠢᠨ ᠳᠤ ᠰᠦᠢᠳᠬᠡᠯ ᠬᠤᠷᠢᠶᠠᠬᠤ ᠵᠦᠢᠯᠡᠰ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠠᠷᠯᠠᠨ ᠨᠡᠶᠢᠲᠡᠯᠡᠭᠰᠡᠨ ᠦᠭᠡᠢ᠂ ᠡᠵᠡᠩᠨᠡᠯᠲᠡ ᠶᠢᠨ ᠦᠨᠡᠮᠯᠡᠯ ᠢᠶᠠᠨ ᠡᠯᠭᠦᠭᠰᠡᠨ ᠦᠭᠡᠢ ᠵᠡᠷᠭᠡ ᠦᠶᠯᠡ ᠠᠵᠢᠯᠯᠠᠭ᠎ᠠ ᠳᠤ ᠴᠢᠭᠯᠡᠭᠦᠯᠦᠨ ᠵᠠᠷᠯᠢᠭᠳᠠᠵᠤ ᠪᠠᠶᠢᠭᠠᠳ ᠲᠡᠷᠡ ᠳᠠᠷᠤᠢ ᠳᠤᠨᠢ ᠴᠡᠭᠴᠡᠯᠡᠨ  ᠦᠭᠡᠷᠡᠴᠢᠯᠡᠬᠦᠯᠪᠡ᠃ ᠡᠭᠦᠨ ᠤ ᠬᠠᠮᠲᠤ᠂ ᠡᠵᠡᠩᠨᠡᠯᠲᠡ ᠶᠢᠨ ᠭᠤᠣᠯ ᠴᠣᠭᠴᠠ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠦ᠂ ᠬᠠᠮᠢᠶ᠎ᠠ ᠪᠦᠬᠦᠢ ᠠᠵᠤ ᠠᠬᠤᠶᠢᠯᠠᠯ ᠢ ᠲᠣᠭᠲᠠᠭᠰᠠᠨ ᠬᠤᠭᠤᠴᠠᠭᠠᠨ ᠳᠤ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠥᠷᠨᠢᠭᠦᠯᠵᠦ᠂ ᠬᠤᠯᠪᠣᠭᠳᠠᠯ ᠪᠦᠬᠦᠢ ᠪᠠᠶᠢᠳᠠᠯ ᠢᠶᠠᠨ ᠮᠡᠳᠡᠭᠦᠯᠵᠦ᠂ ᠪᠣᠭᠤᠮᠲᠠ ᠶᠢᠨ ᠰᠦᠢᠳᠬᠡᠯ ᠬᠤᠷᠢᠶᠠᠬᠤ ᠲᠥᠷᠥᠯ ᠵᠦᠢᠯ ᠢ ᠦᠨᠡᠨ ᠬᠦ ᠵᠢᠷᠤᠮᠵᠢᠭᠤᠯᠤᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠴᠡᠪᠡᠷᠰᠢᠭᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号