ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ | ᠦᠨᠡᠨ ᠬᠦ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠳᠣᠯᠠᠳᠠ᠂ 1 ᠰᠠᠷ᠎ᠠ ᠶᠢᠨ 23 ᠤ ᠡᠳᠦᠷ᠂ ᠡᠷᠢᠶᠡᠨ ᠪᠣᠯᠣᠨ ᠵᠡᠭᠦᠨ ᠰᠦᠨᠢᠳ ᠬᠤᠰᠢᠭᠤ᠂ | ᠪᠠᠷᠠᠭᠤᠨ ᠰᠦᠨᠢᠳ ᠬᠤᠰᠢᠭᠤ ᠬᠠᠮᠳᠣᠷᠠᠨ ︽ᠨᠢᠭᠡ ᠬᠤᠲᠠ ᠬᠤᠶᠠᠷ ᠬᠤᠰᠢᠭᠤ︾ ᠶᠢᠨ ᠵᠠᠮ ᠲᠡᠭᠡᠭᠡᠪᠦᠷᠢ ᠶᠢᠨ ᠰᠢᠰᠲ᠋ᠧᠮ | ᠤᠨ ᠬᠠᠮᠲᠤᠷᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠪᠣᠳᠠᠲᠤ ᠰᠣᠷᠢᠯᠲᠠ ᠶᠢ | ᠶᠠᠪᠤᠭᠳᠠᠭᠤᠯᠪᠠ᠃ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠲᠤᠬᠠᠢ ᠶᠢᠨ ᠲᠠᠯᠠᠪᠠᠶ ᠳᠤ ᠢᠷᠡᠵᠦ ᠵᠢᠭᠠᠨ ᠵᠢᠯᠣᠭᠤᠳᠪᠠ | ᠃ᠵᠠᠮ ᠬᠠᠷᠢᠯᠴᠠᠭᠠᠨ ᠤ ᠪᠠᠲᠤᠯᠠᠪᠤᠷᠢ ᠶᠢᠨ ᠬᠠᠮᠢᠶᠠᠷᠤᠨ ᠡᠵᠡᠮᠳᠡᠬᠦ ᠲᠤᠰᠬᠠᠢ ᠠᠩᠭᠢ ᠶᠢᠨ ᠡᠯ᠎ᠡ ᠪᠦᠷᠢᠯᠳᠦᠭᠦᠨ ᠨᠢᠭᠡᠴᠡ ᠶᠢᠨ | 100 ᠭᠠᠷᠤᠢ ᠬᠥᠮᠥᠨ᠂ 50 ᠭᠠᠷᠤᠢ ᠲᠡᠷᠭᠡ ᠰᠣᠷᠢᠯᠲᠠ ᠳᠤ ᠣᠷᠣᠯᠴᠠᠪᠠ᠃ | | | | | | | ᠰᠣᠷᠢᠯᠲᠠ ᠶᠢᠨ ᠳᠠᠯᠠᠪᠣᠷ ᠲᠤ᠂ ᠡᠷᠢᠶᠡᠨ ᠬᠤᠲᠠ ᠲᠤᠬᠠᠢ ᠶᠢᠨ ᠡᠳᠦᠷ ᠤᠨ ᠭᠤᠣᠯᠳᠠᠯᠭ᠎ᠠ ᠲᠠᠢ ᠬᠥᠮᠥᠰ ᠤᠨ ᠪᠦᠬᠡᠮ | ᠬᠦᠴᠢᠯ ᠢ ᠰᠢᠯᠭᠠᠨ ᠪᠠᠶᠢᠴᠠᠭᠠᠵᠤ ᠰᠢᠭᠰᠢᠨ ᠪᠠᠶᠢᠴᠠᠭᠠᠬᠤ ᠳᠤᠮᠳᠠ ᠪᠠᠨ ᠠᠷᠭ᠎ᠠ ᠴᠢᠨᠠᠷᠲᠠᠢ ᠨᠢᠭᠡ ᠰᠢᠨ᠎ᠡ ᠡᠪᠡᠳᠴᠢᠲᠡᠨ ᠢ | ᠢᠯᠡᠷᠡᠭᠦᠯᠪᠡ᠂ ᠬᠢᠵᠢᠭ ᠤᠨ ᠳᠡᠯᠭᠡᠷᠡᠬᠦ ᠶᠢ ᠬᠢᠵᠠᠭᠠᠷᠯᠠᠵᠤ᠂ ᠬᠢᠵᠢᠭ ᠤᠨ ᠭᠠᠳᠠᠭᠰᠢ ᠭᠠᠷᠬᠤ ᠶᠢ ᠬᠤᠷᠢᠭᠯᠠᠬᠤ ᠶᠢᠨ ᠳᠣᠯᠠᠳᠠ᠂ | ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠠᠴᠠ ᠪᠥᠬᠦ ᠠᠵᠢᠯᠲᠠᠨ ᠤ ᠪᠦᠬᠡᠮ | ᠬᠦᠴᠢᠯ ᠢ ᠰᠢᠯᠭᠠᠨ ᠪᠠᠶᠢᠴᠠᠭᠠᠬᠤ ᠵᠠᠷᠯᠢᠭ ᠨᠡᠶᠢᠲᠡᠯᠡᠪᠡ᠃ ᠬᠤᠲᠠ ᠶᠢᠨ ᠵᠠᠮ ᠬᠠᠷᠢᠯᠴᠠᠭᠠᠨ ᠤ ᠪᠠᠲᠤᠯᠠᠭ᠎ᠠ ᠶᠢᠨ ᠬᠠᠮᠢᠶᠠᠷᠤᠨ | ᠡᠵᠡᠮᠳᠡᠬᠦ ᠲᠤᠰᠬᠠᠢ ᠡᠭᠡᠯᠵᠢ ᠶᠢᠨ ᠲᠡᠷᠭᠡ ᠬᠥᠰᠬᠡ ᠶᠢᠨ ᠲᠣᠬᠢᠷᠠᠭᠤᠯᠤᠯᠲᠠ ᠶᠢᠨ ᠲᠠᠰᠤᠭ ᠮᠡᠳᠡᠭᠳᠡᠯ ᠢ ᠣᠯᠣᠭᠰᠠᠨ ᠤ ᠳᠠᠷᠠᠭ᠎ᠠ | ᠂ ᠲᠡᠷᠡ ᠳᠠᠷᠤᠢ ᠳᠤᠨᠢ ᠪᠡᠯᠡᠳᠬᠡᠯ ᠲᠥᠰᠥᠯ ᠢᠶᠠᠨ ᠡᠬᠢᠯᠡᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ | ᠪᠠ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ᠂ ᠠᠵᠢᠯᠲᠠᠨ ᠤ ᠬᠤᠪᠢᠶᠠᠷᠢᠯᠠᠯᠲᠠ᠂ ᠲᠡᠷᠭᠡ ᠬᠥᠰᠬᠡ ᠶᠢᠨ | ᠲᠣᠬᠢᠷᠠᠭᠤᠯᠤᠯᠲᠠ᠂ ᠠᠷᠢᠭᠤᠨ ᠴᠡᠪᠡᠷ ᠤᠨ ᠠᠷᠢᠭᠤᠳᠬᠠᠯ ᠵᠡᠷᠭᠡ ᠡᠯ᠎ᠡ ᠭᠤᠭᠴᠣᠭᠠᠨ ᠤ ᠰᠢᠢᠳᠪᠦᠷᠢᠯᠡᠬᠦ ᠲᠠᠰ ᠳᠠᠷᠠᠭᠠᠯᠠᠯ ᠢ | ᠠᠯᠬᠤᠮ ᠳᠠᠷᠠᠭ᠎ᠠ ᠶᠢᠨ ᠶᠣᠰᠣᠭᠠᠷ ᠪᠡᠶᠡᠯᠡᠭᠦᠯᠦᠭᠰᠡᠨ ᠪᠠᠶᠢᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠪᠥᠬᠦ ᠬᠤᠲᠠ ᠶᠢᠨ | ᠥᠯᠢᠭᠡᠷ ᠠᠪᠬᠤ ᠴᠢᠭ ᠤᠨ ᠪᠠᠶᠢᠷᠢᠰᠢᠭᠤᠯᠤᠯᠲᠠ ᠶᠢ ᠦᠨᠳᠦᠰᠦᠯᠡᠨ ᠥᠯᠢᠭᠡᠷ ᠡᠳ᠋ ᠲᠡᠭᠡᠭᠡᠪᠦᠷᠢᠯᠡᠨ ᠬᠦᠷᠭᠡᠬᠦ ᠲᠡᠷᠭᠡ | ᠬᠥᠰᠬᠡ ᠶᠢ ᠲᠣᠭᠲᠠᠭᠠᠵᠤ᠂ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠡᠬᠢᠯᠡᠭᠦᠯᠬᠦ ᠦᠶ᠎ᠡ ᠳᠤ | ᠡᠮᠴᠢ ᠰᠤᠪᠢᠯᠠᠭᠴᠢ᠂ ᠡᠮᠴᠢᠯᠡᠭᠡᠨ ᠤ ᠡᠳ᠋ ᠪᠣᠳᠠᠰ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠥᠯᠢᠭᠡᠷ ᠡᠳ᠋ ᠤᠨ | ᠪᠠᠴᠢᠮ ᠪᠠᠶᠢᠳᠠᠯ ᠢ ᠠᠷᠭᠠᠴᠠᠨ ᠲᠡᠭᠡᠭᠡᠪᠦᠷᠢᠯᠡᠨ ᠬᠦᠷᠭᠡᠬᠦ ᠪᠠᠲᠤᠯᠠᠭ᠎ᠠ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ | ᠬᠡᠷᠡᠭᠲᠡᠢ᠃ᠰᠣᠷᠢᠯᠲᠠ ᠶᠢᠨ ᠳᠤᠮᠳᠠ᠂ ᠰᠣᠷᠢᠯᠲᠠ ᠳᠤ ᠣᠷᠣᠯᠴᠠᠭᠰᠠᠳ ᠤᠨ ᠠᠵᠢᠯ ᠤᠨ ᠬᠤᠪᠢᠶᠠᠷᠢᠯᠠᠯ ᠲᠣᠳᠣᠷᠬᠠᠢ ᠪᠠᠶᠢᠵᠤ | ᠂ ᠰᠡᠳᠬᠢᠯ ᠰᠠᠨᠠᠭ᠎ᠠ ᠪᠠᠨ ᠣᠯᠣᠯᠴᠠᠨ ᠬᠠᠮᠵᠢᠯᠴᠠᠵᠤ᠂ ᠵᠢᠷᠤᠮᠵᠢᠭᠰᠠᠨ ᠶᠠᠪᠤᠴᠠ ᠶᠢ ᠴᠢᠩᠭ᠎ᠠ ᠵᠢᠷᠤᠮᠯᠠᠨ ᠠᠵᠢᠯᠯᠠᠵᠤ᠂ | ᠰᠣᠷᠢᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠡᠢ᠃ | | | | | | | ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ | ᠵᠠᠮ ᠲᠡᠭᠡᠭᠡᠪᠦᠷᠢ ᠶᠢᠨ ᠰᠢᠰᠲ᠋ᠧᠮ ᠤᠨ ᠬᠢᠨ ᠲᠣᠰ ᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠᠷ ᠲᠣᠬᠢᠶᠠᠯ | ᠪᠣᠯᠭᠠᠨ᠂ ᠡᠩᠨᠡᠭᠡ ᠶᠢᠨ ᠪᠣᠳᠠᠲᠤ ᠪᠠᠶᠢᠯᠳᠤᠭᠠᠨ ᠤ ᠴᠢᠳᠠᠪᠤᠷᠢ ᠶᠢ ᠪᠣᠯᠪᠠᠰᠤᠷᠠᠭᠤᠯᠵᠤ᠂ ᠬᠢᠵᠢᠭ ᠤᠨ ᠪᠠᠶᠢᠳᠠᠯ ᠢ | ᠰᠢᠢᠳᠪᠦᠷᠢᠯᠡᠬᠦ ᠡᠯ᠎ᠡ ᠵᠦᠢᠯ ᠤᠨ ᠶᠠᠪᠤᠴᠠ ᠶᠢ ᠡᠮᠬᠢ ᠵᠢᠷᠤᠮ ᠲᠠᠢ᠂ ᠥᠨᠳᠥᠷ ᠪᠦᠲᠦᠮᠵᠢᠲᠡᠶ᠂ ᠰᠢᠨᠵᠢᠯᠡᠬᠦ ᠤᠬᠠᠭᠠᠨᠴᠢ ᠪᠠᠷ | ᠥᠷᠨᠢᠭᠦᠯᠬᠦ ᠶᠢ ᠦᠨᠡᠨ ᠬᠦ ᠪᠠᠲᠤᠯᠠᠨ᠎ᠠ ᠭᠡᠵᠡᠢ᠃ | | |