ᠬᠤᠲᠠ᠂  ᠬᠤᠰᠢᠭᠤ ᠬᠤᠯᠪᠤᠭᠠᠯᠠᠨ ᠪᠣᠭᠤᠮᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠪᠣᠳᠠᠲᠤ ᠰᠣᠷᠢᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/1/26
    ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ   ᠳᠣᠯᠠᠳᠠ᠂ 1 ᠰᠠᠷ᠎ᠠ ᠶᠢᠨ 23 ᠤ ᠡᠳᠦᠷ᠂ ᠡᠷᠢᠶᠡᠨ ᠪᠣᠯᠣᠨ ᠵᠡᠭᠦᠨ ᠰᠦᠨᠢᠳ ᠬᠤᠰᠢᠭᠤ᠂ ᠪᠠᠷᠠᠭᠤᠨ ᠰᠦᠨᠢᠳ ᠬᠤᠰᠢᠭᠤ ᠬᠠᠮᠳᠣᠷᠠᠨ ︽ᠨᠢᠭᠡ ᠬᠤᠲᠠ ᠬᠤᠶᠠᠷ  ᠬᠤᠰᠢᠭᠤ︾ ᠶᠢᠨ ᠵᠠᠮ ᠲᠡᠭᠡᠭᠡᠪᠦᠷᠢ ᠶᠢᠨ ᠰᠢᠰᠲ᠋ᠧᠮ ᠤᠨ ᠬᠠᠮᠲᠤᠷᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠪᠣᠳᠠᠲᠤ ᠰᠣᠷᠢᠯᠲᠠ ᠶᠢ ᠶᠠᠪᠤᠭᠳᠠᠭᠤᠯᠪᠠ᠃ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠲᠤᠬᠠᠢ ᠶᠢᠨ ᠲᠠᠯᠠᠪᠠᠶ ᠳᠤ ᠢᠷᠡᠵᠦ ᠵᠢᠭᠠᠨ ᠵᠢᠯᠣᠭᠤᠳᠪᠠ᠃ᠵᠠᠮ ᠬᠠᠷᠢᠯᠴᠠᠭᠠᠨ ᠤ ᠪᠠᠲᠤᠯᠠᠪᠤᠷᠢ ᠶᠢᠨ ᠬᠠᠮᠢᠶᠠᠷᠤᠨ ᠡᠵᠡᠮᠳᠡᠬᠦ ᠲᠤᠰᠬᠠᠢ ᠠᠩᠭᠢ ᠶᠢᠨ ᠡᠯ᠎ᠡ ᠪᠦᠷᠢᠯᠳᠦᠭᠦᠨ ᠨᠢᠭᠡᠴᠡ ᠶᠢᠨ 100 ᠭᠠᠷᠤᠢ ᠬᠥᠮᠥᠨ᠂ 50 ᠭᠠᠷᠤᠢ ᠲᠡᠷᠭᠡ ᠰᠣᠷᠢᠯᠲᠠ ᠳᠤ ᠣᠷᠣᠯᠴᠠᠪᠠ᠃    ᠰᠣᠷᠢᠯᠲᠠ ᠶᠢᠨ ᠳᠠᠯᠠᠪᠣᠷ ᠲᠤ᠂ ᠡᠷᠢᠶᠡᠨ ᠬᠤᠲᠠ ᠲᠤᠬᠠᠢ ᠶᠢᠨ ᠡᠳᠦᠷ ᠤᠨ ᠭᠤᠣᠯᠳᠠᠯᠭ᠎ᠠ ᠲᠠᠢ ᠬᠥᠮᠥᠰ ᠤᠨ ᠪᠦᠬᠡᠮ ᠬᠦᠴᠢᠯ ᠢ ᠰᠢᠯᠭᠠᠨ ᠪᠠᠶᠢᠴᠠᠭᠠᠵᠤ ᠰᠢᠭᠰᠢᠨ ᠪᠠᠶᠢᠴᠠᠭᠠᠬᠤ ᠳᠤᠮᠳᠠ ᠪᠠᠨ ᠠᠷᠭ᠎ᠠ ᠴᠢᠨᠠᠷᠲᠠᠢ ᠨᠢᠭᠡ ᠰᠢᠨ᠎ᠡ ᠡᠪᠡᠳᠴᠢᠲᠡᠨ ᠢ ᠢᠯᠡᠷᠡᠭᠦᠯᠪᠡ᠂ ᠬᠢᠵᠢᠭ ᠤᠨ ᠳᠡᠯᠭᠡᠷᠡᠬᠦ ᠶᠢ ᠬᠢᠵᠠᠭᠠᠷᠯᠠᠵᠤ᠂ ᠬᠢᠵᠢᠭ ᠤᠨ ᠭᠠᠳᠠᠭᠰᠢ ᠭᠠᠷᠬᠤ ᠶᠢ ᠬᠤᠷᠢᠭᠯᠠᠬᠤ ᠶᠢᠨ ᠳᠣᠯᠠᠳᠠ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠠᠴᠠ ᠪᠥᠬᠦ ᠠᠵᠢᠯᠲᠠᠨ ᠤ ᠪᠦᠬᠡᠮ ᠬᠦᠴᠢᠯ ᠢ ᠰᠢᠯᠭᠠᠨ ᠪᠠᠶᠢᠴᠠᠭᠠᠬᠤ ᠵᠠᠷᠯᠢᠭ ᠨᠡᠶᠢᠲᠡᠯᠡᠪᠡ᠃ ᠬᠤᠲᠠ ᠶᠢᠨ ᠵᠠᠮ ᠬᠠᠷᠢᠯᠴᠠᠭᠠᠨ ᠤ ᠪᠠᠲᠤᠯᠠᠭ᠎ᠠ ᠶᠢᠨ ᠬᠠᠮᠢᠶᠠᠷᠤᠨ ᠡᠵᠡᠮᠳᠡᠬᠦ ᠲᠤᠰᠬᠠᠢ ᠡᠭᠡᠯᠵᠢ ᠶᠢᠨ ᠲᠡᠷᠭᠡ ᠬᠥᠰᠬᠡ ᠶᠢᠨ ᠲᠣᠬᠢᠷᠠᠭᠤᠯᠤᠯᠲᠠ ᠶᠢᠨ ᠲᠠᠰᠤᠭ ᠮᠡᠳᠡᠭᠳᠡᠯ ᠢ ᠣᠯᠣᠭᠰᠠᠨ ᠤ ᠳᠠᠷᠠᠭ᠎ᠠ᠂ ᠲᠡᠷᠡ ᠳᠠᠷᠤᠢ ᠳᠤᠨᠢ ᠪᠡᠯᠡᠳᠬᠡᠯ ᠲᠥᠰᠥᠯ ᠢᠶᠠᠨ ᠡᠬᠢᠯᠡᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠪᠠ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ᠂ ᠠᠵᠢᠯᠲᠠᠨ ᠤ ᠬᠤᠪᠢᠶᠠᠷᠢᠯᠠᠯᠲᠠ᠂ ᠲᠡᠷᠭᠡ ᠬᠥᠰᠬᠡ ᠶᠢᠨ ᠲᠣᠬᠢᠷᠠᠭᠤᠯᠤᠯᠲᠠ᠂ ᠠᠷᠢᠭᠤᠨ ᠴᠡᠪᠡᠷ ᠤᠨ ᠠᠷᠢᠭᠤᠳᠬᠠᠯ ᠵᠡᠷᠭᠡ ᠡᠯ᠎ᠡ ᠭᠤᠭᠴᠣᠭᠠᠨ ᠤ ᠰᠢᠢᠳᠪᠦᠷᠢᠯᠡᠬᠦ ᠲᠠᠰ ᠳᠠᠷᠠᠭᠠᠯᠠᠯ ᠢ ᠠᠯᠬᠤᠮ ᠳᠠᠷᠠᠭ᠎ᠠ ᠶᠢᠨ ᠶᠣᠰᠣᠭᠠᠷ ᠪᠡᠶᠡᠯᠡᠭᠦᠯᠦᠭᠰᠡᠨ ᠪᠠᠶᠢᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠪᠥᠬᠦ ᠬᠤᠲᠠ ᠶᠢᠨ ᠥᠯᠢᠭᠡᠷ ᠠᠪᠬᠤ ᠴᠢᠭ ᠤᠨ ᠪᠠᠶᠢᠷᠢᠰᠢᠭᠤᠯᠤᠯᠲᠠ ᠶᠢ ᠦᠨᠳᠦᠰᠦᠯᠡᠨ ᠥᠯᠢᠭᠡᠷ ᠡᠳ᠋ ᠲᠡᠭᠡᠭᠡᠪᠦᠷᠢᠯᠡᠨ ᠬᠦᠷᠭᠡᠬᠦ ᠲᠡᠷᠭᠡ ᠬᠥᠰᠬᠡ ᠶᠢ ᠲᠣᠭᠲᠠᠭᠠᠵᠤ᠂ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠡᠬᠢᠯᠡᠭᠦᠯᠬᠦ ᠦᠶ᠎ᠡ ᠳᠤ ᠡᠮᠴᠢ ᠰᠤᠪᠢᠯᠠᠭᠴᠢ᠂ ᠡᠮᠴᠢᠯᠡᠭᠡᠨ ᠤ ᠡᠳ᠋ ᠪᠣᠳᠠᠰ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠥᠯᠢᠭᠡᠷ ᠡᠳ᠋ ᠤᠨ ᠪᠠᠴᠢᠮ ᠪᠠᠶᠢᠳᠠᠯ ᠢ ᠠᠷᠭᠠᠴᠠᠨ ᠲᠡᠭᠡᠭᠡᠪᠦᠷᠢᠯᠡᠨ ᠬᠦᠷᠭᠡᠬᠦ ᠪᠠᠲᠤᠯᠠᠭ᠎ᠠ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ᠰᠣᠷᠢᠯᠲᠠ ᠶᠢᠨ ᠳᠤᠮᠳᠠ᠂ ᠰᠣᠷᠢᠯᠲᠠ ᠳᠤ ᠣᠷᠣᠯᠴᠠᠭᠰᠠᠳ ᠤᠨ ᠠᠵᠢᠯ ᠤᠨ ᠬᠤᠪᠢᠶᠠᠷᠢᠯᠠᠯ ᠲᠣᠳᠣᠷᠬᠠᠢ ᠪᠠᠶᠢᠵᠤ᠂ ᠰᠡᠳᠬᠢᠯ ᠰᠠᠨᠠᠭ᠎ᠠ ᠪᠠᠨ ᠣᠯᠣᠯᠴᠠᠨ ᠬᠠᠮᠵᠢᠯᠴᠠᠵᠤ᠂ ᠵᠢᠷᠤᠮᠵᠢᠭᠰᠠᠨ ᠶᠠᠪᠤᠴᠠ ᠶᠢ ᠴᠢᠩᠭ᠎ᠠ ᠵᠢᠷᠤᠮᠯᠠᠨ ᠠᠵᠢᠯᠯᠠᠵᠤ᠂ ᠰᠣᠷᠢᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠡᠢ᠃     ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠵᠠᠮ ᠲᠡᠭᠡᠭᠡᠪᠦᠷᠢ ᠶᠢᠨ ᠰᠢᠰᠲ᠋ᠧᠮ ᠤᠨ ᠬᠢᠨ ᠲᠣᠰ ᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠᠷ ᠲᠣᠬᠢᠶᠠᠯ ᠪᠣᠯᠭᠠᠨ᠂ ᠡᠩᠨᠡᠭᠡ ᠶᠢᠨ ᠪᠣᠳᠠᠲᠤ ᠪᠠᠶᠢᠯᠳᠤᠭᠠᠨ ᠤ ᠴᠢᠳᠠᠪᠤᠷᠢ ᠶᠢ ᠪᠣᠯᠪᠠᠰᠤᠷᠠᠭᠤᠯᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠡᠯ᠎ᠡ ᠵᠦᠢᠯ ᠤᠨ ᠶᠠᠪᠤᠴᠠ ᠶᠢ ᠡᠮᠬᠢ ᠵᠢᠷᠤᠮ ᠲᠠᠢ᠂ ᠥᠨᠳᠥᠷ ᠪᠦᠲᠦᠮᠵᠢᠲᠡᠶ᠂ ᠰᠢᠨᠵᠢᠯᠡᠬᠦ ᠤᠬᠠᠭᠠᠨᠴᠢ ᠪᠠᠷ ᠥᠷᠨᠢᠭᠦᠯᠬᠦ ᠶᠢ ᠦᠨᠡᠨ ᠬᠦ ᠪᠠᠲᠤᠯᠠᠨ᠎ᠠ ᠭᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号