ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2022/1/5
       1 ᠰᠠᠷ᠎ᠠ ᠶᠢᠨ 4 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯᠳᠤᠭᠠᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠦᠪᠡᠳᠡᠭᠰᠢ ᠶᠡᠭᠡ ᠪᠠᠷ ᠡᠬᠢᠯᠡᠪᠡ᠃
       ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠠᠭᠤᠯᠠ᠂ ᠬᠤᠲᠠ ᠶᠢᠨ ᠨᠠᠢᠮᠠᠳᠣᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠢᠶᠣᠤ ᠸᠧᠶ ᠭᠦᠸᠧ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠠᠨ ᠬᠤᠩ  ᠨᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃        ᠠᠶᠢᠮᠠᠭ ᠤᠨ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠬᠤ ᠭᠤᠷᠪᠠᠳᠤᠭᠠᠷ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠡᠷᠬᠢᠯᠡᠭᠴᠢ ᠸᠠᠩ ᠶᠦᠩ ᠮᠢᠩ᠂ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠪᠠᠶ ᠹᠦ᠋ ᠶᠢᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠤᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃    
   ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ︵ᠬᠢᠲᠠᠳ ᠦᠰᠦᠭ ᠤᠨ ᠬᠢᠲᠠᠳ ᠦᠰᠦᠭ ᠤᠨ ᠪᠢᠴᠢᠯᠭᠡ ᠶᠢᠨ ᠲᠡᠰ ᠳᠠᠷᠠᠭᠠᠯᠠᠯ ᠢᠶᠠᠷ ᠵᠢᠭᠰᠠᠭᠠᠪᠠ︶ ᠨᠠᠷᠠᠰᠤ᠂ ᠢᠦᠢ ᠬᠤᠩ ᠯᠢ᠂ ᠵᠠᠩ ᠴᠦᠨ ᠬᠤᠸᠠᠨ᠂ ᠶᠤᠸᠠᠢ ᠰᠢ ᠬᠤᠸᠠ᠂ ᠭᠦᠸᠧ ᠫᠢᠩ ᠸᠠᠩ᠂ ᠰᠢᠯᠢᠩᠪᠠᠭᠠᠲᠤᠷ᠂ ᠹᠠᠨ ᠭᠤᠤ ᠶᠤᠸᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ ᠬᠤᠳᠠ ᠶᠢᠨ ᠤᠳᠤᠷᠢᠳᠤᠯᠭ᠎ᠠ ᠶᠠᠩ ᠶᠢᠨ ᠷᠦᠢ᠂ ᠾᠧᠦ ᠶᠠᠨ ᠮᠢᠨ᠂ ᠤᠯᠠᠭᠠᠨ᠂ ᠵᠠᠩ ᠶᠢᠩ ᠵᠢᠶᠧ᠂ ᠭᠧᠩ ᡁᠢ ᠵᠢᠶᠦ᠋ᠨ᠂ ᠮᠦᠸᠧ ᠬᠤᠩ ᠵᠢᠶᠦ᠋ᠨ᠂ ᠵᠠᠩ ᠺᠠᠢ ᠳ᠋ᠦᠩ᠂ ᠵᠠᠩ ᠯᠢ ᠴᠧᠩ᠂ ᠯᠢᠶᠠᠩ ᠲᠢᠶᠧ ᠶᠢᠨ᠂ ᠰᠦᠨ ᠰᠢᠶᠠᠩ ᠳ᠋ᠦᠩ᠂ ᠵᠤᠤ ᠱᠤᠤ ᠰᠢᠶᠠ ᠪᠤᠢ᠃    ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠣᠭᠵᠢᠯ ᠶᠡᠭᠡ ᠬᠤᠷᠠᠯ ᠢ ᠡᠷᠭᠢᠯᠡᠪᠡ᠃ ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 131 ᠬᠥᠮᠦᠨ᠂ ᠪᠣᠳᠠᠲᠠᠶ ᠪᠠᠷ ᠣᠷᠣᠯᠴᠠᠭᠰᠠᠨ ᠨᠢ 129 ᠬᠥᠮᠦᠨ ᠪᠠᠶᠢᠵᠤ᠂ ᠤᠯᠤᠰ ᠲᠥᠷᠥ ᠶᠢᠨ ᠵᠥᠪᠯᠡᠯᠭᠡᠨ ᠤ ᠲᠦᠷᠢᠮ ᠤᠨ ᠲᠣᠭᠲᠠᠭᠠᠯ ᠳᠤ ᠨᠡᠶᠢᠴᠡᠵᠦ ᠪᠠᠶᠢᠨ᠎ᠠ᠃ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ᠃ ᠴᠢᠶᠣᠤ ᠸᠧᠶ ᠭᠦᠸᠧ ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠨᠠᠢᠮᠠᠳᠣᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠪᠡ᠃  
  ᠴᠢᠶᠣᠤ ᠸᠧᠶ ᠭᠦᠸᠧ ᠮᠡᠳᠡᠭᠦᠯᠦᠯᠲᠡ ᠳᠡᠭᠡᠨ ᠵᠢᠭᠠᠵᠤ ᠭᠠᠷᠭᠠᠭᠰᠠᠨ ᠨᠢ᠂ 2018 ᠣᠨ ᠠᠴᠠ ᠨᠠᠰᠢ᠂ ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠨᠢ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠯᠬᠦᠮᠳᠡᠯ ᠪᠣᠯᠤᠨ ᠠᠷᠠᠳᠴᠢᠯᠠᠯ ᠭᠡᠬᠦ ᠬᠤᠶᠠᠷ ᠶᠡᠭᠡ ᠭᠤᠣᠯ ᠰᠡᠳᠦᠪ ᠢ ᠪᠠᠲᠤ ᠡᠵᠡᠮᠳᠡᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠤᠯᠤᠰ ᠲᠦᠷᠦ ᠶᠢᠨ ᠵᠥᠪᠯᠡᠯᠭᠡ ᠬᠢᠬᠦ ᠶᠢ ᠢᠳᠡᠪᠬᠢᠲᠡᠢ ᠠᠬᠢᠭᠤᠯᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠦᠴᠦᠯᠡᠨ ᠴᠢᠩᠭᠠᠳᠬᠠᠵᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃        ᠶᠡᠭᠡ ᠬᠤᠷᠠᠯ ᠠᠴᠠ ᠪᠠᠰᠠ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠾᠧᠦ ᠶᠠᠨ ᠮᠢᠨ ᠤ ᠬᠢᠭᠰᠡᠨ ᠤᠯᠤᠰ ᠲᠦᠷᠦ ᠶᠢᠨ ᠵᠥᠪᠯᠡᠯᠭᠡᠨ ᠤ ᠡᠷᠢᠶᠡᠨ ᠬᠤᠳᠠ ᠶᠢᠨ ᠶᠢᠰᠦᠳᠦᠭᠡᠷ ᠬᠤᠭᠤᠴᠠᠭᠠᠨ ᠤ  ᠬᠤᠷᠢᠶ᠎ᠠ ᠶᠢᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ᠂ ᠪᠠᠶᠢᠩᠭᠤ ᠶᠢᠨ ᠭᠡᠰᠢᠭᠦᠨ ᠤ ᠵᠢᠱᠢᠭᠳᠡᠭᠰᠡᠳ ᠤᠨ ᠨᠡᠷᠡᠰ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠴᠠᠢ᠃ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠤᠤ ᠱᠤᠤ ᠰᠢᠶᠠ ᠶᠢᠨ ᠬᠢᠭᠰᠡᠨ ᠨᠠᠢᠮᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠲᠤᠬᠠᠶ ᠤᠯᠤᠰ ᠲᠦᠷᠦ ᠶᠢᠨ ᠵᠥᠪᠯᠡᠯᠭᠡᠨ ᠤ ᠡᠷᠢᠶᠡᠨ ᠬᠤᠲᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠮᠡᠳᠡᠭᠦᠯᠦᠯᠲᠡ ᠶᠢ ᠰᠣᠨᠣᠰᠪᠠ᠃        ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠡᠷ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠬᠤᠲᠠ ᠶᠢᠨ ᠨᠠᠢᠮᠠᠳᠣᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠬᠠᠮᠠᠳ ᠤᠳᠤᠷᠢᠳᠤᠯᠭ᠎ᠠ ᠶᠢᠨ ᠲᠥᠯᠥᠭᠡᠯᠡᠭᠴᠢ᠂ ᠬᠤᠲᠠ ᠶᠢᠨ ᠲᠣᠭᠤᠷᠢᠭ ᠲᠤ ᠰᠠᠭᠤᠭ᠎ᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠲᠠ ᠶᠢᠨ ᠰᠢᠭᠤᠳ ᠬᠠᠷᠢᠶ᠎ᠠ ᠬᠤᠲᠠ ᠳᠤ ᠰᠠᠭᠤᠭ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤᠷᠢᠯᠭ᠎ᠠ ᠪᠠᠷ ᠶᠡᠭᠡ ᠬᠤᠷᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号