ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2022/1/7
                                 ᠵᠠᠰᠠᠭ ᠤᠨ ᠣᠷᠳᠣᠨ ᠤ ᠠᠵᠢᠯ ᠤᠨ ᠢᠯᠡᠳᠬᠡᠯ                                                                                           —  2022 ᠣᠨ ᠤ 1 ᠰᠠᠷ᠎ᠠ ᠶᠢᠨ 5 ᠤ  ᠡᠳᠦᠷ ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ                                                                                             ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠤᠭᠠᠨ ᠳᠡᠭᠡᠷ᠎ᠡ                                                                                                                                                     ᠯᠦ ᠪᠦᠦ ᠳ᠋ᠦᠩ    ᠲᠥᠯᠥᠭᠡᠯᠡᠭᠴᠢᠳ ᠡ᠄ ᠤᠳᠤ ᠪᠢ ᠡᠷᠢᠶᠡᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ ᠶᠡᠭᠡ ᠬᠤᠷᠠᠯ ᠳᠤ ᠠᠵᠢᠯ  ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠣᠷᠠᠳᠣᠭᠠᠷᠠᠢ᠃ᠨᠢᠭᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠤ ᠲᠦᠷᠪᠡᠨ ᠵᠢᠯ ᠪᠣᠯ ᠪᠣᠭᠤᠮᠲᠠ ᠶᠢᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠲᠦᠷᠪᠡᠨ ᠵᠢᠯ ᠪᠣᠯᠤᠨ᠎ᠠ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠬᠥᠭᠵᠢᠯᠲᠡ ᠶᠢᠨ ᠪᠠᠶᠢᠳᠠᠯ᠂ ᠬᠠᠲᠠᠭᠤ ᠪᠡᠷᠬᠡ ᠨᠦᠰᠡᠷ ᠬᠦᠨᠳᠦ ᠥᠭᠡᠷᠡᠴᠢᠯᠡᠯᠲᠡ ᠶᠢᠨ ᠡᠭᠦᠷᠭᠡ ᠪᠣᠯᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠶᠢᠨ ᠡᠮᠦᠨ᠎ᠡ᠂ ᠬᠤᠲᠠ ᠶᠢᠨ ᠵᠠᠰᠠᠭ ᠤᠨ ᠣᠷᠳᠣᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠰᠢᠨ᠎ᠡ ᠬᠥᠭᠵᠢᠯᠲᠡ ᠶᠢᠨ ᠱᠠᠲᠤᠨ ᠳᠤ  ᠰᠠᠭᠤᠷᠢᠯᠠᠨ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠣᠯᠴᠠᠨ᠂ ︽ᠵᠢᠷᠭᠤᠭ᠎ᠠ ᠶᠢ ᠳᠣᠭᠳᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠡᠷᠡᠯᠬᠡᠭᠯᠡᠨ ᠤᠷᠤᠭᠰᠢᠯᠠᠵᠤ᠂ ᠡᠷᠡᠮᠡᠬᠡᠶᠢᠯᠡᠨ ᠳᠡᠮᠡᠴᠡᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢ ᠰᠠᠶᠢᠳᠣᠷ ᠡᠬᠢᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠬᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠠᠢ᠃ ᠵᠢᠱᠢᠯᠲᠡ ᠪᠠᠷ 2021 ᠣᠨ ᠳᠤ᠂ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠦᠰᠦᠯᠳᠠ ᠶᠢᠨ ᠬᠤᠷᠳᠤᠴᠠ ᠵᠣᠬᠢᠰᠲᠠᠢ ᠣᠷᠣᠨ ᠵᠠᠢ ᠳᠤ ᠪᠠᠶᠢᠬᠤ ᠶᠢ ᠪᠠᠲᠤᠯᠠᠨ᠎ᠠ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠵᠢᠯ ᠪᠦᠷᠢ ᠳᠤᠮᠳᠠᠴᠢ ᠪᠠᠷ 6.4%  ᠪᠠᠷ ᠨᠡᠮᠡᠭᠳᠡᠨ᠎ᠡ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠦᠷᠳᠡᠭ ᠢ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠨ᠎ᠡ᠃ —— ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠶᠢ ᠭᠤᠶᠢᠪᠢᠰᠢ ᠦᠭᠡᠢ ᠪᠠᠷᠢᠮᠳᠠᠯᠠᠵᠦ᠂ ︽ᠭᠤᠷᠪᠠᠨ ᠶᠡᠭᠡ ᠪᠣᠭᠤᠮᠳᠠ ᠰᠢᠪᠳᠣᠯᠬᠤ ᠳᠠᠶᠢᠯᠠᠯᠳᠣᠭᠠᠨ︾ ᠤ ᠰᠢᠨ᠎ᠡ ᠢᠯᠠᠯᠲᠠ ᠶᠢ ᠤᠯᠪᠠ᠃ᠨᠠᠷᠢᠯᠢᠭ ᠣᠨᠣᠪᠴᠢᠳᠠᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠣᠯᠳᠠ ᠶᠢᠨ ᠰᠢᠢᠳᠪᠦᠷᠢᠲᠦ ᠢᠯᠠᠯᠲᠠ ᠶᠢ ᠤᠯᠪᠠ ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠶᠢ ᠴᠢᠩᠭ᠎ᠠ ᠠᠳᠬᠤᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠪᠠ ᠦᠨᠳᠦᠰᠦᠨ ᠠᠮᠢᠳᠣᠷᠠᠯ ᠢ ᠪᠠᠲᠤᠯᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠬᠤᠶᠠᠷ ᠵᠢᠯ ᠤᠷᠢᠳᠴᠢᠯᠠᠨ ᠶᠠᠳᠠᠭᠤ ᠠᠴᠠ ᠠᠩᠭᠢᠵᠢᠷᠠᠭᠤᠯᠵᠤ᠂ ᠬᠥᠮᠦᠨ ᠳᠤᠮᠳᠠᠴᠢ ᠣᠷᠣᠯᠭ᠎ᠠ 51% ᠪᠠᠷ ᠨᠡᠮᠡᠭᠳᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠳᠠ ᠰᠢᠪᠳᠣᠯᠣᠯᠳᠠ ᠶᠢᠨ ᠠᠵᠢᠯ ᠢ ᠭᠦᠨᠵᠡᠭᠡᠶᠢᠷᠡᠭᠦᠯᠦᠨ ᠠᠬᠢᠭᠤᠯᠪᠠ᠃ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ 39 ᠠᠵᠤ ᠠᠬᠤᠶᠢᠯᠠᠯ ᠢ ᠴᠡᠭᠴᠡᠯᠡᠨ ᠵᠠᠰᠠᠵᠤ᠂ ᠪᠣᠬᠢᠷ ᠤᠰᠤᠨ ᠤ ᠦᠢᠯᠡᠳᠪᠣᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠳᠠᠭᠤᠰᠬᠠᠵᠤ᠂ ᠪᠣᠬᠢᠷ ᠤᠰᠤᠨ ᠤ ᠭᠠᠳᠠᠭᠰᠢᠯᠠᠭᠤᠯᠤᠯᠲᠠ ᠶᠢ ᠤᠯᠤᠰ ᠤᠨ ᠨᠢᠭᠡᠳᠦᠭᠡᠷ ᠳᠡᠰ ᠤᠨ A ᠲᠥᠷᠥᠯ ᠤᠨ ᠪᠠᠷᠢᠮᠵᠢᠶ᠎ᠠ ᠳᠤ ᠬᠦᠷᠭᠡᠨ᠂ ᠡᠩ ᠤᠨ ᠠᠵᠤ ᠦᠢᠯᠡᠳᠪᠣᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠢᠳᠪᠣᠷᠢᠯᠡᠭᠰᠡᠨ ᠨᠣᠷᠮ᠎ᠠ ᠶᠢ 100% ᠳᠤ ᠬᠦᠷᠬᠡᠵᠦ᠂ ᠳᠡᠭᠡᠳᠦ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠡᠮᠬᠢᠯᠡᠨ ᠰᠢᠯᠢᠳᠡᠭᠵᠢᠭᠦᠯᠦᠨ᠂ ᠪᠥᠬᠦ ᠬᠤᠲᠠ ᠶᠢᠨ 26.4% ᠶᠢᠨ ᠣᠯᠣᠰ ᠤᠨ ᠨᠤᠲᠤᠭ ᠳᠡᠪᠢᠰᠬᠡᠷ ᠤᠨ ᠲᠠᠯᠠᠪᠠᠶ ᠶᠢ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠳᠤ ᠣᠷᠣᠭᠤᠯᠪᠠ᠃ ᠣᠶ ᠰᠢᠭᠤᠶ᠂ ᠨᠣᠳᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠳᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ  ᠶᠢᠨ ᠱᠠᠩᠨᠠᠯ ᠨᠦᠬᠦᠪᠣᠷᠢ ᠶᠢᠨ ᠳᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠣᠨ᠂ ᠣᠶ ᠰᠢᠭᠤᠶ ᠡᠪᠡᠰᠦ ᠪᠡᠯᠴᠢᠭᠡᠷ ᠢ ᠲᠤᠰᠬᠠᠶᠢᠯᠠᠨ ᠴᠡᠭᠴᠡᠯᠡᠨ ᠵᠠᠰᠠᠬᠤ ᠡᠭᠦᠷᠭᠡ ᠶᠢ ᠪᠥᠬᠦ ᠠᠶᠢᠮᠠᠭ ᠲᠤ ᠳᠦᠷᠦᠬᠦᠯᠡᠨ ᠪᠡᠶᠡᠯᠡᠭᠦᠯᠵᠦ᠂ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ ᠪᠦᠷᠬᠦᠴᠡ ᠶᠢᠨ ᠬᠡᠮᠵᠢᠶ᠎ᠡ ᠶᠢ ᠢᠯᠡᠳᠲᠡ ᠰᠡᠷᠭᠦᠭᠡᠪᠡ᠃ ᠥᠷᠢ ᠥᠭᠴᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠶᠡᠷᠦᠩᠬᠡᠶ ᠳᠡᠭᠡᠨ ᠡᠵᠡᠮᠳᠡᠵᠦ ᠴᠢᠳᠠᠬᠤ ᠪᠣᠯᠪᠠ᠃ ᠬᠠᠳᠠᠭᠠᠯᠠᠮᠵᠢ ᠶᠢᠨ ᠪᠠᠯᠠ ᠮᠥᠩᠭᠦ ᠶᠢ ᠴᠢᠯᠥᠭᠡᠲᠡᠶ ᠪᠣᠯᠭᠠᠬᠤ᠂ ᠪᠠᠷᠢᠯᠭ᠎ᠠ ᠪᠠᠶᠢᠭᠤᠯᠣᠯᠳᠠ ᠳᠤ ᠵᠠᠷᠣᠴᠠᠭᠤᠯᠣᠭᠰᠠᠨ ᠦᠷᠳᠡᠭ ᠢ ᠬᠢᠨᠠᠨ ᠬᠠᠰᠤᠬᠤ ᠵᠢᠴᠢ ᠮᠥᠩᠭᠦᠨ ᠬᠦᠢᠯᠭᠡᠭᠡ ᠪᠠᠷ ᠥᠷᠢ ᠥᠭᠴᠡᠭᠡ ᠶᠢ ᠠᠷᠢᠯᠭᠠᠬᠤ ᠵᠡᠷᠭᠡ ᠠᠷᠭ᠎ᠠ ᠬᠡᠮᠵᠢᠶ᠎ᠡ ᠠᠪᠴᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠤᠨ ᠮᠠᠷᠭᠤᠭᠠᠨ ᠦᠭᠡᠢ ᠲᠠᠩᠰᠠᠨ ᠳᠠᠬᠢ ᠮᠦᠩᠬᠦ ᠶᠢ ᠪᠦᠬᠦᠨ ᠢ ᠳᠥᠯᠥᠵᠦ ᠳᠠᠭᠤᠰᠬᠠᠨ᠂ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢ 10 ᠳ᠋ᠦᠩᠰᠢᠭᠤᠷ ᠲᠥᠭᠦᠷᠢᠭ ᠠᠷᠢᠯᠭᠠᠵᠤ᠂ ᠰᠢᠰᠲ᠋ᠧᠮ ᠤᠨ ᠴᠢᠨᠠᠷᠲᠠᠶ ᠮᠦᠩᠭᠦᠨ ᠭᠦᠢᠯᠭᠡᠭᠡᠨ ᠤ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠪᠠ᠃ —— ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠭᠤᠶᠢᠪᠢᠰᠢ ᠦᠭᠡᠢ ᠪᠠᠷ ᠲᠦᠯᠬᠢᠨ ᠠᠬᠢᠭᠤᠯᠵᠤ᠂ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠰᠢᠨ᠎ᠡ ᠳᠡᠭᠲᠡᠷ ᠲᠤ ᠭᠠᠷᠪᠠ᠃ ᠤᠯᠠᠨ ᠤᠯᠤᠰ ᠤᠨ ᠠᠷᠠᠯᠵᠢᠶ᠎ᠠ ᠪᠠᠷᠠᠭᠠᠨ ᠤ ᠬᠦᠢᠯᠭᠡᠭᠡ ᠳᠣᠭᠳᠠᠭᠤᠨ ᠢᠶᠠᠷ ᠬᠦᠭᠵᠢᠪᠡ᠃ ᠪᠥᠬᠦ ᠬᠤᠲᠠ ᠶᠢᠨ ᠳᠠᠩᠰᠠᠯᠠᠭᠤᠯᠤᠭᠰᠠᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ 2299᠂ ᠬᠢᠯᠢ ᠶᠢᠨ ᠭᠠᠳᠠᠨ᠎ᠠ ᠪᠠᠯᠠ ᠣᠷᠣᠭᠤᠯᠤᠭᠰᠠᠨ ᠠᠵᠤ ᠠᠬᠤᠶᠢᠯᠠᠯ 42 ᠪᠣᠯᠵᠣ᠂ ᠭᠠᠳᠠᠭᠠᠳᠤ ᠠᠵᠤ ᠠᠬᠤᠶ ᠠᠷᠠᠯᠵᠢᠶᠠᠨ ᠤ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ 1.2 ᠳ᠋ᠦᠩᠰᠢᠭᠤᠷ ᠲᠥᠭᠦᠷᠢᠭ ᠬᠦᠭᠡᠭᠡᠴᠡᠯᠳᠦᠨ ᠣᠯᠪᠠ᠃ ᠤᠯᠠᠭᠠᠨᠴᠠᠪ — ᠡᠷᠢᠶᠡᠨ ᠬᠤᠲᠠ ᠶᠢᠨ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠬᠦᠢᠯᠭᠡᠭᠡᠨ ᠤ ᠬᠦᠢᠰᠦ᠂ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢᠨ ᠭᠠᠵᠠᠷ ᠪᠠ ᠠᠮᠢᠳᠤ ᠬᠤᠨᠢ᠂ ᠮᠢᠬᠠᠨ ᠤ ᠵᠦᠢᠯ ᠢ ᠭᠠᠳᠠᠭᠠᠳᠤ ᠠᠴᠠ ᠣᠷᠣᠭᠤᠯᠬᠤ ᠡᠷᠭᠡ ᠶᠢ ᠣᠯᠣᠭᠰᠠᠨ ᠪᠣᠭᠤᠮᠲᠠ ᠪᠠᠷ ᠵᠥᠪᠰᠢᠶᠡᠷᠡᠭᠳᠡᠪᠡ᠃ ᠬᠢᠯᠢ ᠪᠠᠷ ᠳᠠᠮᠵᠢᠨ ᠦᠩᠭᠡᠷᠡᠬᠦ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠱᠤᠭᠤᠮ 54 ᠵᠤᠷᠪᠤᠰ ᠪᠣᠯᠤᠨ ᠨᠡᠮᠡᠭᠳᠡᠵᠦ᠂ 7665 ᠴᠤᠪᠤᠭ᠎ᠠ ᠭᠠᠯᠲᠤ ᠲᠡᠷᠭᠡ ᠶᠢ ᠰᠢᠯᠭᠠᠨ ᠦᠩᠭᠡᠷᠡᠬᠦᠯᠵᠦ᠂ ᠪᠥᠬᠦ ᠤᠯᠤᠰ ᠤᠨ ᠶᠡᠷᠦᠩᠬᠡᠶ ᠬᠡᠮᠵᠢᠶᠡᠨ ᠤ 20% ᠣᠷᠴᠢᠮ ᠢ ᠡᠵᠡᠯᠡᠵᠦ᠂ ᠵᠢᠯ ᠪᠦᠷᠢ ᠳᠤᠮᠳᠠᠴᠢ ᠪᠠᠷ 37% ᠪᠠᠷ ᠨᠡᠮᠡᠭᠳᠡᠪᠡ᠃ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 7170 ᠳᠦᠮᠡᠨ ᠳᠣᠨ ᠳᠤ ᠬᠦᠷᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠣᠯᠪᠠᠰᠤᠷᠠᠭᠤᠯᠬᠤ ᠦᠢᠯᠡᠰ ᠤᠨ ᠶᠠᠰᠤ ᠴᠢᠨᠠᠷ ᠳᠡᠭᠡᠭᠰᠢᠯᠡᠵᠦ ᠦᠷ᠎ᠡ ᠠᠰᠢᠭ ᠨᠢ ᠨᠡᠮᠡᠭᠳᠡᠪᠡ᠃ ᠣᠰᠦ ᠬᠡᠷᠡᠭᠯᠡᠬᠦ ᠬᠡᠮᠵᠢᠶ᠎ᠡ ᠪᠠᠷ ᠠᠵᠦ ᠦᠢᠯᠡᠰ ᠤᠨ ᠲᠦᠷᠦᠯ ᠢ ᠳᠣᠭᠳᠠᠭᠠᠬᠤ ᠶᠢ ᠴᠢᠩᠭ᠎ᠠ ᠵᠢᠷᠣᠮᠯᠠᠵᠦ᠂  ᠨᠠᠷᠢᠯᠢᠭ ᠣᠨᠣᠪᠴᠢᠳᠠᠢ ᠪᠠᠷ ᠬᠤᠳᠠᠯᠳᠤᠭᠠᠴᠢᠨ ᠤᠷᠢᠵᠤ ᠪᠠᠯᠠ ᠣᠷᠣᠭᠤᠯᠣᠨ᠂ 31 ᠲᠥᠷᠥᠯ ᠵᠦᠢᠯ ᠢ ᠵᠣᠯᠭᠠᠭᠤᠯᠤᠨ ᠨᠠᠶᠢᠳᠠᠪᠤᠷᠢᠵᠢᠭᠤᠯᠵᠤ᠂ 20.8 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠪᠠ᠃ ᠪᠠᠶ ᠾᠦᠢ ᠶᠤᠸᠠᠨ᠂ ᠳ᠋ᠦᠩ ᠰᠢᠨ ᠂ ᠮᠢᠩ ᠢᠦᠢ ᠸᠧᠶ ᠶᠧ ᠵᠡᠷᠭᠡ ᠨᠢᠭᠡ ᠪᠦᠯᠦᠭ ᠠᠭᠤᠷᠬᠠᠶ ᠶᠢᠨ ᠭᠠᠷᠤᠯᠲᠠ᠂ ᠠᠮᠤ ᠳᠣᠰᠣ᠂ ᠨᠣᠣᠰᠣ ᠨᠣᠣᠯᠣᠭᠤᠷ ᠪᠣᠯᠪᠠᠰᠤᠷᠠᠭᠤᠯᠬᠤ ᠲᠦᠷᠦᠯ ᠵᠦᠢᠯ ᠢ ᠵᠠᠯᠭᠠᠯᠳᠤᠭᠠᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠳᠡᠭ 37.8 ᠳ᠋ᠦᠩᠰᠢᠭᠤᠷ ᠲᠥᠭᠦᠷᠢᠭ ᠲᠤ ᠬᠦᠷᠴᠡᠶ᠃ ᠬᠢᠯᠢ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠠᠮᠢᠳᠤᠯᠢᠭ ᠬᠦᠴᠦᠨ ᠴᠢᠩᠭᠠᠷᠠᠪᠠ᠃ ᠤᠯᠤᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠤᠯᠤᠰ ᠤᠨ ᠡᠬᠦᠳᠠ ᠵᠢᠭᠤᠯᠴᠢᠯᠠᠯ ᠤᠨ ᠦᠵᠡᠮᠵᠢ ᠶᠢᠨ ᠣᠷᠣᠨ ᠢ ᠤᠯᠤᠰ ᠤᠨ 4A ᠲᠠᠰ ᠤᠨ ᠦᠵᠡᠮᠵᠢ ᠶᠢᠨ ᠣᠷᠣᠨ ᠪᠣᠯᠭᠠᠨ ᠳᠡᠪᠰᠢᠭᠦᠯᠵᠦ᠂ ᠡᠷᠢᠶᠡᠨ ᠥᠷᠲᠡᠭᠡ ᠶᠢᠨ ᠪᠠᠭᠤᠷᠢ ᠶᠢ ᠪᠥᠬᠦ ᠤᠯᠤᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠳᠤ ᠣᠷᠣᠭᠤᠯᠪᠠ᠃ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠫᠠᠶᠢᠰᠠ ᠡᠯᠭᠦᠨ ᠡᠵᠡᠩᠨᠡᠯᠲᠡ ᠬᠢᠵᠦ᠂ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ᠂ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠶᠡᠷᠦᠩᠬᠡᠶᠢᠯᠡᠭᠰᠡᠨ ᠮᠦᠽᠧᠶ ᠵᠡᠷᠭᠡ ᠶᠢ ᠳᠡᠰ ᠳᠡᠪᠰᠢᠬᠦᠯᠦᠨ ᠬᠦᠭᠵᠢᠬᠦᠯᠵᠦ᠂ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠳᠤᠮᠳᠠᠳᠤ ᠮᠣᠩᠭᠤᠯ ᠤᠨ ᠣᠯᠠᠨ ᠤᠯᠤᠰ ᠤᠨ ᠮᠣᠷᠢᠨ ᠮᠡᠷᠭᠡᠵᠢᠯ ᠤᠨ ᠲᠣᠭᠯᠠᠯᠲᠠ ᠶᠢᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠪᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠢ 567.3 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ 131 ᠳ᠋ᠦᠩᠰᠢᠭᠤᠷ ᠲᠥᠭᠦᠷᠢᠭ ᠲᠤ ᠬᠦᠷᠪᠡ᠃ ᠴᠡᠪᠡᠷ ᠡᠨᠧᠷᠭᠢ ᠶᠢᠨ ᠰᠤᠷᠪᠤᠯᠵᠢ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠪᠴᠢᠶ᠎ᠡ ᠪᠤᠵᠠᠭᠠᠶᠢᠷᠠᠪᠠ᠃ 9 ᠲᠦᠮᠡᠨ ᠺᠢᠯᠣᠸᠠᠲ ᠤᠨ ᠬᠡᠷᠡᠯ ᠴᠠᠬᠢᠯᠭᠠᠨ᠂ 13 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠪᠠᠶᠢᠭᠤᠯᠤᠨ ᠳᠠᠭᠤᠰᠬᠠᠵᠤ᠂ ᠳᠠᠬᠢᠨ ᠠᠰᠢᠭᠯᠠᠵᠦ ᠪᠣᠯᠬᠤ ᠡᠨᠧᠷᠭᠢ ᠶᠢᠨ ᠪᠢᠴᠢᠯ ᠴᠠᠬᠢᠯᠭᠠᠨ ᠲᠣᠤᠷ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠪᠥᠬᠦ ᠬᠤᠲᠠ ᠶᠢᠨ ᠨᠠᠷᠠ ᠰᠠᠯᠬᠢᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 57.9 ᠲᠦᠮᠡᠨ ᠺᠢᠯᠣᠸᠠᠲ ᠲᠤ ᠬᠥᠷᠪᠡ᠃ ᠳᠤᠮᠳᠠᠳᠤ ᠤᠯᠤᠰ ᠤᠨ ᠲᠡᠯᠡᠶ ᠳᠠᠩᠬᠢᠰ ᠤᠨ ᠴᠢᠯᠠᠭᠤᠨ ᠲᠣᠰᠣ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠴᠡᠪᠡᠷ ᠡᠨᠧᠷᠭᠢ ᠪᠠᠷ ᠢᠯᠴᠢ ᠬᠠᠩᠭᠠᠬᠤ ᠲᠠᠯᠠᠪᠠᠶ 18 ᠲᠦᠮᠡᠨ ᠲᠡᠭᠰᠢ ᠳᠥᠷᠪᠡᠯᠵᠢᠨ ᠮᠧᠲᠷ ᠲᠤ ᠬᠥᠷᠪᠡ᠃—— ᠥᠭᠡᠷᠡᠴᠢᠯᠡᠯᠲᠡ ᠨᠡᠭᠡᠭᠡᠯᠳᠡ ᠶᠢ ᠭᠤᠶᠢᠪᠢᠰᠢ ᠦᠭᠡᠢ ᠪᠠᠷ ᠦᠷᠭᠦᠯᠵᠢᠯᠡᠨ ᠭᠦᠨᠵᠡᠭᠡᠶᠢᠷᠡᠭᠦᠯᠵᠦ᠂ ᠬᠦᠭᠵᠢᠬᠦᠯᠦᠯᠳᠠ ᠨᠡᠭᠡᠭᠡᠯᠳᠠ ᠰᠢᠨ᠎ᠡ ᠰᠢᠪᠲᠤᠯᠤᠯᠲᠠ ᠲᠠᠢ ᠪᠣᠯᠪᠠ᠃ ᠣᠯᠣᠰ ᠤᠨ ᠭᠤᠣᠯᠳᠠᠯᠭ᠎ᠠ ᠲᠠᠢ ᠬᠦᠭᠵᠢᠬᠦᠯᠦᠯᠳᠠ ᠨᠡᠭᠡᠭᠡᠯᠳᠠ ᠶᠢᠨ ᠲᠤᠷᠰᠢᠯᠲᠠ ᠶᠢᠨ ᠳᠣᠭᠤᠷᠢᠭ ᠢ ᠲᠦᠷᠭᠡᠪᠴᠢᠯᠡᠨ ᠪᠦᠳᠦᠭᠡᠨ ᠪᠠᠶᠢᠭᠤᠯᠪᠠ᠃ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ ᠤᠨ ᠬᠤᠶᠠᠷ ᠤᠯᠤᠰ ᠤᠨ ᠵᠠᠰᠠᠭ ᠤᠨ ᠣᠷᠳᠣᠨ ᠤ ᠬᠤᠭᠤᠷᠣᠨᠳᠣᠬᠢ ᠪᠥᠲᠥᠭᠡᠨ ᠪᠠᠶᠢᠭᠤᠯᠤᠯᠲᠠ ᠶᠢᠨ ᠬᠡᠯᠡᠯᠴᠡᠭᠡᠷ ᠲᠤ ᠵᠢᠩᠬᠢᠨᠢ ᠪᠠᠷ ᠭᠠᠷ ᠤᠨ ᠥᠰᠥᠭ ᠵᠢᠷᠤᠵᠤ᠂ 3 ᠲᠡᠭᠰᠢ ᠳᠥᠷᠪᠡᠯᠵᠢᠨ ᠺᠢᠯᠣᠮᠧᠲᠷ ᠤᠨ ᠭᠤᠤᠯ ᠳᠣᠭᠤᠷᠢᠭ ᠤᠨ ᠰᠠᠭᠤᠷᠢ ᠳᠦᠬᠦᠬᠡᠷᠦᠮᠵᠢ ᠶᠢᠨ ᠪᠠᠶᠢᠭᠤᠯᠣᠯᠳᠠ ᠦᠨᠳᠣᠰᠣᠨ ᠳᠤ ᠪᠠᠨ ᠳᠠᠭᠤᠰᠪᠠ᠃ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ ᠢ ᠪᠢᠲᠡᠭᠦᠮᠵᠢᠯᠡᠨ ᠡᠵᠡᠩᠨᠡᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠢᠯᠢ ᠶᠢᠨ ᠢᠷᠭᠡᠳ ᠤᠨ ᠬᠤᠳᠠᠯᠳᠣᠭᠠᠨ ᠤ ᠭᠠᠳᠠᠭᠠᠳᠤ ᠠᠴᠠ ᠣᠷᠣᠭᠤᠯᠬᠤ ᠲᠠᠸᠠᠷ ᠢ ᠲᠤᠬᠠᠶ ᠶᠢᠨ ᠭᠠᠵᠠᠷ ᠲᠤᠨᠢ ᠡᠳ᠋ᠰᠢᠭᠦᠯᠬᠦ ᠲᠤᠷᠰᠢᠯᠲᠠ ᠶᠢᠨ ᠴᠢᠭ ᠢᠶᠠᠷ ᠵᠥᠪᠰᠢᠶᠡᠷᠡᠭᠳᠡᠵᠦ᠂ ᠲᠣᠭᠤᠷᠢᠭ ᠲᠤ ᠤᠷᠤᠭᠰᠠᠨ ᠬᠢᠯᠢ ᠶᠢᠨ ᠢᠷᠭᠡᠳ ᠤᠨ ᠲᠤᠭ᠎ᠠ 19.5 ᠲᠦᠮᠡᠨ ᠬᠥᠮᠦᠨ ᠤᠳᠠᠭ᠎ᠠ ᠳᠤ ᠬᠥᠷᠪᠡ᠃ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ  ᠤᠨ ᠰᠠᠭᠤᠷᠢ ᠲᠥᠬᠦᠭᠡᠷᠦᠮᠵᠢ ᠶᠢ ᠨᠡᠩ ᠲᠡᠭᠦᠯᠳᠡᠷᠵᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠣᠭᠤᠷᠢᠭ᠂ ᠭᠠᠶᠢᠯᠢ ᠶᠢᠨ ᠪᠠᠳᠣᠯᠠᠭᠠᠳᠦ ᠬᠥᠮᠥᠷᠭᠡ ᠶᠢ ᠪᠠᠶᠢᠭᠤᠯᠤᠨ ᠪᠦᠲᠦᠭᠡᠵᠦ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠶᠢ ᠢᠯᠡᠳᠲᠡ ᠨᠡᠮᠡᠭᠳᠡᠬᠦᠯᠪᠡ᠃ ᠮᠣᠩᠭᠤᠯ ᠤᠷᠤᠰ ᠤᠨ ᠬᠤᠯᠪᠣᠭᠳᠠᠯ ᠪᠦᠬᠦᠢ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠲᠣᠭᠲᠠᠴᠠ ᠶᠢ ᠰᠢᠨᠡᠴᠢᠯᠡᠨ ᠲᠡᠭᠦᠯᠳᠡᠷᠵᠢᠭᠦᠯᠵᠦ᠂ ᠤᠷᠢᠳ ᠬᠤᠵᠢᠳ ᠮᠣᠩᠭᠤᠯ ᠤᠷᠤᠰ ᠤᠨ 22 ᠭᠠᠵᠠᠷ ᠣᠷᠣᠨ ᠯᠤᠭ᠎ᠠ ᠨᠥᠬᠦᠷᠰᠡᠭ ᠢᠶᠠᠷ ᠬᠠᠮᠲᠤᠷᠠᠯᠴᠠᠬᠤ ᠬᠠᠷᠢᠴᠠᠭ᠎ᠠ ᠪᠠᠶᠢᠭᠤᠯᠵᠤ᠂ ᠭᠠᠳᠠᠭᠠᠳᠤ ᠶᠢᠨ ᠬᠠᠷᠢᠶᠠᠳᠦ ᠢᠷᠭᠡᠳ ᠤᠨ ᠰᠤᠷᠭᠠᠭᠤᠯᠢ ᠳᠤ ᠰᠠᠭᠤᠬᠤ᠂ ᠡᠪᠡᠳᠴᠢᠨ ᠦᠵᠡᠭᠦᠯᠬᠦ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠭᠠᠳᠠᠭᠠᠳᠤ ᠠᠵᠤ ᠠᠬᠤᠶ ᠠᠷᠠᠯᠵᠢᠶ᠎ᠠ᠂ ᠰᠣᠶᠣᠯ ᠲᠠᠮᠢᠷ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠤᠯᠠᠨ ᠬᠦᠷᠢᠶᠡᠨ ᠳᠠᠬᠢ ᠬᠠᠮᠲᠤᠷᠠᠯᠴᠠᠭ᠎ᠠ ᠶᠢ ᠨᠡᠩ ᠭᠦᠨᠵᠡᠭᠡᠶᠢᠷᠡᠭᠦᠯᠪᠡ᠃ ᠬᠤᠳᠠᠯᠳᠤᠭ᠎ᠠ ᠡᠵᠡᠩᠨᠡᠯᠳᠠ ᠶᠢᠨ ᠣᠷᠴᠢᠨ ᠢ ᠰᠢᠯᠢᠳᠡᠭᠵᠢᠭᠦᠯᠦᠨ ᠬᠦᠨᠵᠡᠭᠡᠶᠢᠷᠡᠬᠦᠯᠵᠦ ᠪᠣᠳᠠᠳᠠᠶᠢᠵᠢᠭᠤᠯᠪᠠ᠃ ᠦᠯᠦ ᠬᠦᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠦᠷᠢᠮ ᠵᠡᠷᠭᠡ ᠶᠢᠨ ᠥᠭᠡᠷᠡᠴᠢᠯᠡᠯᠲᠡ ᠨᠢ ᠣᠷᠣᠨ ᠠᠶᠢᠮᠠᠭ ᠤᠨ ᠡᠮᠦᠨ᠎ᠡ ᠡᠩᠨᠡᠭᠡᠨ ᠳᠤ ᠣᠷᠣᠵᠤ᠂ ᠠᠵᠤ ᠠᠬᠤᠶᠢᠯᠠᠯ ᠡᠷᠭᠢᠯᠡᠬᠦ ᠂ ᠪᠠᠷᠢᠯᠭ᠎ᠠ ᠪᠠᠷᠢᠬᠤ ᠵᠥᠪᠰᠢᠶᠡᠷᠡᠯ ᠤᠯᠬᠤ᠂ ᠤᠰᠤ ᠴᠠᠬᠢᠯᠭᠠᠨ ᠳᠤᠯᠠᠭᠠᠯᠠᠭ᠎ᠠ᠂ ᠬᠢᠯᠢ ᠠᠯᠤᠰᠯᠠᠭᠰᠠᠨ ᠠᠷᠠᠯᠵᠢᠶ᠎ᠠ ᠬᠢᠬᠦ ᠵᠦᠪᠰᠢᠶᠡᠷᠡᠯ ᠣᠯᠭᠤᠬᠤ ᠵᠡᠷᠭᠡ ᠵᠦᠢᠯᠡᠰ ᠢ ᠬᠦᠢᠴᠡᠳᠬᠡᠬᠦ ᠴᠠᠭ ᠢ ᠶᠡᠭᠡ ᠪᠠᠷ ᠪᠠᠭᠠᠰᠬᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠬᠦᠢᠴᠡᠳᠬᠡᠬᠦ︾ ᠶᠢ ᠪᠦᠬᠦ ᠣᠷᠣᠨ ᠳᠤ ᠳᠦᠷᠦᠬᠦᠯᠡᠨ ᠪᠡᠶᠡᠯᠡᠬᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠥᠭᠡᠷᠡᠴᠢᠯᠡᠨ ᠰᠢᠨᠡᠳᠬᠡᠵᠦ ᠠᠰᠢᠭᠯᠠᠯᠳᠠ  ᠳᠤ ᠣᠷᠣᠭᠤᠯᠵᠦ᠂ 580 ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠢ ᠲᠥᠪᠯᠡᠷᠡᠭᠦᠯᠦᠨ ᠲᠢᠩᠬᠢᠮ ᠳᠤ ᠣᠷᠣᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠦᠢᠴᠡᠳᠬᠡᠬᠦ ᠴᠠᠭ ᠤᠨ ᠬᠢᠵᠠᠭᠠᠷ ᠢ 87% ᠪᠠᠷ ᠪᠠᠭᠠᠰᠬᠠᠪᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠳᠤ ︽ᠮᠤᠵᠢ ᠠᠯᠤᠰᠯᠠᠨ ᠬᠦᠢᠴᠡᠳᠬᠡᠬᠦ︾᠂ ︽ᠨᠢᠭᠡ ᠰᠦᠯᠵᠢᠶ᠎ᠡ ᠪᠠᠷ  ᠬᠦᠢᠴᠡᠳᠬᠡᠬᠦ︾ ᠶᠢ ᠪᠡᠶᠡᠯᠡᠭᠦᠯᠵᠦ᠂ ᠣᠯᠠᠨ ᠤᠯᠤᠰ ᠤᠨ ᠠᠷᠠᠯᠵᠢᠶᠠᠨ ᠤ ︽ᠨᠢᠭᠡ ᠴᠣᠩᠬᠤᠪᠴᠢ︾ ᠶᠢᠨ ᠠᠵᠤ ᠠᠬᠤᠶᠢᠯᠠᠯ ᠤᠨ ᠬᠡᠷᠡᠭᠯᠡᠭᠡᠨ ᠤ ᠨᠣᠷᠮ᠎ᠠ ᠶᠢ 100% ᠳᠤ ᠬᠦᠷᠭᠡᠪᠡ᠃ ︽ᠳᠦᠷᠪᠡᠨ ᠬᠦᠢᠴᠡᠳᠬᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ 36 ᠰᠠᠯᠠᠭ᠎ᠠ ᠮᠥᠴᠢᠷ ᠤᠨ 1503 ᠵᠦᠢᠯ ᠤᠨ ᠬᠦᠢᠴᠡᠳᠬᠡᠬᠦ ᠶᠠᠪᠤᠳᠠᠯ ᠢ ᠲᠢᠩᠬᠢᠮ ᠳᠤ ᠣᠷᠣᠭᠤᠯᠪᠠ᠃ ᠪᠥᠬᠦ ᠤᠯᠤᠰ ᠤᠨ ᠠᠩᠬᠠᠳᠠᠭᠴᠢ ᠮᠣᠩᠭᠤᠯ ᠳᠤ ᠴᠢᠭᠯᠡᠬᠦᠯᠦᠭᠰᠡᠨ ᠠᠷᠠᠳ ᠤᠨ ᠵᠣᠭᠤᠰ ᠤᠨ ᠬᠢᠯᠢ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠲᠥᠪ ᠢ ᠨᠡᠭᠡᠭᠡᠨ ᠡᠷᠬᠢᠯᠡᠪᠡ᠃ ᠤᠯᠤᠰ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠢᠳᠡᠪᠬᠢᠲᠡᠶ ᠲᠤᠤᠱᠯᠠᠭᠤᠯᠵᠤ᠂ ᠪᠣᠭᠤᠮᠲᠠ ᠶᠢᠨ ᠰᠦᠢᠳᠬᠡᠯ ᠬᠤᠷᠢᠶᠠᠯᠲᠠ ᠶᠢ ᠪᠦᠬᠦ ᠲᠠᠯ᠎ᠠ ᠪᠠᠷ ᠡᠮᠬᠢᠯᠡᠨ ᠲᠢᠭᠯᠡᠵᠦ᠂ ᠡᠯ᠎ᠡ ᠵᠦᠢᠯ ᠤᠨ ᠭᠠᠶᠢᠯᠢ ᠰᠦᠢᠳᠬᠡᠯ ᠢ 6.7 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ᠃ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠭᠰᠡᠨ ᠦᠷ᠎ᠡ ᠪᠦᠲᠦᠮᠵᠢ ᠢᠯᠡᠷᠬᠡᠶ ᠪᠠᠶᠢᠵᠤ᠂ ᠮᠥᠩᠭᠦᠨ ᠬᠦᠢᠯᠭᠡᠭᠡᠨ ᠤ ᠪᠠᠶᠢᠭᠤᠯᠤᠮᠵᠢ 157.7 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ 6 ᠳ᠋ᠦᠩᠰᠢᠭᠤᠷ ᠲᠥᠭᠦᠷᠢᠭ ᠤᠨ ᠳᠣᠰᠠᠯᠠᠨ ᠪᠠᠳᠣᠯᠠᠬᠤ ᠵᠢᠭᠡᠯᠡᠯᠭᠡ ᠳᠠᠯᠪᠢᠪᠠ᠃—— ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠭᠤᠶᠢᠪᠢᠰᠢ ᠦᠭᠡᠢ ᠪᠠᠷ ᠰᠠᠶᠢᠵᠢᠷᠠᠭᠤᠯᠵᠤ᠂ ᠪᠣᠭᠤᠮᠲᠠ ᠪᠠ ᠬᠤᠳᠠ ᠬᠥᠳᠡᠭᠡ ᠶᠢᠨ ᠴᠢᠳᠠᠮᠵᠢ ᠶᠢ ᠰᠢᠨ᠎ᠡ ᠪᠠᠷ ᠳᠡᠭᠡᠭᠰᠢᠯᠡᠬᠦᠯᠪᠡ᠃ ᠬᠤᠯᠪᠣᠯᠳᠤᠨ ᠨᠡᠪᠲᠡᠷᠡᠯᠴᠡᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠰᠢᠯᠢ ᠶᠢᠨ ᠬᠤᠳᠠ— ᠡᠷᠢᠶᠡᠨ ᠱᠤᠭᠤᠮ ᠤᠨ ᠲᠡᠮᠦᠷ ᠵᠠᠮ ᠨᠡᠪᠲᠡᠷᠡᠨ ᠠᠰᠢᠭᠯᠠᠯᠳᠠ ᠳᠤ ᠣᠷᠣᠵᠦ᠂ ᠵᠢᠨᠢᠩ — ᠡᠷᠢᠶᠡᠨ ᠱᠤᠭᠤᠮ ᠤᠨ ᠥᠷᠲᠡᠭᠡ ᠲᠠᠯᠠᠪᠤᠷ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠲᠥᠷᠥᠯ ᠵᠦᠢᠯ ᠨᠢ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠴᠤᠬᠤᠯᠠᠪᠤᠷᠢᠯᠠᠯ ᠢ ᠣᠯᠵᠤ᠂ ᠲᠡᠮᠦᠷ ᠵᠠᠮ ᠤᠨ ᠴᠢᠩᠭᠡᠯᠢᠭ ᠵᠢᠴᠢ ᠰᠤᠯᠠ ᠠᠴᠢᠬᠤ ᠪᠠ ᠠᠴᠢᠶ᠎ᠠ ᠰᠣᠯᠢᠬᠤ ᠠᠵᠢᠯ ᠤᠨ ᠲᠠᠯᠠᠪᠤᠷ᠂ ᠬᠢᠯᠢ ᠶᠢᠨ ᠪᠠᠶᠢᠴᠠᠭᠠᠯᠲᠠ ᠶᠢᠨ ᠲᠠᠯᠠᠪᠤᠷ ᠤᠨ ᠪᠠᠷᠢᠮᠵᠢᠶᠠᠲᠤ ᠴᠠᠷᠭᠤ  ᠲᠠᠢ ᠬᠤᠯᠪᠣᠬᠤ ᠱᠤᠭᠤᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠵᠢᠶᠠ ᠾᠧ ᠲᠡᠮᠦᠷ ᠵᠠᠮ ᠤᠨ ᠪᠠᠷᠠᠭᠠᠨ ᠤ ᠬᠦᠢᠯᠭᠡᠭᠡᠨ ᠤ ᠬᠦᠷᠢᠶᠡᠯᠡᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠴᠤᠭᠯᠠᠷᠠᠯ ᠤᠨ ᠲᠥᠪ ᠤᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠪᠠ᠃ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠣᠶᠣᠨᠴᠢᠯᠠᠭᠰᠠᠨ ᠺᠠᠷᠲ ᠣᠩᠰᠢᠨ ᠨᠡᠪᠳᠡᠷᠡᠬᠦᠯᠬᠦ ᠭᠠᠷᠴᠠ ᠪᠠ ᠠᠶᠠᠨᠴᠢᠳ ᠤᠨ ᠪᠠᠶᠢᠴᠠᠭᠠᠯᠲᠠ ᠶᠢᠨ ᠨᠡᠪᠲᠡᠷᠡᠬᠦ ᠭᠠᠷᠴᠠ ᠶᠢᠨ ᠥᠪᠡᠰᠦᠪᠡᠨ ᠦᠢᠯᠡᠴᠢᠯᠡᠨ ᠨᠡᠪᠳᠡᠷᠡᠬᠦ ᠰᠢᠰᠲ᠋ᠧᠮ ᠢ ᠠᠰᠢᠭᠯᠠᠯᠲᠠ ᠳᠤ ᠣᠷᠣᠭᠤᠯᠵᠤ᠂ ᠠᠭᠤᠷᠬᠠᠶ ᠶᠢᠨ ᠭᠠᠷᠤᠯᠲᠠ ᠶᠢᠨ ᠲᠤᠰᠬᠠᠶ ᠨᠡᠪᠲᠡᠷᠡᠬᠦ ᠭᠠᠷᠴᠠ ᠶᠢᠨ ᠲᠥᠷᠥᠯ ᠵᠦᠢᠯ ᠤᠨ ᠪᠦᠳᠦᠬᠡᠨ ᠪᠠᠶᠢᠭᠤᠯᠣᠯᠳᠠ ᠶᠢ ᠡᠬᠢᠯᠡᠬᠦᠯᠪᠡ᠃ ᠤᠯᠤᠰ ᠤᠨ ᠳᠡᠰ ᠤᠨ ᠵᠠᠰᠠᠮᠠᠯ ᠵᠠᠮ ᠤᠨ 331ᠱᠤᠭᠤᠮ ᠤᠨ ᠡᠷᠢᠶᠡᠨ ᠤ ᠬᠡᠰᠡᠭ ᠤᠨ ᠪᠦᠬᠦ ᠱᠤᠭᠤᠮ ᠢ ᠨᠡᠪᠲᠡᠷᠡᠭᠦᠯᠵᠦ᠂ ᠡᠷᠢᠶᠡᠨ ᠠᠴᠠ— ᠭᠤᠸᠠᠩᠵᠸᠦ ᠴᠢᠭᠯᠡᠯ ᠤᠨ ᠦᠨᠳᠣᠷ ᠬᠤᠷᠳᠣᠴᠠᠳᠦ ᠵᠠᠰᠠᠮᠠᠯ ᠵᠠᠮ ᠤᠨ ᠡᠷᠢᠶᠡᠨ ᠠᠴᠠ ᠰᠠᠶᠢᠬᠠᠨᠳᠠᠯ᠎ᠠ ᠬᠦᠷᠬᠦ ᠬᠡᠰᠡᠭ  ᠢ ᠳᠠᠩ ᠱᠤᠭᠤᠮ ᠢᠶᠠᠷ ᠲᠡᠷᠭᠡ ᠨᠡᠪᠳᠡᠷᠡᠬᠦᠯᠵᠠᠢ᠃ ᠰᠠᠶᠢᠬᠤᠰᠦ ᠨᠢᠰᠬᠡᠯ ᠤᠨ ᠪᠠᠭᠤᠳᠠᠯ ᠳᠤ 13 ᠵᠤᠷᠪᠤᠰ ᠠᠭᠠᠷ ᠠᠶᠠᠯᠠᠯ ᠤᠨ ᠱᠤᠭᠤᠮ ᠨᠡᠭᠡᠭᠡᠵᠦ᠂ ᠠᠶᠠᠨᠴᠢᠳ ᠤᠨ ᠳᠡᠭᠡᠭᠡᠪᠣᠷᠢ ᠶᠢᠨ ᠬᠡᠮᠵᠢᠶ᠎ᠡ 64.4 ᠲᠦᠮᠡᠨ ᠬᠥᠮᠦᠨ ᠤᠳᠠᠭ᠎ᠠ ᠳᠤ ᠬᠦᠷᠴᠦ᠂ ᠤᠯᠠᠨ ᠤᠯᠤᠰ ᠤᠨ ᠠᠭᠠᠷ ᠠᠶᠠᠯᠠᠯ ᠤᠨ ᠥᠷᠲᠡᠭᠡᠨ ᠤ ᠠᠰᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠤᠯᠠᠨ ᠤᠯᠤᠰ ᠤᠨ ᠠᠭᠠᠷ ᠠᠶᠠᠯᠠᠯ ᠤᠨ ᠪᠣᠭᠤᠮᠲᠠ ᠵᠢᠩᠬᠢᠨᠢ ᠪᠠᠷ ᠵᠥᠪᠰᠢᠶᠡᠷᠡᠭᠳᠡᠪᠡ᠃ ᠬᠤᠲᠠ ᠶᠢᠨ ᠴᠢᠳᠠᠮᠵᠢ ᠴᠢᠨᠠᠷ ᠴᠢᠨᠰᠠᠭ᠎ᠠ ᠲᠣᠭᠲᠠᠭᠤᠨ ᠢᠶᠠᠷ ᠳᠡᠭᠡᠭᠰᠢᠯᠡᠪᠡ᠃ 7 ᠳ᠋ᠦᠩᠰᠢᠭᠤᠷ ᠭᠠᠷᠤᠶ ᠲᠥᠭᠦᠷᠢᠭ ᠤᠨ ᠪᠡᠯᠡ ᠮᠥᠩᠭᠦ ᠴᠤᠭᠯᠠᠭᠤᠯᠤᠨ ᠬᠠᠭᠤᠴᠢᠨ ᠵᠡᠭᠡᠯᠢ ᠲᠣᠭᠤᠷᠢᠭ ᠢ ᠳᠡᠰ ᠳᠡᠪᠰᠢᠬᠦᠯᠦᠨ᠂ ᠭᠤᠷᠪᠠᠳᠣᠭᠠᠷ ᠤᠰᠤᠨ ᠤ ᠦᠢᠯᠡᠳᠪᠦᠷᠢ ᠶᠢᠨ ᠤᠰᠤ ᠳᠠᠮᠵᠢᠭᠤᠯᠬᠤ ᠬᠤᠭᠤᠯᠠᠶ᠂ ᠬᠤᠳᠠ ᠬᠥᠳᠡᠭᠡ ᠶᠢᠨ ᠴᠠᠬᠢᠯᠭᠠᠨ ᠲᠦᠭᠡᠭᠡᠬᠦ ᠱᠤᠭᠤᠮ ᠵᠡᠷᠭᠡ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠢ ᠬᠡᠷᠡᠭᠵᠢᠭᠦᠯᠵᠦ᠂ 150 ᠰᠠᠭᠤᠷᠢ ᠬᠡᠷ ᠪᠠᠶᠢᠰᠢᠩ ᠢ ᠥᠭᠡᠷᠡᠴᠢᠯᠡᠨ ᠵᠠᠰᠠᠵᠤ᠂ 98 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠪᠠᠶᠢᠭᠤᠯᠵᠤ ᠳᠠᠭᠤᠰᠬᠠᠨ᠂ 57 ᠵᠣᠷᠪᠣᠰ ᠴᠠᠬᠢᠯᠭᠠᠨ ᠳᠦᠭᠡᠭᠡᠬᠦ ᠱᠣᠭᠤᠮ ᠢ ᠰᠢᠨ᠎ᠡ ᠪᠠᠷ ᠪᠠᠶᠢᠭᠤᠯᠣᠭᠰᠠᠨ ᠪᠠ ᠦᠬᠡᠷᠡᠴᠢᠯᠡᠨ ᠰᠢᠨᠡᠳᠬᠡᠪᠡ᠃ ᠬᠤᠨᠳᠣ ᠨᠠᠭᠤᠷ ᠨᠣᠭᠤ ᠭᠠᠵᠠᠷ ᠤᠨ ᠴᠡᠴᠡᠷᠯᠢᠭ᠂ ︽ᠨᠢᠭᠡ ᠪᠦᠰᠡ ᠨᠢᠭᠡ ᠵᠠᠮ︾ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠥᠷᠥᠯ ᠵᠦᠢᠯ ᠢ ᠳᠠᠭᠤᠰᠬᠠᠭᠠᠳ᠂ ᠪᠦᠲᠦᠭᠡᠨ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 38.7% ᠳᠤ ᠬᠥᠷᠪᠡ᠃ 73 ᠰᠠᠭᠤᠷᠢ ᠰᠦᠷᠴᠢᠨ ᠣᠬᠢᠶᠠᠬᠤ ᠨᠡᠶᠢᠲᠡ ᠶᠢᠨ ᠵᠣᠷᠯᠣᠩ ᠤᠨ ᠥᠭᠡᠷᠡᠴᠢᠯᠡᠯᠲᠡ ᠶᠢ ᠪᠡᠶᠡᠯᠡᠭᠦᠯᠵᠦ᠂ 12 ᠰᠠᠭᠤᠷᠢ ᠠᠮᠢᠳᠤᠷᠠᠯ ᠤᠨ ᠬᠤᠭ ᠨᠣᠪᠰᠢ ᠶᠢ ᠠᠪᠴᠢᠭᠤᠯᠬᠤ ᠥᠷᠲᠡᠭᠡ ᠶᠢ ᠰᠢᠨ᠎ᠡ ᠪᠠᠷ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠪᠣᠬᠢᠷᠳᠦᠯ ᠥᠬᠡᠶ ᠪᠣᠯᠭᠠᠨ ᠰᠢᠢᠳᠪᠣᠷᠢᠯᠡᠬᠦ ᠨᠣᠷᠮ᠎ᠠ᠂ ᠮᠠᠰᠢᠨᠴᠢᠯᠠᠭᠰᠠᠨ ᠴᠡᠪᠡᠷᠯᠡᠯᠲᠡ ᠶᠢᠨ ᠨᠣᠷᠮ᠎ᠠ ᠲᠣᠰ ᠲᠣᠰ 100%᠂ 85% ᠳᠤ ᠬᠦᠷᠪᠡ᠃ ︽ᠵᠢᠷᠭᠤᠭᠠᠨ ᠶᠡᠭᠡ ᠪᠣᠭᠤᠮᠳᠠ ᠰᠢᠪᠳᠣᠯᠬᠤ︾ ︽ᠨᠠᠢᠮᠠᠨ ᠲᠦᠷᠦᠯ  ᠤᠨ ᠴᠡᠭᠴᠡᠯᠡᠯᠳᠠ︾ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠪᠦᠬᠦ ᠣᠯᠣᠰ ᠤᠨ ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠰᠠᠭᠤᠷᠢ ᠶᠢ ᠦᠷᠬᠦᠯᠵᠢᠯᠡᠨ ᠪᠠᠬᠢᠵᠢᠬᠦᠯᠵᠦ᠂ ᠬᠤᠲᠠ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠨ᠂ ᠣᠷᠢᠳ ᠬᠤᠵᠢᠳ ᠤᠯᠤᠰ ᠤᠨ ᠡᠷᠡᠬᠦᠯ ᠬᠠᠮᠠᠭᠠᠯᠠᠯ ᠤᠨ ᠬᠤᠲᠠ᠂ ᠪᠥᠬᠦ ᠤᠯᠤᠰ ᠤᠨ ᠰᠠᠭᠠᠳ ᠥᠬᠡᠶ ᠣᠷᠴᠢᠨᠳᠦ ᠵᠢᠱᠢᠶ᠎ᠡ ᠦᠵᠡᠭᠦᠯᠬᠦ ᠬᠤᠲᠠ᠂ ᠪᠥᠬᠦ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠬᠤᠲᠠ ᠪᠠᠷ ᠦᠨᠡᠯᠡᠭᠳᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠳᠠᠷᠢᠶᠠᠴᠢᠨ ᠪᠣᠯᠣᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠳᠣᠭᠳᠠᠴᠠ ᠶᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠪᠡᠶᠡᠯᠡᠭᠦᠯᠵᠦ᠂ ᠰᠠᠶᠢᠬᠤᠰᠦ ᠭᠠᠴᠠᠭ᠎ᠠ ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠦ ᠪᠠ ᠪᠦᠬᠦ ᠤᠯᠤᠰ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠪᠡ᠃—— ᠠᠷᠠᠳ ᠲᠦᠮᠡᠨ ᠤ ᠵᠣᠯ ᠵᠢᠷᠭᠠᠯ ᠤᠨ ᠬᠦᠷᠳᠡᠬᠡᠮᠵᠢ ᠶᠢ ᠭᠤᠶᠢᠪᠢᠰᠢ ᠦᠭᠡᠢ ᠨᠡᠮᠡᠭᠳᠡᠭᠦᠯᠵᠦ᠂ ᠨᠡᠶᠢᠭᠡᠮ ᠤᠨ ᠦᠢᠯᠡᠰ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠢᠨ᠎ᠡ ᠲᠠᠪᠰᠢᠯᠳᠠ ᠲᠠᠢ ᠪᠣᠯᠭᠠᠪᠠ᠃ ᠠᠷᠠᠳ ᠤᠨ ᠠᠮᠢᠳᠤᠷᠠᠯ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ 39 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠶᠡᠷᠦᠩᠬᠡᠶ ᠵᠠᠷᠤᠯᠭ᠎ᠠ ᠶᠢᠨ 70% ᠠᠴᠠ ᠳᠡᠭᠡᠭᠰᠢᠬᠢ ᠶᠢ ᠡᠵᠡᠯᠡᠪᠡ᠃ ︽ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠶᠢ ᠯᠠᠪᠳᠠᠭᠤᠨ ᠢᠶᠠᠷ ᠠᠬᠢᠭᠤᠯᠵᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠬᠥᠮᠦᠨ ᠤ ᠲᠤᠭ᠎ᠠ ᠶᠢ ︽ᠬᠤᠤᠰ ᠨᠡᠮᠡᠭᠳᠡᠯ ᠲᠠᠢ︾ ᠪᠣᠯᠭᠠᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3% ᠶᠢᠨ ᠳᠣᠲᠣᠷ᠎ᠠ ᠬᠢᠵᠠᠭᠠᠷᠯᠠᠪᠠ᠃ ᠴᠢᠳᠠᠪᠤᠷᠢᠲᠠᠨ ᠢ ᠣᠷᠢᠨ ᠬᠡᠷᠡᠭᠯᠡᠬᠦ ᠳᠦᠷᠢᠮ ᠢ ᠨᠡᠶᠢᠲᠡᠯᠡᠨ ᠬᠡᠷᠡᠭᠵᠢᠭᠦᠯᠵᠦ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠤᠨ ᠴᠢᠳᠠᠪᠣᠷᠢᠳᠠᠨ ᠢ 170 ᠡᠯᠰᠡᠨ ᠬᠡᠷᠡᠭᠯᠡᠪᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠪᠥᠬᠦ ᠣᠷᠣᠨ ᠤ ᠠᠩᠬᠠᠳᠠᠭᠴᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠰᠦᠯᠵᠢᠶᠡᠨ ᠳᠡᠭᠡᠷ᠎ᠡ ᠬᠦᠢᠴᠡᠳᠬᠡᠬᠦ ᠲᠤᠷᠰᠢᠯᠲᠠ  ᠶᠢᠨ ᠴᠢᠭ ᠢ ᠠᠰᠢᠭᠯᠠᠯᠳᠠ ᠳᠤ ᠣᠷᠣᠭᠤᠯᠪᠠ᠃ ᠬᠡᠷ ᠲᠡᠭᠡᠨ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠦ᠂ ᠪᠥᠬᠦ ᠤᠯᠤᠰ ᠤᠨ ︽ᠨᠠᠰᠤᠲᠠᠨ ᠢᠶᠠᠨ ᠬᠦᠨᠳᠦᠯᠡᠵᠦ ᠠᠬᠠᠮᠠᠳ ᠢᠶᠠᠨ ᠠᠰᠠᠷᠠᠬᠤ︾ ᠢᠷᠠᠭᠤ ᠠᠯᠳᠠᠷ ᠤᠨ ᠴᠣᠯᠠ ᠶᠢ ᠭᠥᠷᠳᠡᠪᠡ᠃ ᠦᠨᠳᠦᠰᠦᠲᠡᠨ ᠤ ᠬᠡᠤᠬᠡᠳ ᠤᠨ ᠴᠡᠴᠡᠷᠯᠢᠭ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠣᠯᠠᠨ ᠤᠯᠤᠰ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠵᠡᠷᠭᠡ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ 100% ᠳᠤ ᠬᠦᠷᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠤᠷᠤᠭᠰᠢᠲᠠᠶ ᠬᠡᠷᠡᠭᠵᠢᠭᠦᠯᠵᠦ᠂ ︽ᠲᠠᠪᠤᠨ ᠵᠦᠢᠯ ᠤᠨ ᠬᠠᠮᠢᠶᠠᠷᠤᠯᠲᠠ︾᠂ ︽ᠬᠤᠶᠠᠷ ᠢ ᠬᠦᠩᠭᠡᠷᠡᠭᠦᠯᠬᠦ︾ ᠲᠦᠷᠦ ᠶᠢᠨ ᠪᠤᠳᠤᠯᠭ᠎ᠠ ᠶᠢ ᠪᠣᠳᠠᠲᠠᠶ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ︽ᠲᠦᠷᠪᠡᠨ 100 %︾ ᠶᠢ ᠪᠡᠶᠡᠯᠡᠭᠦᠯᠪᠡ᠃ 6 ᠳᠤᠮᠳᠠᠳᠤ ᠪᠠᠭ᠎ᠠ ᠰᠤᠷᠭᠠᠭᠤᠯᠢ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠨᠴᠠᠯᠢᠭᠳᠤ ᠰᠣᠷᠭᠠᠭᠤᠯᠢ ᠪᠠᠷ ᠨᠡᠷᠡᠯᠡᠭᠳᠡᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠤᠯᠤᠰ ᠤᠨ ᠨᠢᠭᠲᠠ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠢᠭ ᠢ ᠲᠦᠷᠭᠡᠪᠴᠢᠯᠡᠨ ᠪᠠᠶᠢᠭᠤᠯᠵᠤ᠂ ᠤᠯᠠᠨ ᠤᠯᠤᠰ ᠤᠨ ᠲᠦᠷᠭᠡᠨ ᠠᠪᠣᠷᠠᠯᠳᠠ ᠶᠢᠨ ᠲᠥᠪ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠵᠡᠷᠭᠡ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠳᠡᠣᠬᠡ ᠶᠢᠨ ᠦᠯᠡᠳᠡᠭᠳᠡᠯ ᠠᠰᠠᠭᠤᠳᠠᠯ ᠢ ᠪᠦᠲᠦᠮᠵᠢᠲᠡᠶ ᠰᠢᠢᠳᠪᠣᠷᠢᠯᠡᠵᠦ᠂ ᠣᠷᠣᠨ ᠠᠶᠢᠮᠠᠭ ᠲᠤ ᠵᠢᠭᠰᠠᠭᠠᠭᠳᠠᠭᠰᠠᠨ 19 ᠵᠢᠵᠢᠭ ᠲᠣᠭᠤᠷᠢᠭ ᠂ 2513 ᠡᠷᠦᠬᠡ ᠶᠢᠨ ᠬᠡᠷ ᠪᠠᠶᠢᠰᠢᠩ ᠤᠨ ᠬᠦᠷᠦᠩᠬᠡ  ᠶᠢᠨ ᠡᠷᠭᠡ ᠶᠢᠨ ᠦᠨᠡᠮᠯᠡᠯ ᠢ ᠪᠦᠬᠦᠨ ᠢ ᠬᠦᠢᠴᠡᠳᠬᠡᠨ ᠰᠢᠢᠳᠪᠣᠷᠢᠯᠡᠪᠡ᠃ ︽ᠠᠮᠣᠷ ᠳᠠᠶᠢᠪᠣᠩ ᠡᠷᠢᠶᠡᠨ︾ ᠢ ᠦᠷᠬᠦᠯᠵᠢᠯᠡᠨ ᠠᠬᠢᠭᠤᠯᠵᠦ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠢᠯᠡᠳᠲᠡ ᠦᠷ᠎ᠡ ᠪᠦᠲᠦᠮᠵᠢ ᠣᠯᠵᠤ᠂ ᠠᠮᠢᠨ ᠬᠡᠷᠡᠭ ᠢ ᠪᠦᠬᠦᠨ ᠢ ᠪᠠᠶᠢᠴᠠᠭᠠᠨ ᠢᠯᠡᠷᠡᠭᠦᠯᠬᠦ ᠶᠢ ᠪᠠᠲᠤᠯᠠᠪᠠ᠃ ᠤᠶᠤᠨᠲᠤ ᠬᠢᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠪᠠᠳᠣᠯᠠᠪᠠ᠃ ᠳᠡᠭᠡᠳᠦ ᠭᠤᠷᠪᠠᠨ ᠱᠠᠲᠤᠨ ᠤ ᠰᠢᠢᠳᠪᠣᠷᠢᠯᠡᠬᠦᠯᠬᠦ ᠪᠠᠷ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ 100% ᠪᠠᠷ ᠰᠢᠢᠳᠪᠣᠷᠢᠯᠡᠵᠦ᠂ ᠪᠦᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ︽ᠭᠤᠷᠪᠠ ᠦᠭᠡᠶ︾ ᠬᠤᠲᠠ ᠪᠠᠷ ᠦᠨᠡᠯᠡᠭᠳᠡᠪᠡ᠃ ᠬᠤᠶᠠᠷ ᠢ ᠬᠦᠷᠢᠶᠡᠯᠡᠬᠦ ᠣᠨᠴᠠᠯᠠᠨ ᠬᠠᠯᠠᠮᠵᠢᠯᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠳᠠᠷᠠᠭᠠᠯᠠᠨ ᠳᠥᠷᠪᠡ ᠤᠳᠠᠭ᠎ᠠ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ︽ᠮᠠᠩᠯᠠᠶᠢᠯᠠᠭᠴᠢ︾ ᠪᠣᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ 4 ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠦᠷᠭᠦᠯᠵᠢᠯᠡᠨ ᠪᠠᠬᠢᠵᠢᠭᠦᠯᠪᠡ᠃ ᠠᠮᠤᠷ ᠲᠦᠪᠰᠢᠨ ᠤ ᠲᠦᠭᠰᠢᠭᠦᠷᠢ ᠶᠢᠨ ᠳᠣᠰᠬᠠᠢ ᠴᠡᠭᠴᠡᠯᠡᠯᠳᠡ ᠶᠢ ᠦᠷᠭᠦᠯᠵᠢᠯᠡᠨ ᠦᠷᠨᠢᠭᠦᠯᠵᠣ᠂ ᠠᠶᠤᠯᠭᠦᠶ ᠦᠢᠯᠡᠳᠪᠣᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠣᠯᠪᠠ᠃ —— ᠲᠣᠰ ᠪᠡᠶ᠎ᠡ ᠶᠢᠨ ᠪᠠᠶᠢᠭᠤᠯᠤᠯᠲᠠ ᠪᠠᠨ ᠭᠤᠶᠢᠪᠢᠰᠢ ᠥᠬᠡᠶ ᠴᠢᠩᠭᠠᠳᠬᠠᠵᠤ᠂ ᠵᠠᠰᠠᠭ ᠤᠨ ᠣᠷᠳᠣᠨ ᠤ ᠦᠢᠯᠡᠴᠢᠯᠡᠭᠡᠨ ᠤ ᠦᠷ᠎ᠡ ᠪᠦᠳᠦᠮᠵᠢ ᠶᠢ ᠰᠢᠨ᠎ᠡ ᠪᠠᠷ ᠳᠡᠭᠡᠭᠰᠢᠯᠡᠭᠦᠯᠪᠡ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠭᠦᠨᠵᠡᠭᠡᠶ ᠣᠶᠢᠯᠠᠭᠠᠵᠤ᠂ ᠵᠠᠰᠠᠭ ᠤᠨ ᠣᠷᠳᠣᠨ ᠤ ᠠᠵᠢᠯᠳᠠᠳ ᠤᠨ ︽ᠳᠥᠷᠪᠡᠨ ᠤᠬᠠᠮᠰᠠᠷ︾ ᠨᠠᠩ ᠪᠠᠬᠢᠵᠢᠵᠦ᠂ ︽ᠳᠥᠷᠪᠡᠨ ᠢᠲᠡᠭᠡᠯ︾ ᠨᠠᠩ ᠪᠠᠳᠣᠵᠢᠵᠦ᠂ ︽ᠬᠤᠶᠠᠷ ᠢ ᠬᠠᠮᠠᠭᠠᠯᠠᠬᠤ︾ ᠤᠬᠠᠮᠰᠠᠷ ᠢ ᠨᠠᠩ ᠳᠡᠭᠡᠭᠰᠢᠯᠡᠬᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ 260 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠪᠦᠬᠦᠨ ᠢ ᠬᠦᠢᠴᠡᠳᠬᠡᠨ ᠬᠠᠷᠢᠭᠤᠯᠳᠠ ᠦᠭᠪᠡ᠃ ᠰᠢᠨ᠎ᠡ ᠨᠢᠭᠡᠨ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ᠂ ᠳᠥᠷᠪᠡᠳᠦᠭᠡᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ᠂ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠠᠶᠢᠳᠠᠮ ᠪᠠᠶᠢᠴᠠᠭᠠᠯᠳᠠ ᠶᠢᠨ ᠡᠬᠦᠷᠭᠡ ᠶᠢ ᠪᠡᠶᠡᠯᠡᠬᠦᠯᠪᠡ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠣᠷᠢᠳᠦ ᠪᠣᠳᠣᠯᠭ᠎ᠠ ᠲᠣᠭᠲᠠᠭᠠᠬᠤ ᠵᠠᠷᠴᠢᠮ ᠢ ᠦᠷᠭᠦᠯᠵᠢᠯᠡᠨ ᠵᠢᠷᠤᠮᠵᠢᠭᠤᠯᠵᠤ᠂ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠪᠡ᠃ ᠨᠠᠮ ᠢ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠪᠠᠷ ᠲᠦᠯᠬᠢᠨ ᠠᠬᠢᠭᠤᠯᠵᠤ᠂ ᠲᠥᠪ ᠬᠤᠷᠢᠶᠠᠨ ᠤ ᠨᠠᠢᠮᠠᠨ ᠵᠣᠷᠪᠣᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠰᠠᠬᠢᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠡᠩ ᠤᠨ ᠴᠢᠨᠠᠷᠲᠠᠶ ᠵᠠᠷᠤᠯᠭ᠎ᠠ ᠪᠠ ︽ᠭᠤᠷᠪᠠᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠪᠠ᠃ ᠡᠭᠦᠨ ᠠᠴᠠ ᠭᠠᠳᠠᠨ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠨᠠᠨ ᠪᠤᠳᠤᠯᠳᠠ᠂ ᠭᠠᠵᠠᠷ ᠬᠥᠳᠡᠯᠦᠯᠲᠡ ᠴᠠᠭ ᠠᠭᠤᠷ᠂ ᠰᠢᠦᠳᠠᠨ ᠬᠤᠯᠪᠣᠭ᠎ᠠ ᠴᠢᠮᠡᠭᠡ ᠨᠡᠪᠳᠡᠷᠡᠬᠦᠯᠭᠡ᠂ ᠷᠠᠳᠢᠣ᠋ ᠲᠧᠯᠸᠢᠰ᠂ ᠬᠦᠭᠵᠢᠯ  ᠤᠨ ᠪᠡᠷᠬᠡᠰᠢᠶᠡᠯ ᠲᠠᠢ ᠬᠦᠮᠦᠰ ᠢ ᠲᠤᠰᠠᠯᠠᠬᠤ ᠪᠣᠶᠠᠨ ᠤ ᠦᠢᠯᠡᠰ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠠᠬᠠᠮᠠᠳ ᠺᠠᠳ᠋ᠷ ᠪᠣᠯᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ ᠠᠬᠢᠴᠠ ᠲᠠᠢ ᠪᠣᠯᠪᠠ᠃ ᠲᠥᠯᠥᠭᠡᠯᠡᠭᠴᠢᠳ ᠡ᠂ ᠳᠥᠷᠪᠡᠨ ᠵᠢᠯ ᠤᠨ ᠳᠣᠷᠰᠢ ᠪᠢᠳᠡ ᠪᠠᠰᠠ ᠬᠤᠶᠠᠷ ᠤᠳᠠᠭᠠᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠨ ᠬᠤᠷᠢᠭᠯᠠᠬᠤ ᠶᠡᠭᠡ ᠳᠠᠶᠢᠯᠠᠯᠳᠣᠭᠠᠨ ᠶᠡᠭᠡ ᠰᠢᠯᠭᠠᠯᠳᠠ ᠶᠢ ᠥᠩᠭᠡᠷᠡᠭᠦᠯᠵᠦ᠂ ᠴᠠᠭᠠᠨ ᠬᠤᠯᠣᠭᠠᠨ᠎ᠠ ᠵᠢᠯ ᠪᠥᠬᠦ ᠣᠷᠣᠨ ᠤ ᠠᠩᠬᠠᠳᠠᠭᠴᠢ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠦᠨᠳᠦ ᠡᠪᠡᠳᠴᠢᠲᠡᠨ ᠢ ᠠᠮᠵᠢᠯᠲᠠ ᠲᠠᠢ ᠪᠠᠷ ᠠᠪᠤᠷᠠᠨ ᠵᠠᠰᠠᠵᠠᠶ᠃ ᠨᠢᠳᠤᠨᠤᠨ ᠤ 10 ᠰᠠᠷ᠎ᠠ ᠳᠤ᠂ ᠪᠢᠳᠡ ᠴᠠᠭ ᠮᠦᠴᠡ ᠲᠠᠢ ᠤᠷᠤᠯᠳᠤᠨ᠂ ᠬᠢᠵᠢᠭ ᠤᠨ ᠪᠠᠶᠢᠳᠠᠯ ᠲᠠᠢ ᠡᠰᠡᠷᠬᠦᠴᠠᠯᠳᠦᠵᠦ᠂ ᠡᠷᠡᠰ ᠰᠢᠭᠤᠷᠬᠠᠶ ᠪᠠᠷ ᠬᠤᠲᠠ ᠶᠢ ᠪᠢᠲᠡᠭᠦᠮᠵᠢᠯᠡᠨ ᠡᠵᠡᠮᠳᠡᠵᠦ᠂ ᠴᠠᠭ ᠲᠤᠬᠠᠶ ᠳᠤᠨᠢ ᠳᠣᠰᠭᠠᠷᠯᠠᠨ ᠡᠵᠡᠮᠳᠡᠵᠦ᠂ ᠳᠠᠷᠣᠢ ᠳᠦᠷᠭᠡᠨ ᠢᠶᠠᠷ ᠡᠪᠡᠳᠴᠢᠨ ᠤ ᠡᠬᠢ ᠡᠭᠦᠰᠦᠯ ᠢ ᠨᠢ ᠡᠷᠢᠵᠦ᠂ ᠨᠠᠷᠢᠯᠢᠭ ᠣᠨᠣᠴᠢᠲᠠᠶ ᠪᠠᠷ ᠪᠦᠭᠡᠮ ᠬᠦᠴᠢᠯ ᠤᠨ ᠪᠠᠶᠢᠴᠠᠭᠠᠯᠳᠠ ᠬᠢᠵᠦ᠂ ᠪᠠᠶᠢᠴᠠᠭᠠᠨ ᠰᠢᠯᠭᠠᠵᠤ᠂ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠤᠨ ᠠᠪᠤᠷᠠᠨ ᠵᠠᠰᠠᠵᠤ᠂ ᠣᠯᠠᠨ ᠢᠶᠠᠷ ᠢᠶᠠᠨ ᠬᠦᠴᠦ ᠪᠠᠨ ᠬᠠᠮᠲᠤᠳᠬᠠᠨ᠂ ᠨᠢᠭᠡ ᠯᠡ ᠬᠦᠭ ᠢᠶᠠᠷ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠣᠭᠠᠨ ᠤ ᠡᠴᠦᠰ ᠤᠨ ᠢᠯᠠᠯᠲᠠ ᠶᠢ ᠣᠯᠵᠤ᠂ ᠭᠠᠳᠠᠭᠰᠢ ᠬᠠᠯᠳᠠᠪᠤᠷᠢᠯᠠᠭᠤᠯᠬᠤ ᠥᠬᠡᠶ ᠲᠠᠷᠬᠠᠭᠠᠬᠤ ᠦᠬᠡᠢ ᠬᠤᠷᠢᠭ᠎ᠠ ᠱᠤᠭᠤᠮ ᠢ ᠪᠠᠲᠤ ᠰᠠᠬᠢᠪᠠ᠃ ᠡᠨᠡ ᠤᠳᠠᠭ᠎ᠠ ᠶᠢᠨ ᠪᠦᠬᠦ ᠠᠷᠠᠳ ᠤᠨ ︽ᠬᠢᠵᠢᠭ ᠲᠠᠢ ᠳᠡᠮᠡᠴᠡᠬᠦ ᠳᠠᠶᠢᠨ︾ ᠤ ᠳᠤᠮᠳᠠ᠂ ᠨᠠᠮ ᠤᠨ ᠭᠡᠰᠢᠭᠦᠨ ᠺᠠᠳ᠋ᠷᠴᠣᠳ ᠭᠠᠷ ᠬᠤᠯᠪᠣᠨ ᠮᠥᠷᠥ ᠵᠡᠷᠭᠡᠴᠡᠨ ᠤᠷᠤᠭᠰᠢᠯᠠᠵᠤ᠂ ᠥᠷᠭᠡᠨ ᠤᠯᠠᠨ ᠡᠮᠨᠡᠯᠭᠡ ᠶᠢᠨ ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠳ ᠡᠪᠡᠳᠴᠢᠨ ᠤ ᠡᠰᠡᠷᠬᠦ ᠳᠠᠶᠢᠨ ᠳᠤ ᠮᠣᠷᠳᠠᠵᠤ᠂ ᠡᠳᠦᠷ ᠰᠥᠨᠢ ᠦᠭᠡᠢ ᠡᠷᠡᠯᠬᠡᠭᠯᠡᠨ ᠪᠠᠶᠢᠯᠳᠣᠵᠦ᠂ ᠪᠦᠬᠦ ᠬᠤᠳᠠ ᠶᠢᠨ ᠠᠷᠠᠳ ᠤᠯᠠᠨ ᠶᠡᠭᠡ ᠲᠠᠯ᠎ᠠ ᠶᠢ ᠬᠠᠷᠠᠭᠠᠯᠵᠠᠵᠤ᠂ ᠬᠦᠴᠢᠷ ᠪᠡᠷᠬᠡ ᠶᠢ ᠬᠠᠮᠲᠤᠪᠠᠷ ᠳᠠᠪᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠲᠠᠢ ᠳᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠪᠢᠴᠢᠭᠯᠡᠪᠡ᠃ ᠲᠠ ᠨᠠᠷ ᠪᠣᠯ ᠬᠢᠵᠢᠭ ᠲᠠᠢ ᠳᠡᠮᠡᠴᠡᠭᠰᠡᠨ ᠪᠠᠭᠠᠳᠣᠷ᠂ ᠰᠢᠨ᠎ᠡ ᠴᠠᠭ ᠦᠶ᠎ᠡ ᠶᠢᠨ ᠬᠠᠮᠤᠭ  ᠤᠨ ᠬᠠᠶᠢᠷᠠᠳᠠᠢ ᠬᠦᠮᠦᠰ ᠪᠢᠯᠡ︕ᠳᠦᠯᠦᠭᠡᠯᠡᠭᠴᠢᠳ ᠡ᠂ ᠥᠩᠭᠡᠷᠡᠭᠰᠡᠨ ᠲᠦᠷᠪᠡᠨ ᠵᠢᠯ ᠢ ᠡᠷᠬᠢᠴᠡᠬᠦᠯᠪᠡᠯ᠂ ᠪᠢᠳᠡ ᠬᠦᠴᠢᠷ ᠠᠴᠠ ᠠᠶᠣᠬᠤ ᠦᠭᠡᠢ᠂ ᠵᠥᠷᠢᠴᠡᠯ ᠠᠴᠠ ᠵᠠᠶᠢᠯᠠᠬᠤ ᠦᠭᠡᠢ᠂ ᠰᠢᠷᠭᠠᠭᠤ ᠬᠠᠲᠠᠭᠤᠵᠢᠯᠲᠠᠶ ᠳᠡᠮᠡᠴᠡᠭᠰᠡᠨ ᠠᠴᠠ ᠡᠨᠡᠬᠦ ᠡᠷᠬᠢᠮ ᠨᠠᠨᠳᠢᠨ ᠠᠮᠵᠢᠯᠲᠠ ᠪᠦᠲᠦᠮᠵᠢ ᠶᠢ ᠣᠯᠣᠭᠰᠠᠨ ᠶᠤᠮ᠃ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠶᠢᠨ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠣᠷᠢᠳᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠬᠢᠨᠠᠯᠲᠠ ᠳᠡᠮᠵᠢᠯᠭᠡ ᠶᠢᠨ ᠦᠷ᠎ᠡ ᠳ᠋ᠦᠩ ᠮᠥᠨ᠂ ᠪᠥᠬᠦ ᠬᠤᠲᠠ ᠶᠢᠨ ᠥᠷᠭᠡᠨ ᠣᠯᠠᠨ ᠺᠠᠳ᠋ᠷ ᠣᠯᠠᠨ ᠲᠦᠮᠡᠨ ᠤ ᠬᠠᠲᠠᠭᠤᠵᠢᠯᠲᠠᠶ ᠳᠡᠮᠡᠴᠡᠵᠦ ᠪᠣᠳᠠᠲᠠᠶ ᠠᠵᠢᠯᠯᠠᠵᠤ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠯᠠᠮᠵᠢᠯᠠᠨ ᠳᠡᠮᠵᠢᠵᠦ᠂ ᠢᠳᠡᠪᠬᠢᠳᠡᠢ ᠣᠷᠣᠯᠴᠠᠭᠰᠠᠨ ᠤ ᠦᠷ᠎ᠡ ᠳ᠋ᠦᠩ ᠮᠥᠨ᠃ ᠠᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠬᠡᠰᠢᠬᠦᠨ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠣᠭᠠᠴᠢᠳ ᠤᠨ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠣᠯᠤᠨ ᠠᠷᠠᠳ ᠤᠨ ᠪᠦᠯᠬᠦᠮ᠂ ᠬᠤᠳᠠ ᠳᠤ ᠰᠠᠭᠤᠭ᠎ᠠ ᠠᠷᠠᠳ ᠤᠨ ᠴᠢᠯᠥᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠬᠢ ᠵᠢᠴᠢ ᠡᠷᠢᠶᠡᠨ ᠬᠤᠳᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ ᠲᠥᠯᠥᠭᠡᠯᠡᠭᠴᠢᠳ ᠡ᠂ ᠬᠢᠷᠢ ᠪᠦᠲᠦᠮᠵᠢ ᠥᠩᠭᠡᠷᠡᠭᠰᠡᠨ ᠢ ᠭᠡᠷᠡᠴᠢᠯᠡᠵᠦ᠂ ᠲᠤᠷᠰᠢᠯᠭ᠎ᠠ ᠰᠤᠷᠭᠠᠮᠵᠢ ᠢᠷᠡᠭᠡᠳᠦᠶ ᠶᠢ ᠰᠡᠩᠬᠡᠷᠡᠬᠦᠯᠦᠨ᠎ᠡ᠃ ᠲᠦᠷᠪᠡᠨ ᠵᠢᠯ ᠤᠨ ᠬᠥᠭᠵᠢᠯᠲᠡ ᠶᠢᠨ ᠥᠩᠭᠡᠷᠡᠯᠲᠡ ᠪᠢᠳᠡᠨ ᠳᠤ ᠳᠣᠣᠷᠠᠬᠢ ᠬᠡᠳᠦᠨ ᠰᠡᠩᠬᠡᠷᠡᠬᠦᠯᠦᠯ ᠣᠯᠭᠤᠪᠠ᠄ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠣᠯ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠦ ᠢᠯᠠᠯᠲᠠ ᠤᠯᠬᠤ ᠡᠷᠳᠡᠨᠢ ᠮᠥᠨ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠰᠠᠶᠢᠲᠤᠷ ᠬᠡᠷᠡᠭᠯᠡᠵᠦ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠩ ᠰᠡᠳᠬᠢᠯ ᠤᠨ ᠨᠠᠶᠢᠳᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠳᠠᠭ ᠯᠠ ᠶᠤᠮ ᠪᠣᠯ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠪᠤᠳᠤᠯᠢᠶᠠᠨᠲᠠᠢ ᠪᠠᠶᠢᠳᠠᠯ ᠪᠣᠯᠤᠨ ᠠᠶᠤᠯ ᠲᠦᠭᠰᠢᠭᠦᠷᠢ ᠥᠷᠢᠰᠥᠯᠳᠦᠭᠡᠨ ᠢ ᠲᠣᠭᠲᠠᠭᠤᠨ ᠢᠶᠠᠷ ᠠᠷᠭᠠᠴᠠᠵᠤ ᠴᠢᠳᠠᠨ᠎ᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯ ᠪᠦᠬᠦ ᠲᠠᠯ᠎ᠠ ᠶᠢ ᠬᠦᠳᠦᠯᠦᠨ ᠳᠠᠭᠠᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠦᠨᠳᠦᠰᠦᠨ ᠵᠢᠷᠤᠮᠯᠠᠯ ᠪᠣᠯᠭᠠᠵᠤ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠪᠣᠭᠤᠮᠲᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠥᠭᠵᠢᠯᠲᠡ ᠶᠢᠨ ᠰᠠᠭᠤᠷᠢ ᠬᠦᠴᠦᠨ ᠢᠶᠠᠨ ᠪᠠᠲᠤᠯᠠᠵᠤ᠂ ᠤᠴᠢᠷ ᠶᠠᠪᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠵᠢᠯ ᠳᠠᠷᠠᠭᠠᠯᠠᠨ ᠰᠢᠷᠭᠠᠭᠤ ᠠᠵᠢᠯᠯᠠᠳᠠᠭ ᠯᠠ ᠶᠤᠮ ᠪᠣᠯ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠴᠦ ᠴᠢᠳᠠᠨ᠎ᠠ᠃ ᠥᠭᠡᠷᠡᠴᠢᠯᠡᠯᠲᠡ ᠨᠡᠬᠡᠬᠡᠯᠳᠡ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠥᠳᠡᠯᠭᠡᠬᠦ ᠬᠦᠴᠦᠨ ᠮᠥᠨ᠂ ᠪᠢᠳᠡ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠠᠴᠠ ᠬᠥᠳᠡᠯᠭᠡᠬᠦ ᠬᠦᠴᠦᠨ ᠣᠯᠵᠤ᠂ ᠨᠡᠬᠡᠬᠡᠯᠳᠡ ᠬᠢᠬᠦ ᠠᠴᠠ ᠠᠮᠢᠵᠢᠷᠠᠯ ᠤᠨ ᠬᠦᠴᠦᠨ ᠣᠯᠵᠤ᠂ ᠠᠰᠠᠭᠤᠳᠠᠯ ᠳᠤ ᠰᠢᠭᠤᠳ ᠬᠠᠨᠳᠤᠵᠤ᠂ ᠵᠣᠷᠢᠭᠲᠠᠢ ᠪᠠᠷ ᠰᠢᠪᠲᠤᠯᠤᠯᠲᠠ ᠬᠢᠵᠦ᠂ ᠪᠣᠭᠤᠮᠲᠠ ᠶᠢᠨ ᠬᠥᠭᠵᠢᠯᠲᠡ ᠶᠢᠨ ᠬᠦᠴᠢᠷ ᠲᠦᠪᠡᠭᠲᠡᠢ ᠠᠰᠠᠭᠤᠳᠠᠯ ᠢ ᠡᠷᠡᠰ ᠰᠢᠢᠳᠪᠦᠷᠢᠯᠡᠳᠡᠭ ᠯᠡ ᠶᠤᠮ ᠪᠣᠯ ᠨᠡᠩ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠶᠢ ᠣᠯᠵᠤ ᠴᠢᠳᠠᠨ᠎ᠠ᠃ ᠠᠷᠠᠳ ᠲᠦᠮᠡᠨ ᠢ ᠳᠡᠭᠡᠳᠦᠯᠡᠬᠦ ᠪᠣᠯ ᠵᠥᠪ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢᠨ ᠦᠨᠳᠦᠰᠦᠨ ᠤᠷᠢᠲᠠᠯ ᠮᠥᠨ᠂ ᠪᠢᠳᠡ ᠠᠷᠠᠳ ᠤᠨ ᠬᠦᠰᠡᠯ ᠡᠷᠡᠮᠡᠯᠵᠡᠯ᠂ ᠵᠠᠰᠠᠭ ᠤᠨ ᠠᠵᠢᠯ ᠤᠨ ᠴᠢᠭᠯᠡᠯ ᠢ ᠪᠠᠷᠢᠮᠲᠠᠯᠠᠵᠤ᠂ ᠤᠯᠠᠨ ᠲᠦᠮᠡᠨ ᠤ ︽ᠪᠠᠴᠢᠮᠳᠠᠬᠤ᠂ ᠬᠦᠴᠢᠷᠳᠡᠬᠦ᠂ ᠵᠤᠪᠠᠨᠢᠬᠤ᠂ ᠬᠦᠰᠡᠬᠦ︾ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠳᠡᠭ ᠯᠡ ᠶᠤᠮ ᠪᠣᠯ ᠪᠣᠭᠤᠮᠲᠠ ᠶᠢᠨ ᠬᠥᠭᠵᠢᠯᠲᠡ ᠶᠢ ᠨᠡᠩ ︽ᠳᠣᠯᠠᠭᠠᠨ ᠪᠦᠯᠢᠶᠡᠨ︾ ᠪᠣᠯᠭᠠᠵᠣ᠂ ᠠᠷᠠᠳ ᠤᠨ ᠠᠮᠢᠳᠤᠷᠠᠯ ᠢ ᠨᠡᠩ ᠢᠯᠡᠭᠦᠦ ︽ᠴᠢᠨᠠᠷ ᠰᠠᠶᠢᠲᠠᠢ︾ ᠪᠣᠯᠭᠠᠵᠣ ᠴᠢᠳᠠᠨ᠎ᠠ᠃ ᠵᠣᠷᠢᠭᠳᠠᠢ ᠡᠭᠦᠷᠭᠡᠯᠡᠨ ᠪᠣᠳᠠᠲᠠᠢ ᠠᠵᠢᠯᠯᠠᠬᠤ ᠪᠣᠯ ᠠᠵᠢᠯ ᠢᠶᠠᠨ ᠰᠠᠶᠢᠲᠤᠷ ᠬᠢᠬᠦ ᠶᠢᠨ ᠰᠠᠭᠤᠷᠢ ᠪᠠᠲᠤᠯᠠᠭ᠎ᠠ ᠮᠥᠨ᠂ ᠪᠢᠳᠡ ᠪᠣᠳᠠᠳᠠᠢ ᠠᠵᠢᠯᠯᠠᠨ ᠬᠠᠷᠢᠭᠤᠴᠠᠯᠭ᠎ᠠ ᠲᠠᠢ ᠡᠭᠦᠷᠭᠡᠯᠡᠬᠦ ᠶᠢ ᠵᠠᠰᠠᠭ ᠤᠨ ᠣᠷᠳᠣᠨ ᠤ ᠠᠵᠢᠯ ᠤᠨ ᠭᠤᠣᠯ ᠠᠶᠢᠵᠠᠮ ᠪᠣᠯᠭᠠᠵᠤ᠂ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠰᠢᠨ᠎ᠡ ᠶᠢ ᠡᠭᠦᠳᠬᠦ ᠡᠷᠴᠢ ᠵᠣᠷᠢᠭ᠂ ᠪᠣᠳᠠᠳᠠᠢ ᠤ ᠠᠵᠢᠯᠯᠠᠬᠤ ᠰᠤᠷᠲᠠᠯ ᠢ ᠪᠠᠷᠢᠮᠲᠠᠯᠠᠳᠠᠭ ᠯᠠ ᠶᠤᠮ ᠪᠣᠯ ᠬᠥᠭᠵᠢᠯᠲᠡ ᠶᠢᠨ ᠳᠤᠮᠳᠠ ᠲᠡᠷᠢᠭᠦᠨ ᠲᠣᠬᠢᠶᠠᠯ ᠢ ᠠᠮᠵᠢᠵᠤ᠂  ᠬᠦᠳᠡᠯᠦᠩᠬᠦᠢ ᠪᠠᠶᠢᠷᠢ ᠶᠢ ᠣᠯᠵᠤ ᠴᠢᠳᠠᠨ᠎ᠠ᠃ ᠲᠥᠯᠥᠭᠡᠯᠡᠭᠴᠢᠳ ᠡ᠂ ᠲᠤᠷᠰᠢᠯᠭ᠎ᠠ ᠪᠠᠨ ᠳ᠋ᠦᠩᠨᠡᠵᠦ᠂  ᠳᠣᠳᠠᠭᠳᠠᠯ   ᠳᠤ ᠵᠦᠪ ᠢᠶᠠᠷ ᠬᠠᠨᠳᠣᠨ᠂ ᠪᠢᠳᠡ ᠪᠠᠰᠠ ᠳᠣᠣᠷᠠᠬᠢ ᠬᠡᠳᠦᠨ ᠳᠠᠯ᠎ᠠ ᠶᠢ ᠰᠡᠷᠭᠡᠭ ᠢᠶᠠᠷ ᠳᠠᠨᠢᠬᠤ ᠴᠢᠬᠤᠯᠠᠳᠠᠢ᠄  ᠪᠣᠭᠤᠮᠳᠠ ᠶᠢᠨ ᠬᠢᠵᠢᠭ ᠤᠨ ᠪᠠᠶᠢᠳᠠᠯ ᠤᠨ ᠭᠠᠳᠠᠨ᠎ᠠ ᠠᠴᠠ ᠬᠠᠯᠳᠠᠪᠣᠷᠢᠯᠠᠨ ᠣᠷᠣᠵᠦ ᠢᠷᠡᠬᠦ ᠶᠢ ᠰᠡᠷᠭᠡᠶᠢᠯᠡᠬᠦ ᠳᠠᠷᠤᠯᠲᠠ ᠨᠡᠮᠡᠭᠳᠡᠵᠦ᠂ ᠣᠯᠠᠨ ᠤᠯᠤᠰ ᠤᠨ ᠠᠷᠠᠯᠵᠢᠶ᠎ᠠ ᠲᠠᠭᠠᠷᠢᠯᠲᠠ ᠳᠤ ᠤᠴᠠᠷᠠᠵᠤ᠂ ᠭᠠᠳᠠᠭᠰᠢ ᠴᠢᠭᠯᠡᠭᠰᠡᠨ ᠬᠡᠯᠪᠡᠷᠢ ᠶᠢᠨ ᠠᠵᠤ ᠠᠬᠤᠶ ᠶᠢᠨ ᠬᠥᠭᠵᠢᠯᠲᠡ ᠳᠤ ᠣᠷᠢᠳ ᠡᠮᠦᠨ᠎ᠡ ᠭᠠᠷᠤᠭ᠎ᠠ ᠦᠭᠡᠢ ᠠᠰᠠᠭᠤᠳᠠᠯ ᠪᠠ ᠦᠷᠢᠰᠦᠯᠳᠦᠬᠡᠨ ᠲᠤᠯᠭᠠᠷᠠᠵᠤ ᠪᠠᠶᠢᠨ᠎ᠠ︔ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠨᠢ ᠰᠢᠭᠤᠷᠬᠠᠢ ᠪᠤᠰᠤ᠂ ᠤᠨᠴᠠᠯᠢᠬᠳᠤ ᠭᠤᠣᠯᠯᠠᠬᠤ ᠠᠵᠤ ᠦᠢᠯᠡᠰ ᠤᠨ ᠬᠡᠪᠴᠢᠶ᠎ᠡ ᠶᠡᠭᠡ ᠪᠢᠰᠢ ᠰᠢᠯᠢᠳᠡᠭ ᠪᠤᠰᠤ᠂ ᠣᠷᠣᠨ ᠪᠠᠶᠢᠷᠢ᠂ ᠲᠦᠷᠦ ᠶᠢᠨ ᠪᠤᠳᠤᠯᠭ᠎ᠠ᠂ ᠲᠠᠪᠴᠠᠩ ᠤᠨ ᠳᠠᠪᠠᠭᠤᠯᠢᠭ ᠢ ᠬᠠᠷᠠᠬᠠᠨ ᠭᠦᠢᠴᠡᠳ ᠪᠠᠳᠠᠷᠠᠭᠤᠯᠤᠭᠠᠳᠤᠢ ᠪᠠᠶᠢᠭᠰᠠᠭᠠᠷ︔ ᠴᠢᠬᠤᠯᠠ ᠳᠣᠮᠣ ᠲᠦᠷᠦᠯ ᠵᠦᠢᠯ ᠤᠨ ᠨᠥᠭᠡᠴᠡ ᠬᠦᠷᠦᠯᠴᠡᠬᠦ ᠦᠭᠡᠢ᠂ ᠰᠢᠨ᠎ᠡ ᠶᠢ ᠡᠭᠦᠳᠬᠦ ᠡᠯᠧᠮᠧᠨ᠋ᠲ ᠤᠨ ᠲᠥᠪᠯᠡᠷᠡᠯ ᠤᠨ ᠬᠡᠮᠵᠢᠶ᠎ᠡ ᠥᠨᠳᠥᠷ ᠪᠢᠰᠢ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠲᠦᠷᠭᠡᠨ ᠪᠢᠰᠢ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠤᠶᠢᠮ᠎ᠠ ᠪᠠᠶᠢᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠨᠡᠯᠢᠶᠡᠳ ᠤᠯᠠᠨ ᠳᠤᠲᠠᠭᠤᠳᠠᠯ ᠣᠷᠣᠰᠢᠵᠤ ᠪᠠᠶᠢᠨ᠎ᠠ︔ ᠵᠠᠰᠠᠭ ᠤᠨ ᠣᠷᠳᠣᠨ ᠤ ᠵᠠᠰᠠᠯᠳᠠ ᠶᠢᠨ ᠴᠢᠳᠠᠪᠤᠷᠢ ᠪᠣᠯᠤᠨ ᠦᠷ᠎ᠡ ᠪᠦᠲᠦᠮᠵᠢ ᠪᠠᠰᠠ ᠬᠠᠷᠠᠬᠠᠨ ᠵᠦᠷᠢᠶ᠎ᠡ ᠲᠠᠢ ᠪᠠᠶᠢᠵᠦ᠂ ᠬᠡᠰᠡᠭ ᠺᠠᠳ᠋ᠷ ᠤᠨ ᠦᠢᠯᠡᠴᠢᠯᠡᠭᠡᠨ ᠤ ᠤᠬᠠᠮᠰᠠᠷ ᠴᠢᠩᠭ᠎ᠠ ᠪᠢᠰᠢ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ ᠬᠦᠷᠦᠯᠴᠡᠬᠦ ᠦᠭᠡᠢ ᠵᠡᠷᠭᠡ ᠦᠵᠡᠭᠳᠡᠯ ᠮᠦᠨ ᠯᠡ ᠣᠷᠣᠰᠢᠵᠤ ᠪᠠᠶᠢᠨ᠎ᠠ᠃ ᠡᠶᠢᠮᠣ ᠠᠴᠠ᠂ ᠪᠢᠳᠡ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠡᠭᠦᠷᠭᠡᠯᠡᠯ ᠰᠢᠨ᠎ᠡ ᠵᠢᠳᠬᠦᠯ ᠢᠶᠠᠷ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠦᠶ᠎ᠡ᠃ ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠲᠡᠮᠡᠴᠡᠯ ᠤᠨ ᠬᠠᠷᠠᠯᠲᠠ ᠪᠠ ᠭᠤᠣᠯ ᠡᠭᠦᠷᠭᠡ ᠬᠤᠶᠢᠰᠢᠳᠠ ᠶᠢᠨ ᠲᠠᠪᠤᠨ ᠵᠢᠯ ᠪᠣᠯ ᠮᠠᠨ ᠤ ᠬᠤᠲᠠ ᠶᠢᠨ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠵᠤ᠂ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠡᠭᠦᠳᠬᠦ ᠵᠠᠩᠭᠢᠯᠠᠭ᠎ᠠ ᠶᠢᠨ ᠲᠠᠪᠤᠨ ᠵᠢᠯ ᠪᠣᠯᠤᠨ᠎ᠠ᠃ ᠲᠠᠪᠤᠨ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠮᠡᠷᠡᠶᠢᠨ ᠳᠡᠮᠡᠴᠡᠪᠡᠯ ᠢᠯᠠᠯᠳᠠ ᠳᠤ ᠬᠦᠷᠬᠦ ᠨᠢ ᠪᠠᠶᠢᠭᠠᠯᠢ ᠶᠢᠨ ᠵᠢᠮ᠎ᠡ ᠶᠣᠰᠦ ᠪᠢᠯᠡ᠃ ᠪᠢᠳᠠ ᠬᠤᠳᠠ ᠶᠢᠨ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠣᠰᠣᠭᠠᠷ᠂ ᠨᠡᠶᠢᠭᠡᠮ ᠵᠢᠷᠣᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ᠂ ᠬᠤᠶᠠᠳᠡᠬᠢ ᠵᠠᠭᠤᠨ ᠵᠢᠯ ᠤᠨ ᠳᠡᠮᠡᠴᠡᠯ ᠤᠨ ᠬᠠᠷᠠᠯᠲᠠ ᠲᠡᠰᠢ ᠤᠷᠤᠭᠰᠢᠯᠠᠬᠤ ᠲᠡᠦᠬᠡ ᠶᠢᠨ ᠰᠢᠨ᠎ᠡ ᠠᠶᠠᠯᠠᠯ ᠳᠤ ᠠᠩᠬᠠᠷᠣᠯ ᠢᠶᠠᠨ ᠳᠦᠪᠯᠡᠷᠡᠬᠦᠯᠵᠦ᠂ ᠴᠠᠭ ᠦᠶ᠎ᠡ ᠲᠠᠢ ᠵᠡᠷᠭᠡᠪᠡᠷ ᠣᠷᠣᠭᠰᠢᠯᠠᠬᠤ ᠮᠦᠷᠳᠡᠬᠡᠨ ᠴᠠᠭ ᠤᠨ ᠪᠠᠶᠢᠳᠠᠯ ᠳᠤ ᠳᠣᠬᠢᠷᠠᠭᠤᠯᠣᠨ᠂ ᠪᠡᠯᠡᠳᠬᠡᠯ ᠠᠵᠢᠯ ᠢᠶᠠᠨ ᠰᠠᠶᠢᠳᠣᠷ ᠬᠢᠵᠦ᠂ ᠰᠠᠨᠠᠭᠠᠴᠢᠯᠠᠭ᠎ᠠ ᠲᠠᠢ ᠪᠠᠷ ᠠᠵᠢᠯᠯᠠᠬᠤ ᠡᠷᠡᠰ ᠵᠣᠷᠢᠭ ᠲᠠᠢ᠃ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠠᠶᠢᠯᠳᠤᠬᠤ ᠪᠤᠳᠤᠯᠭ᠎ᠠ ᠶᠢᠨ ᠳᠣᠯᠭᠠᠭᠤᠷᠢ ᠴᠢᠭ ᠢ ᠪᠦᠲᠦᠭᠡᠨ ᠪᠠᠶᠢᠭᠤᠯᠬᠤ ᠰᠢᠨ᠎ᠡ ᠣᠷᠣᠨ ᠪᠦᠰᠡ ᠶᠢᠨ ᠪᠠᠶᠢᠷᠢᠰᠢᠯ ᠳᠤ ᠠᠩᠬᠠᠷᠣᠯ ᠢᠶᠠᠨ ᠳᠦᠪᠯᠡᠷᠡᠬᠦᠯᠵᠦ᠂ ᠰᠢᠷᠦᠭᠦᠨ ᠤᠷᠤᠰᠬᠠᠯ ᠤᠨ ᠡᠰᠡᠷᠬᠦ ᠡᠷᠡᠯᠬᠡᠭ ᠢᠶᠠᠷ ᠣᠷᠣᠭᠰᠢᠯᠠᠨ᠂ ᠦᠨᠳᠦᠰᠦᠨ ᠴᠢᠳᠠᠪᠤᠷᠢ ᠢᠶᠠᠨ ᠪᠠᠳᠣᠵᠢᠭᠤᠯᠵᠦ᠂ ᠪᠦᠬᠦ ᠳᠠᠯ᠎ᠠ ᠪᠠᠷ ᠬᠦᠢᠴᠡᠳ ᠨᠠᠶᠢᠳᠠᠪᠣᠷᠢᠵᠢᠭᠤᠯᠬᠤ ᠡᠷᠡᠰ ᠵᠣᠷᠢᠭ ᠲᠠᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠷᠠᠯᠲᠠ ᠶᠢ ᠪᠡᠶᠡᠯᠡᠭᠦᠯᠬᠦ ᠪᠠ ᠳᠤᠮᠳᠠᠳᠤ ᠤᠯᠤᠰ ᠤᠨ ᠤᠮᠠᠷᠠᠲᠤ ᠣᠷᠣᠨ  ᠤ ᠲᠡᠷᠢᠭᠦᠨ ᠵᠡᠷᠭᠡᠯᠡᠯ ᠤᠨ ᠪᠣᠭᠤᠮᠲᠠ ᠬᠤᠳᠠ ᠶᠢ ᠪᠦᠳᠦᠬᠡᠨ ᠪᠠᠶᠢᠭᠤᠯᠬᠤ ᠰᠢᠨ᠎ᠡ ᠬᠠᠷᠠᠯᠲᠠ ᠳᠤ ᠠᠩᠬᠠᠷᠣᠯ ᠢᠶᠠᠨ ᠳᠦᠪᠯᠡᠷᠡᠬᠦᠯᠦᠨ᠂ ᠪᠣᠳᠠᠲᠠᠢ ᠠᠴᠠ ᠡᠬᠦᠰᠣᠨ᠂ ᠦᠨᠡᠨ ᠢᠶᠠᠷ ᠠᠵᠢᠯᠯᠠᠵᠦ᠂ ᠶᠠᠪᠣᠳᠠᠯ ᠪᠦᠬᠦᠨ ᠢ ᠳᠣᠣᠱᠳᠠᠢ ᠬᠢᠵᠦ᠂ ᠬᠠᠷᠢᠭᠤᠴᠠᠯᠭ᠎ᠠ ᠪᠦᠬᠦᠨ ᠢ ᠰᠠᠶᠢᠳᠣᠷ ᠬᠦᠢᠴᠡᠳᠬᠡᠬᠦ  ᠡᠷᠡᠰ ᠵᠣᠷᠢᠭ ᠲᠠᠢ᠃ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠳᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠪᠠᠶᠢᠯᠭᠠᠬᠤ ᠮᠦᠷᠳᠡᠬᠡᠨ ᠣᠷᠣᠭᠰᠢᠯᠠᠨ ᠳᠠᠪᠰᠢᠬᠤ ᠠᠵᠢᠯ ᠤᠨ ᠬᠦᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠬᠦᠴᠦ ᠲᠠᠯᠪᠢᠨ ᠦᠢᠯᠡᠴᠢᠯᠡᠬᠦ ᠪᠠ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ᠶᠢ ᠨᠠᠩ ᠪᠠᠲᠤ ᠪᠠᠬᠢ ᠪᠣᠯᠭᠠᠬᠤ᠂ ︽ᠬᠤᠶᠠᠷ ᠰᠠᠭᠤᠷᠢᠨ︾ ᠤ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ᠂ ︽ᠨᠢᠭᠡ ᠪᠠᠬᠢᠯᠡᠯᠲᠡ︾ ᠶᠢᠨ ᠦᠢᠯᠡᠳᠦᠯ ᠢ ᠪᠠᠳᠠᠷᠠᠭᠤᠯᠬᠤ ᠲᠤᠬᠠᠶ ᠬᠠᠷᠠᠯᠲᠠ ᠶᠢᠨ ᠳᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠳᠣᠯᠭᠠᠭᠤᠷᠢ ᠴᠢᠭ ᠢ ᠪᠦᠲᠦᠭᠡᠨ ᠪᠠᠶᠢᠭᠤᠯᠬᠤ ᠶᠡᠷᠦᠩᠬᠡᠶ ᠬᠠᠷᠠᠯᠲᠠ ᠲᠠᠢ ᠨᠢᠭᠲᠠ ᠤᠶᠠᠯᠳᠤᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠤᠯᠤᠰ ᠤᠨ ᠭᠤᠣᠯᠳᠠᠯᠭ᠎ᠠ ᠲᠠᠢ ᠬᠦᠭᠵᠢᠬᠦᠯᠦᠯᠳᠠ ᠨᠡᠭᠡᠭᠡᠯᠳᠠ ᠶᠢᠨ ᠲᠤᠷᠰᠢᠯᠲᠠ ᠶᠢᠨ ᠳᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠨᠠᠢᠮᠠᠨ ᠭᠤᠤᠯᠳᠠᠯᠭ᠎ᠠ ᠲᠠᠢ ᠢᠨᠵᠧᠨᠧᠷᠢᠩ︾ ᠢ ᠶᠡᠬᠡᠪᠡᠷ ᠬᠡᠷᠡᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠪᠠᠷ ᠬᠦᠴᠦᠯᠡᠨ ᠴᠢᠷᠮᠠᠶᠢᠵᠤ᠂ ᠠᠮᠢ ᠠᠬᠤᠶ ᠶᠢ ᠲᠡᠷᠢᠭᠦᠨ ᠳᠤ ᠳᠠᠯᠪᠢᠵᠦ ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠳᠣᠷ ᠵᠠᠮᠨᠠᠬᠤ ᠶᠢ ᠭᠤᠶᠢᠪᠢᠰᠢ ᠦᠭᠡᠢ ᠪᠠᠷᠢᠮᠳᠠᠯᠠᠨ᠎ᠠ᠃ᠬᠤᠶᠢᠰᠢᠳᠠ ᠶᠢᠨ ᠲᠠᠪᠤᠨ ᠵᠢᠯ ᠤᠨ ᠲᠡᠮᠡᠴᠡᠯ ᠤᠨ ᠬᠠᠷᠠᠯᠲᠠ ᠪᠣᠯ᠄ ᠣᠷᠣᠨ ᠨᠣᠳᠤᠭ ᠤᠨ ᠦᠢᠯᠡᠳᠪᠣᠷᠢᠯᠡᠯ ᠤᠨ ᠶᠡᠷᠦᠩᠬᠡᠶ ᠥᠷᠲᠡᠭ ᠤᠨ ᠵᠢᠯ ᠳᠤᠮᠳᠠᠴᠢ ᠦᠰᠦᠯᠳᠠ ᠶᠢ ᠵᠣᠬᠢᠰᠲᠠᠶ ᠬᠡᠪᠴᠢᠶᠡᠨ ᠳᠤ ᠪᠠᠶᠢᠯᠭᠠᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠵᠢᠯ ᠳᠤᠮᠳᠠᠴᠢ ᠪᠠᠷ 7% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠬᠤ ᠶᠡᠷᠦᠩᠬᠡᠶ ᠬᠡᠮᠵᠢᠶ᠎ᠡ ᠶᠢ ᠵᠢᠯ ᠳᠤᠮᠳᠠᠴᠢ ᠪᠠᠷ 4% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ GDP ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠪᠠ ᠠᠷᠠᠯᠵᠢᠶᠠᠨ ᠤ ᠦᠷᠲᠡᠭ ᠢ ᠵᠢᠯ ᠳᠤᠮᠳᠠᠴᠢ ᠪᠠᠷ ᠲᠣᠰ ᠲᠣᠰ 5% ᠣᠷᠴᠢᠮ ᠨᠡᠮᠡᠭᠳᠡᠭᠦᠯᠵᠦ᠂ ᠳᠡᠭᠡᠳᠦ ᠱᠠᠲᠤᠨ ᠤ ᠪᠠᠭᠤᠯᠭᠠᠭᠰᠠᠨ ᠡᠯ᠎ᠡ ᠵᠦᠢᠯ ᠤᠨ ᠬᠢᠵᠠᠭᠠᠷᠯᠠᠬᠤ ᠴᠢᠨᠠᠷᠲᠠᠶ ᠬᠦᠢᠴᠡᠳᠬᠡᠯ ᠲᠤᠭ᠎ᠠ ᠶᠢ ᠶᠣᠰᠣᠴᠢᠯᠠᠨ ᠪᠡᠶᠡᠯᠡᠭᠦᠯᠦᠨ᠎ᠡ᠃ ︵ᠨᠢᠭᠡ︶ ᠥᠭᠡᠷᠡᠴᠢᠯᠡᠯᠲᠡ ᠰᠢᠨᠡᠴᠢᠯᠡᠯᠳᠠ ᠨᠡᠭᠡᠭᠡᠯᠳᠠ ᠬᠦᠭᠵᠢᠬᠦᠯᠦᠯᠳᠠ ᠶᠢ ᠭᠤᠶᠢᠪᠢᠰᠢ ᠦᠭᠡᠢ ᠪᠠᠷᠢᠮᠲᠠᠯᠠᠵᠤ᠂ ᠬᠤᠣᠰ ᠴᠢᠭᠯᠡᠯ ᠢᠶᠠᠷ ᠨᠡᠭᠡᠭᠡᠯᠳᠡ ᠬᠢᠬᠦ ᠲᠠᠯ᠎ᠠ ᠪᠠᠷ ᠨᠡᠩ ᠶᠡᠭᠡ ᠰᠢᠪᠲᠤᠯᠤᠯᠲᠠ ᠲᠠᠢ ᠪᠣᠯᠭᠠᠨ᠎ᠠ᠃ ᠰᠠᠭᠤᠷᠢ ᠲᠥᠬᠦᠭᠡᠷᠦᠮᠵᠢ ᠶᠢᠨ ᠬᠤᠯᠪᠣᠯᠳᠣᠨ ᠨᠡᠪᠳᠡᠷᠡᠯᠴᠡᠬᠦ ᠶᠢ ᠳᠡᠷᠢᠬᠦᠨ ᠳᠤ ᠳᠠᠯᠪᠢᠬᠤ ᠶᠢ ᠪᠠᠷᠢᠮᠳᠠᠯᠠᠵᠦ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠪᠠᠨ ᠴᠢᠩᠭᠠᠳᠬᠠᠬᠤ᠂ ᠰᠠᠭᠤᠷᠢ ᠪᠠᠨ ᠪᠠᠳᠣᠳᠬᠠᠬᠤ ᠶᠢ ᠲᠦᠷᠭᠡᠳᠬᠡᠵᠦ᠂ ᠪᠣᠭᠤᠮᠲᠠ ᠶᠢᠨ ᠭᠦᠢᠰᠦ ᠵᠠᠩᠭᠢᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠲᠡᠮᠦᠷ ᠵᠠᠮ ᠤᠨ ᠥᠷᠲᠡᠭᠡ ᠲᠠᠯᠠᠪᠤᠷ ᠪᠠ ᠵᠢᠨᠢᠩ — ᠡᠷᠢᠶᠡᠨ ᠱᠤᠭᠤᠮ ᠤᠨ ᠴᠢᠳᠠᠮᠵᠢ ᠶᠢ ᠥᠷᠭᠡᠳᠬᠡᠨ  ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠴᠤᠭᠯᠠᠷᠠᠯ ᠤᠨ ᠲᠥᠪ᠂ ᠣᠯᠠᠨ ᠤᠯᠤᠰ ᠤᠨ ᠠᠭᠠᠷ ᠠᠶᠠᠯᠠᠯ ᠤᠨ ᠪᠣᠭᠤᠮᠲᠠ ᠶᠢᠨ ᠭᠠᠳᠠᠭᠰᠢ ᠨᠡᠭᠡᠭᠡᠯᠲᠡ ᠬᠢᠬᠦ ᠶᠢ ᠵᠥᠪᠰᠢᠶᠡᠷᠡᠬᠦ᠂ ᠡᠷᠢᠶᠡᠨ ᠬᠤᠲᠠ — ᠤᠯᠠᠭᠠᠨᠪᠠᠭᠠᠲᠤᠷ — ᠣᠯᠠᠭᠠᠠᠠᠦ᠋ᠳᠡ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ᠂ ᠡᠷᠢᠶᠡᠨ ᠬᠤᠲᠠ — ᠰᠠᠶᠢᠨᠱᠠᠨᠳᠠ ᠣᠯᠠᠨ ᠤᠯᠤᠰ ᠤᠨ ᠬᠦᠨᠳᠦ ᠠᠴᠢᠶᠠᠨ ᠤ ᠵᠠᠰᠠᠮᠠᠯ ᠵᠠᠮ ᠵᠡᠷᠭᠡ ᠴᠢᠬᠤᠯᠠ ᠶᠡᠭᠡ ᠰᠠᠭᠤᠷᠢ ᠳᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠢᠯᠢ ᠶᠢᠨ ᠳᠣᠲᠣᠨ᠎ᠠ ᠭᠠᠳᠠᠨᠠᠬᠢ ᠰᠠᠭᠤᠷᠢ ᠳᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠠᠷᠢᠯᠴᠠᠨ ᠨᠡᠪᠲᠡᠷᠡᠯᠴᠡᠬᠦ᠂ ᠬᠠᠷᠢᠯᠴᠠᠨ ᠬᠤᠯᠪᠣᠯᠳᠣᠬᠤ᠂ ᠰᠠᠭᠠᠳ ᠥᠬᠡᠶ ᠨᠡᠪᠲᠡᠷᠡᠬᠦ ᠶᠢ ᠪᠡᠶᠡᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠲᠠᠪᠴᠠᠩ ᠤᠨ ᠲᠤᠰᠠᠯᠠᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠨᠡᠭᠡᠭᠡᠯᠲᠡᠲᠦ ᠲᠠᠪᠴᠠᠩ ᠢ ᠥᠨᠳᠥᠷ ᠪᠠᠷᠢᠮᠵᠢᠶ᠎ᠠ ᠪᠠᠷ᠂ ᠨᠢᠭᠡ ᠴᠤᠭᠴᠠᠵᠢᠭᠤᠯᠤᠨ ᠪᠥᠲᠥᠭᠡᠨ ᠪᠠᠶᠢᠭᠤᠯᠵᠤ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ ᠢ ᠪᠠᠶᠢᠭᠤᠯᠤᠨ ᠡᠵᠡᠩᠨᠡᠯᠲᠡ ᠳᠤ ᠣᠷᠣᠭᠤᠯᠬᠤ ᠶᠢ ᠠᠬᠢᠭᠤᠯᠵᠦ᠂ ᠮᠣᠩᠭᠤᠯ ᠤᠨ ᠳᠠᠯ᠎ᠠ ᠲᠠᠢ ᠬᠦᠳᠡᠯᠦᠯᠴᠡᠨ ᠬᠦᠭᠵᠢᠬᠦ ᠶᠢ ᠪᠡᠶᠡᠯᠡᠭᠦᠯᠵᠦ᠂ ᠬᠢᠯᠢ ᠶᠢᠨ ᠢᠷᠭᠡᠳ ᠤᠨ ᠬᠤᠳᠠᠯᠳᠣᠭᠠᠨ ᠤ ᠳᠣᠭᠤᠷᠢᠭ ᠢ ᠬᠥᠭᠵᠢᠭᠦᠯᠦᠨ ᠪᠤᠵᠠᠭᠠᠶᠢᠷᠠᠭᠤᠯᠵᠤ᠂ ᠬᠠᠷᠢᠯᠴᠠᠨ ᠠᠷᠠᠯᠵᠢᠶᠠᠯᠠᠬᠤ ᠲᠠᠸᠠᠷ ᠢ ᠭᠠᠳᠠᠭᠠᠳᠤ ᠠᠴᠠ ᠣᠷᠣᠭᠤᠯᠬᠤ ᠪᠠ ᠪᠣᠳᠠᠲᠠᠶᠢᠵᠢᠭᠤᠯᠤᠨ ᠡᠳ᠋ᠰᠢᠭᠦᠯᠬᠦ ᠶᠢ ᠵᠡᠷᠭᠡᠪᠡᠷ ᠶᠠᠪᠣᠭᠳᠠᠭᠤᠯᠣᠨ᠂ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ ᠤᠨ ᠶᠡᠷᠦᠩᠬᠡᠢ ᠠᠴᠢᠶᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠬᠦ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ︽ᠭᠤᠷᠪᠠᠨ ᠳᠣᠭᠤᠷᠢᠭ︾ ᠤᠨ ᠬᠠᠷᠢᠯᠴᠠᠨ ᠨᠦᠬᠦᠪᠣᠷᠢᠯᠡᠵᠦ᠂ ᠢᠯᠭᠠᠭ᠎ᠠ ᠵᠦᠷᠢᠶ᠎ᠡ ᠲᠠᠢ᠂ ᠬᠦᠳᠡᠯᠦᠯᠴᠡᠨ ᠬᠥᠭᠵᠢᠬᠦ ᠶᠢ ᠪᠡᠶᠡᠯᠡᠭᠦᠯᠦᠨ᠎ᠡ᠃ ᠳᠣᠲᠣᠭᠠᠳᠤ ᠭᠠᠳᠠᠭᠠᠳᠤ ᠬᠤᠯᠪᠣᠭᠠᠯᠠᠨ ᠬᠦᠳᠡᠯᠦᠯᠴᠡᠭᠰᠡᠨ᠂ ᠨᠡᠭᠡᠭᠡᠯᠲᠡ ᠲᠠᠢ ᠬᠠᠷᠢᠯᠴᠠᠭ᠎ᠠ ᠬᠠᠮᠲᠤᠷᠠᠯᠴᠠᠭᠠᠨ ᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠳᠣᠲᠣᠭᠠᠳᠤ ᠳᠠᠭᠠᠨ ᠦᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠤᠯᠠᠭᠠᠨᠴᠠᠪ ᠯᠤᠭ᠎ᠠ ᠣᠷᠣᠨ ᠪᠦᠰᠡ ᠬᠠᠮᠵᠢᠯᠴᠠᠨ᠂ ᠨᠢᠭᠡ ᠴᠣᠠᠠᠴᠠᠵᠢᠭᠤᠯᠥᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠬᠥᠬᠡᠬᠤᠲᠠ ᠪᠤᠭᠤᠲᠤ ᠣᠷᠳᠣᠰ᠂ ᠪᠡᠭᠡᠵᠢᠩ ᠲᠢᠶᠠᠨᠵᠢᠨ ᠡᠾᠧᠪᠸᠢ ᠵᠡᠷᠭᠡ ᠳᠣᠳᠣᠷ ᠭᠠᠵᠠᠷ ᠲᠠᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠠᠷᠠᠯᠵᠢᠶ᠎ᠠ ᠪᠠᠷᠠᠭᠠᠨ ᠤ ᠬᠦᠢᠯᠭᠡᠭᠡᠨ ᠤ ᠦᠢᠯᠡᠰ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠬᠦ ᠦᠢᠯᠡᠰ᠂ ᠰᠣᠶᠣᠯ ᠵᠢᠭᠤᠯᠴᠢᠯᠠᠯ ᠤᠨ ᠦᠢᠯᠡᠰ᠂  ᠴᠡᠪᠡᠷ ᠡᠨᠧᠷᠬᠢ ᠵᠡᠷᠭᠡ ᠬᠦᠷᠢᠶᠡᠨ ᠳᠤ ᠭᠦᠨᠵᠡᠭᠡᠶ ᠬᠠᠮᠳᠣᠷᠠᠯᠴᠠᠨ᠂ ᠦᠷ᠎ᠡ ᠠᠰᠢᠭ ᠣᠯᠬᠤ ᠶᠢ ᠠᠬᠢᠭᠤᠯᠤᠨ᠂ ᠬᠢᠯᠢ ᠶᠢᠨ ᠪᠣᠭᠤᠮᠲᠠ ᠪᠠᠷ ᠳᠠᠶᠢᠴᠢᠯᠠᠬᠤ᠂ ᠳᠣᠳᠣᠷ ᠭᠠᠵᠠᠷ ᠢᠶᠠᠷ ᠲᠤᠯᠭᠠᠭᠤᠷᠢᠯᠠᠬᠤ᠂ ᠬᠢᠯᠢ ᠬᠢᠵᠠᠭᠠᠷ ᠪᠠ ᠳᠣᠳᠣᠷ ᠭᠠᠵᠠᠷ ᠬᠦᠳᠡᠯᠦᠯᠴᠡᠭᠰᠡᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠣᠨ᠎ᠠ᠃ ᠭᠠᠳᠠᠭᠠᠳᠤ ᠳᠤ ᠪᠠᠨ ︽ᠨᠢᠭᠡ ᠪᠦᠰᠡ ᠨᠢᠭᠡ ᠵᠠᠮ︾᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠶ ᠠᠭᠤᠰᠤᠯᠴᠠᠵᠤ᠂ ᠮᠣᠩᠭᠤᠯ ᠤᠷᠤᠰ ᠵᠢᠴᠢ ᠡᠭᠡ ᠬᠠᠭᠤᠷᠠᠢ ᠶᠢᠨ ᠬᠥᠭᠦᠷᠭᠡ ᠳᠠᠭᠠᠤ ᠶᠢᠨ ᠭᠠᠵᠠᠷ ᠣᠷᠣᠨ  ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠬᠤᠭᠤᠷᠣᠨᠳᠣᠬᠢ ᠬᠠᠷᠢᠯᠴᠠᠭ᠎ᠠ᠂ ᠰᠣᠶᠣᠯ ᠢᠷᠭᠡᠨᠰᠢᠯ ᠤᠨ ᠶᠠᠪᠤᠯᠴᠠᠭ᠎ᠠ ᠶᠢᠨ ᠲᠣᠭᠲᠠᠴᠠ ᠶᠢ ᠪᠦᠷᠢᠨᠰᠢᠬᠦᠯᠵᠦ᠂ ᠠᠵᠤ ᠠᠬᠤᠢ ᠠᠷᠠᠯᠵᠢᠶ᠎ᠠ ᠪᠠᠷᠠᠭᠠᠨ ᠤ ᠭᠦᠢᠯᠭᠡᠭᠡ᠂ ᠰᠤᠷᠭᠠᠨ ᠬᠥᠮᠦᠵᠢᠯ᠂ ᠰᠣᠶᠣᠯ ᠲᠠᠮᠢᠷ᠂ ᠡᠷᠡᠭᠦᠯ ᠬᠠᠮᠠᠭᠠᠯᠠᠯ᠂ ᠵᠢᠭᠤᠯᠴᠢᠯᠠᠯ᠂ ᠠᠮᠢ ᠠᠬᠤᠢ ᠵᠡᠷᠭᠡ ᠪᠣᠳᠠᠳᠦ ᠬᠦᠷᠢᠶᠡᠨ ᠳᠠᠬᠢ ᠪᠣᠳᠠᠳᠣ ᠬᠠᠮᠲᠤᠷᠠᠯᠴᠠᠭ᠎ᠠ᠂ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠣᠨ᠂ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶ᠎ᠡ᠂ ᠨᠡᠩ ᠥᠨᠳᠥᠷ ᠲᠦᠪᠰᠢᠨ  ᠳᠠᠬᠢ ᠭᠠᠳᠠᠭᠠᠳᠤ ᠨᠡᠬᠡᠬᠡᠯᠳᠡ ᠶᠢ ᠪᠡᠶᠡᠯᠡᠭᠦᠯᠦᠨ᠎ᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠯ᠎ᠠ ᠪᠠᠷ ᠰᠢᠪᠲᠤᠯᠤᠯᠲᠠ ᠭᠠᠷᠭᠠᠨ᠂ ᠬᠤᠳᠠᠯᠳᠤᠭ᠎ᠠ ᠡᠵᠡᠩᠨᠡᠯᠳᠠ ᠶᠢᠨ ᠣᠷᠴᠢᠨ ᠢ ᠰᠢᠯᠢᠳᠡᠭᠵᠢᠭᠦᠯᠬᠦ ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠭᠤᠭᠴᠤᠭ᠎ᠠ ᠶᠢ ᠪᠠᠭᠠᠰᠬᠠᠬᠤ᠂ ᠴᠠᠭ ᠬᠤᠭᠤᠴᠠᠭ᠎ᠠ ᠶᠢ ᠪᠣᠭᠤᠨᠢᠰᠬᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠥᠪᠡᠷ ᠤᠨ ᠦᠷᠳᠡᠭ ᠢ ᠪᠠᠭᠤᠷᠠᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠵᠦᠪᠰᠢᠶᠡᠷᠡᠯ ᠣᠯᠭᠤᠬᠤ ᠭᠤᠭᠴᠤᠭ᠎ᠠ ᠶᠢ ᠬᠠᠮᠤᠭ ᠴᠦᠬᠡᠨ᠂ ᠶᠠᠪᠣᠴᠠ ᠶᠢ ᠬᠠᠮᠤᠭ ᠣᠬᠤᠷ ᠪᠣᠯᠭᠠᠵᠣ᠂ ᠬᠤᠳᠠᠯᠳᠤᠭ᠎ᠠ ᠡᠵᠡᠩᠨᠡᠯᠳᠠ ᠶᠢᠨ ᠣᠷᠴᠢᠨ ᠢ ᠬᠠᠦᠯᠢ ᠲᠦᠷᠢᠮᠵᠢᠭᠦᠯᠬᠦ᠂ ᠵᠠᠬ᠎ᠠ ᠳᠡᠯᠭᠡᠭᠦᠷᠵᠢᠭᠦᠯᠬᠦ ᠪᠠ ᠲᠦᠭᠦᠮᠴᠢᠯᠡᠨ ᠬᠢᠯᠪᠠᠷᠴᠢᠯᠠᠬᠤ ᠬᠠᠷᠠᠯᠲᠠ ᠶᠢ ᠪᠡᠶᠡᠯᠡᠭᠦᠯᠦᠨ᠎ᠡ᠃ ︵ᠬᠤᠶᠠᠷ︶ ᠴᠢᠨᠠᠷ ᠰᠠᠶᠢᠲᠠᠶ ᠬᠥᠭᠵᠢᠯᠲᠡ ᠶᠢ ᠭᠤᠶᠢᠪᠢᠰᠢ ᠥᠬᠡᠶ ᠪᠠᠷᠢᠮᠲᠠᠯᠠᠵᠤ᠂ ᠠᠵᠤ ᠦᠢᠯᠡᠰ ᠤᠨ ᠲᠠᠰ ᠳᠡᠪᠰᠢᠬᠦ ᠲᠠᠯ᠎ᠠ ᠪᠠᠷ ᠨᠠᠩ ᠶᠡᠭᠡ ᠠᠯᠬᠤᠮ ᠢ ᠠᠯᠬᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠳᠦᠷᠭᠡᠳᠬᠡᠨ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠪᠠᠶᠢᠭᠤᠯᠬᠤ ᠳᠣᠬᠠᠢ ︽ᠲᠠᠪᠤᠨ ᠡᠷᠬᠡᠪᠰᠢ︾ ︽ᠭᠤᠷᠪᠠ ᠶᠢ ᠬᠤᠪᠢᠷᠠᠭᠤᠯᠬᠤ︾ ᠱᠠᠭᠠᠷᠳᠠᠯᠭ᠎ᠠ ᠶᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠵᠦ᠂ ᠠᠷᠠᠯᠵᠢᠶ᠎ᠡ ᠬᠤᠳᠠᠯᠳᠤᠭ᠎ᠠ ᠪᠠᠷ ᠬᠤᠳᠠ ᠪᠠᠨ ᠬᠦᠭᠵᠢᠬᠦᠯᠬᠦ ᠶᠢᠨ ᠳᠣᠭᠤᠷᠢᠨ ᠳᠤ᠂ ᠭᠠᠳᠠᠭᠠᠳᠤ ᠠᠷᠠᠯᠵᠢᠶ᠎ᠠ ᠶᠢ ᠳᠠᠬᠢᠨ ᠢᠶᠠᠷ ᠨᠡᠮᠡᠭᠳᠡᠭᠦᠯᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠮᠣᠩᠭᠤᠯ ᠣᠷᠣᠰ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠢ ᠭᠦᠨᠵᠡᠭᠡᠶ ᠰᠣᠳᠣᠯᠵᠦ᠂ ᠠᠭᠤᠷᠬᠠᠶ ᠶᠢᠨ ᠪᠦᠳᠦᠭᠡᠭᠳᠡᠬᠦᠨ᠂ ᠮᠣᠳᠣᠨ ᠮᠠᠲ᠋ᠧᠷᠢᠶᠠᠯ᠂ ᠠᠮᠤ ᠳᠣᠰᠣ᠂ ᠴᠠᠭᠠᠰᠤᠨ ᠡᠭᠡᠳᠡᠩ ᠵᠡᠷᠭᠡ ᠤᠯᠠᠮᠵᠢᠯᠠᠯᠲᠤ ᠲᠠᠸᠠᠷ ᠢ ᠭᠠᠳᠠᠭᠠᠳᠤ ᠠᠴᠠ ᠣᠷᠣᠭᠤᠯᠬᠤ ᠬᠡᠪᠴᠢᠶ᠎ᠡ ᠶᠢ ᠪᠠᠲᠤᠯᠠᠨ᠂ ᠨᠡᠭᠦᠷᠡᠰᠦ᠂ ᠮᠢᠬᠠᠨ ᠤ ᠵᠦᠢᠯ᠂ ᠬᠢᠳᠠᠳ ᠡᠮ ᠤᠨ ᠮᠠᠲ᠋ᠧᠷᠢᠶᠠᠯ᠂ ᠪᠠᠶᠢᠭᠠᠯᠢ ᠶᠢᠨ ᠰᠢᠲᠠᠮᠠᠬᠠᠶ ᠬᠡᠶ᠂ ᠬᠢᠮᠢ ᠶᠢᠨ ᠪᠣᠷᠲᠣᠭᠤᠷ ᠵᠡᠷᠭᠡ ᠭᠠᠳᠠᠭᠠᠳᠤ ᠠᠴᠠ ᠣᠷᠣᠭᠤᠯᠬᠤ ᠲᠠᠸᠠᠷ ᠤᠨ ᠲᠥᠷᠥᠯ ᠵᠦᠢᠯ ᠢ ᠴᠢᠷᠮᠠᠶᠢᠨ ᠥᠷᠭᠡᠳᠬᠡᠵᠦ᠂ ᠲᠡᠮᠦᠷᠯᠢᠭ ᠡᠳ᠋ᠯᠡᠯ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠮᠧᠬᠠᠨᠢᠭ ᠮᠠᠰᠢᠨ ᠴᠠᠬᠢᠯᠭᠠᠨ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠵᠡᠷᠭᠡ ᠲᠠᠸᠠᠷ ᠤᠨ ᠭᠠᠳᠠᠭᠠᠳᠤ ᠳᠤ ᠭᠠᠷᠭᠠᠬᠤ ᠬᠤᠪᠢ ᠶᠢᠨ ᠲᠤᠭ᠎ᠠ ᠶᠢ ᠨᠡᠮᠡᠭᠳᠡᠭᠦᠯᠦᠨ᠎ᠡ᠃ ᠤᠯᠠᠭᠠᠨᠴᠠᠪ — ᠡᠷᠢᠶᠡᠨ ᠬᠤᠲᠠ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠬᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠨᠢᠭᠡᠨᠲᠡ ᠪᠠᠶᠢᠭ᠎ᠠ ᠪᠠᠷᠠᠭᠠᠨ ᠤ ᠬᠦᠢᠯᠭᠡᠭᠡᠨ ᠤ ᠳᠣᠭᠤᠷᠢᠭ ᠢ ᠳᠡᠰ ᠳᠡᠪᠰᠢᠬᠦᠯᠦᠨ ᠥᠭᠡᠷᠡᠴᠢᠯᠡᠵᠦ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ ᠤᠨ ᠲᠡᠮᠦᠷ ᠵᠠᠮ ᠤᠨ ᠪᠠᠷᠠᠭᠠᠨ ᠤ ᠬᠦᠢᠯᠭᠡᠭᠡᠨ ᠤ ᠳᠣᠭᠤᠷᠢᠭ᠂ ᠵᠠᠰᠠᠮᠠᠯ ᠵᠠᠮ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ ᠶᠢᠨ ᠪᠠᠷᠠᠭᠠᠨ ᠤ ᠬᠦᠢᠯᠭᠡᠭᠡᠨ ᠤ ᠳᠣᠭᠤᠷᠢᠭ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠦᠷ᠎ᠡ ᠪᠦᠲᠦᠮᠵᠢᠲᠡᠶ ᠣᠲᠣ ᠦᠶ᠎ᠡ ᠶᠢᠨ ᠪᠠᠷᠠᠭᠠᠨ ᠤ ᠬᠦᠢᠯᠭᠡᠭᠡᠨ ᠤ ᠰᠢᠰᠲ᠋ᠧᠮ ᠢ ᠪᠠᠶᠢᠭᠤᠯᠣᠨ᠎ᠠ᠃ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠪᠴᠢᠯᠡᠨ ᠪᠤᠶᠢᠵᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠲᠦᠯᠬᠢᠨ ᠠᠬᠢᠭᠤᠯᠵᠤ᠂ ᠭᠠᠳᠠᠭᠠᠳᠤ ᠠᠷᠠᠯᠵᠢᠶᠠᠨ ᠤ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠰᠠᠭᠤᠷᠢᠨ ᠭᠠᠵᠠᠷ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠭᠤᠶᠤᠴᠢᠯᠠᠨ ᠪᠦᠳᠦᠭᠡᠨ ᠪᠠᠶᠢᠭᠤᠯᠵᠤ ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠠᠵᠤ ᠦᠢᠯᠡᠰ ᠢᠶᠠᠷ ᠬᠤᠳᠠ ᠪᠠᠨ ᠬᠦᠭᠵᠢᠬᠦᠯᠬᠦ ᠳᠣᠭᠤᠷᠢᠨ ᠳᠤ᠂ ᠤᠨᠴᠠᠯᠢᠭᠳᠤ ᠠᠵᠤ ᠦᠢᠯᠡᠰ ᠢ ᠪᠤᠶᠢᠵᠢᠭᠤᠯᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠬᠦ ᠦᠢᠯᠡᠰ ᠢ ᠲᠥᠪᠯᠡᠷᠡᠭᠦᠯᠦᠨ ᠡᠷᠴᠢᠮᠵᠢᠬᠦᠯᠦᠨ ᠬᠦᠭᠵᠢᠬᠦᠯᠬᠦ ᠶᠢ ᠪᠠᠷᠢᠮᠲᠠᠯᠠᠵᠤ᠂ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ ᠤᠨ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠣ ᠳᠠᠬᠢᠨ ᠪᠠᠶᠢᠭᠤᠯᠬᠤ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠭᠡᠨ ᠠᠬᠢᠭᠤᠯᠵᠣ ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠮᠣᠩᠭᠤᠯ ᠣᠷᠣᠰ ᠤᠨ ᠡᠬᠢ ᠪᠠᠶᠠᠯᠢᠭ ᠲᠤ ᠳᠦᠰᠢᠭᠯᠡᠭᠰᠡᠨ ᠭᠠᠳᠠᠭᠠᠳᠦ ᠠᠴᠠ ᠣᠷᠣᠭᠤᠯᠵᠤ ᠡᠳ᠋ᠰᠢᠭᠦᠯᠬᠦ ᠦᠢᠯᠡᠰ ᠪᠠ ᠮᠣᠩᠭᠤᠯ ᠣᠷᠣᠰ ᠤᠨ ᠵᠠᠬ᠎ᠠ ᠳᠡᠯᠭᠡᠭᠦᠷ ᠤᠨ ᠱᠠᠭᠠᠷᠳᠠᠯᠭ᠎ᠠ ᠳᠤ ᠳᠣᠬᠢᠷᠠᠭᠰᠠᠨ ᠭᠠᠳᠠᠭᠠᠳᠦ ᠳᠤ ᠭᠠᠷᠭᠠᠬᠤ ᠡᠳ᠋ᠰᠢᠭᠦᠯᠬᠦ ᠦᠢᠯᠡᠰ ᠢ ᠬᠥᠭᠵᠢᠭᠦᠯᠵᠦ᠂ ᠮᠢᠩᠭᠠᠨ ᠲᠦᠮᠡᠨ ᠲᠣᠨ ᠲᠡᠮᠦᠷ ᠤᠨ ᠬᠦᠳᠡᠷ᠂ ᠵᠠᠭᠤᠨ ᠲᠦᠮᠡᠨ ᠲᠣᠨ ᠠᠮᠤ ᠲᠣᠰᠣ᠂ ᠲᠦᠮᠡᠨ ᠲᠣᠨ ᠮᠠᠯ ᠠᠵᠦ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠬᠢᠯᠢ ᠶᠢᠨ ᠰᠣᠶᠣᠯ ᠵᠢᠭᠤᠯᠴᠢᠯᠠᠯ ᠤᠨ ᠦᠢᠯᠡᠰ ᠢ ᠭᠦᠨᠵᠡᠭᠡᠶ ᠠᠭᠤᠰᠣᠯᠴᠠᠭᠤᠯᠣᠨ ᠬᠦᠭᠵᠢᠬᠦᠯᠬᠦ ᠶᠢ ᠪᠠᠷᠢᠮᠲᠠᠯᠠᠵᠤ᠂ ᠤᠯᠤᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠤ ᠦᠷ᠎ᠡ ᠪᠦᠲᠦᠭᠡᠯ ᠢ ᠥᠷᠭᠡᠳᠬᠡᠬᠦ ᠪᠠᠷ ᠭᠠᠷᠳᠠᠴᠠ ᠪᠣᠯᠭᠠᠵᠤ᠂ ᠬᠢᠯᠢ ᠶᠢᠨ ᠣᠨᠴᠠᠯᠢᠭ᠂ ᠴᠠᠶ ᠶᠢᠨ ᠵᠠᠮ ᠤᠨ ᠤᠯᠠᠭ᠎ᠠ ᠥᠷᠲᠡᠭᠡ᠂ ᠠᠪᠤᠷᠭᠤ ᠭᠦᠷᠪᠡᠯ ᠤᠨ ᠦᠯᠡᠳᠡᠭᠳᠡᠯ ᠵᠡᠷᠭᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨ ᠠᠭᠤᠳᠠᠯᠯᠠᠵᠤ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ᠂ ᠤᠯᠤᠰ ᠤᠨ ᠬᠢᠯᠢ ᠬᠢᠵᠠᠭᠠᠷ ᠤᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠢ ᠭᠤᠶᠤᠴᠢᠯᠠᠨ ᠪᠠᠶᠢᠭᠤᠯᠵᠤ᠂ ᠬᠢᠯᠢ ᠠᠯᠤᠰᠯᠠᠭᠰᠠᠨ ᠵᠢᠭᠤᠯᠴᠢᠯᠠᠯ ᠤᠨ ᠬᠥᠭᠵᠢᠯᠲᠡ ᠶᠢᠨ ᠪᠣᠭᠤᠮᠢ ᠬᠢᠵᠠᠭᠠᠷᠯᠠᠯ ᠢ ᠰᠢᠢᠳᠪᠣᠷᠢᠯᠡᠵᠦ᠂ ᠤᠮᠠᠷᠠᠲᠤ ᠣᠷᠣᠨ ᠤ ᠴᠢᠬᠤᠯᠠ ᠬᠢᠯᠢ ᠶᠢᠨ ᠰᠣᠶᠣᠯ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠣᠷᠣᠨ ᠢ ᠬᠦᠴᠦᠯᠡᠨ ᠪᠠᠶᠢᠭᠤᠯᠤᠨ᠎ᠠ᠃ ᠴᠡᠪᠡᠷ ᠡᠨᠧᠷᠭᠢ ᠶᠢᠨ ᠦᠢᠯᠡᠰ ᠢ ᠪᠣᠬᠢᠷᠲᠤᠯ ᠥᠬᠡᠶ ᠵᠣᠬᠢᠴᠠᠩᠭᠤᠢ ᠬᠦᠭᠵᠢᠬᠦᠯᠬᠦ ᠶᠢ ᠪᠠᠷᠢᠮᠲᠠᠯᠠᠨ᠂ ᠰᠠᠯᠬᠢ ᠭᠡᠷᠡᠯ ᠤᠨ ᠡᠬᠢ ᠪᠠᠶᠠᠯᠢᠭ ᠡᠯᠪᠡᠭ᠂ ᠪᠥᠲᠥᠭᠡᠨ ᠪᠠᠶᠢᠭᠤᠯᠤᠯᠲᠠ ᠶᠢᠨ ᠥᠷᠲᠡᠭ ᠳᠣᠤᠷ᠎ᠠ ᠪᠠᠶᠢᠳᠠᠭ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠰᠠᠯᠬᠢᠨ ᠤ ᠡᠨᠧᠷᠬᠢ᠂ ᠨᠠᠷᠠᠨ ᠤ ᠡᠨᠧᠷᠬᠢ ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠰᠢᠨ᠎ᠡ ᠡᠨᠧᠷᠭᠢ ᠶᠢ ᠭᠠᠳᠠᠭᠰᠢ ᠵᠦᠭᠡᠭᠡᠪᠣᠷᠢᠯᠡᠬᠦ ᠭᠠᠷᠴᠠ ᠶᠢ ᠪᠥᠲᠥᠭᠡᠨ ᠪᠠᠶᠢᠭᠤᠯᠬᠤ ᠶᠢ ᠬᠦᠭᠡᠭᠡᠴᠡᠯᠳᠣᠨ᠂ ᠳᠠᠬᠢᠨ ᠠᠰᠢᠭᠯᠠᠵᠦ ᠪᠣᠯᠬᠤ ᠡᠨᠧᠷᠭᠢ ᠶᠢᠨ ᠪᠢᠴᠢᠯ ᠴᠠᠬᠢᠯᠭᠠᠨ ᠲᠣᠤᠷ᠂ ᠢᠯᠴᠢ ᠴᠠᠬᠢᠯᠭᠠᠨ ᠢ ᠵᠡᠷᠭᠡᠪᠡᠷ ᠦᠢᠯᠡᠳᠪᠣᠷᠢᠯᠡᠬᠦ ᠵᠡᠷᠭᠡ ᠳᠣᠮᠣ ᠴᠢᠬᠤᠯᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠭᠤᠨ ᠲᠦᠮᠡᠨ ᠺᠢᠯᠣᠸᠠᠲ ᠤᠨ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃︵ᠭᠤᠷᠪᠠ︶ ᠬᠤᠲᠠ ᠬᠥᠳᠡᠭᠡ ᠶᠢ ᠠᠭᠤᠰᠣᠯᠴᠠᠭᠤᠯᠣᠨ ᠬᠦᠭᠵᠢᠬᠦᠯᠬᠦ ᠶᠢ ᠭᠤᠶᠢᠪᠢᠰᠢ ᠥᠬᠡᠶ ᠪᠠᠷᠢᠮᠲᠠᠯᠠᠵᠤ᠂ ᠣᠷᠣᠰᠢᠨ ᠠᠮᠢᠳᠣᠷᠠᠬᠤ ᠦᠢᠯᠡᠰ ᠴᠣᠭᠴᠠᠯᠠᠬᠤ ᠳᠤ ᠳᠣᠬᠢᠷᠠᠮᠵᠢᠳᠠᠢ ᠳᠠᠯ᠎ᠠ ᠪᠠᠷ ᠨᠠᠩ ᠣᠯᠠᠨ ᠬᠦᠰᠡᠯ ᠡᠷᠡᠮᠡᠯᠵᠡᠯ ᠢ ᠬᠠᠩᠭᠠᠨ᠎ᠠ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠠᠮᠢ ᠠᠬᠤᠶ ᠶᠢ ᠲᠡᠷᠢᠭᠦᠨ ᠳᠤ ᠳᠠᠯᠪᠢᠨ᠂ ᠪᠣᠬᠢᠷᠲᠤᠯ ᠥᠭᠡᠢ ᠬᠦᠭᠵᠢᠯᠳᠠ ᠶᠢ ᠪᠠᠷᠢᠮᠳᠠᠯᠠᠵᠦ᠂ ᠨᠡᠭᠦᠷᠡᠰᠦᠲᠥ᠋ᠷᠥᠭᠴᠢ  ᠶᠢᠨ ᠭᠠᠳᠠᠭᠰᠢᠯᠠᠭᠤᠯᠣᠯᠳᠠ ᠶᠢᠨ ᠤᠷᠬᠢᠯ ᠦᠶ᠎ᠡ ᠪᠠ ᠨᠡᠬᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠬᠠᠷᠠᠯᠳᠠ ᠶᠢ ᠳᠣᠭᠳᠠᠭᠤᠨ ᠡᠵᠡᠮᠳᠡᠵᠦ᠂ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠰᠢᠯ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ︽ᠭᠤᠷᠪᠠᠨ ᠣᠷᠣᠨ ᠵᠠᠢ ᠭᠤᠷᠪᠠᠨ ᠱᠤᠭᠤᠮ︾ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠡᠵᠡᠮᠳᠡᠨ᠎ᠡ᠃ ᠤᠮᠠᠷᠠᠲᠤ ᠣᠷᠣᠨ ᠤ ᠡᠯᠡᠰᠦ ᠶᠢ ᠰᠡᠷᠭᠡᠶᠢᠯᠡᠬᠦ ᠪᠦᠰᠡ᠂ ᠠᠭᠤᠷᠬᠠᠶ ᠶᠢᠨ ᠣᠷᠴᠢᠨ ᠠᠬᠤᠶ ᠶᠢ ᠵᠠᠰᠠᠬᠤ ᠵᠡᠷᠭᠡ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠵᠦ᠂ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠶᠡᠷᠦᠩᠬᠡᠶᠢᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠣᠷᠣᠨ ᠤ ᠴᠢᠬᠤᠯᠠ ᠠᠮᠢ ᠠᠬᠤᠶ ᠶᠢᠨ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ᠬᠤᠲᠠ ᠶᠢᠨ ᠰᠢᠨᠡᠴᠢᠯᠡᠯᠳᠡ ᠶᠢ ᠲᠦᠷᠭᠡᠳᠬᠡᠨ᠂ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠠᠮ ᠬᠠᠷᠢᠯᠴᠠᠭᠠᠨ ᠤ ᠡᠮᠬᠢ ᠳᠢᠭᠯᠢᠮ᠂ ᠡᠵᠡᠩᠨᠡᠯᠲᠡ ᠶᠢᠨ ᠡᠮᠬᠢ ᠳᠢᠭᠯᠢᠮ᠂ ᠰᠠᠭᠤᠭᠠᠯᠢ ᠲᠣᠭᠤᠷᠢᠭ ᠤᠨ ᠠᠳᠠᠯ ᠠᠬᠤᠶ ᠵᠡᠷᠭᠡ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠣᠳᠠᠲᠠᠶᠢᠵᠢᠭᠤᠯᠵᠤ ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠣᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠠᠵᠢᠯᠯᠠᠭ᠎ᠠ ᠶᠢ ᠲᠦᠷᠭᠡᠳᠬᠡᠨ ᠬᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠣᠷᠠᠬᠤ ᠣᠷᠴᠢᠨ ᠢ ᠵᠠᠰᠠᠨ ᠴᠡᠭᠴᠡᠯᠡᠵᠦ ᠳᠡᠰ ᠳᠡᠪᠰᠢᠬᠦᠯᠬᠦ ᠲᠠᠪᠤᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠣᠲᠣ ᠦᠶ᠎ᠡ ᠶᠢᠨ ᠳᠠᠷᠢᠵᠤ ᠲᠡᠵᠢᠭᠡᠬᠦ ᠦᠢᠯᠡᠰ᠂ ᠮᠠᠯ ᠠᠵᠦ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ᠂ ᠬᠥᠳᠡᠭᠡ ᠲᠣᠰᠬᠤᠨ ᠤ ᠤᠨᠴᠠᠯᠢᠭᠳᠤ ᠵᠢᠭᠤᠯᠴᠢᠯᠠᠯ ᠤᠨ ᠦᠢᠯᠡᠰ ᠢ ᠬᠥᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠣᠯᠳᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠳᠠ ᠪᠠ ᠳᠡᠳᠬᠦᠨ ᠳᠡᠮᠵᠢᠬᠦ ᠲᠣᠭᠲᠠᠴᠠ ᠶᠢ ᠪᠦᠷᠢᠨᠰᠢᠬᠦᠯᠵᠦ᠂ ᠮᠠᠯ ᠠᠵᠤ ᠠᠬᠤᠢ ᠲᠠᠷᠢᠶᠠᠯᠠᠩ ᠢ ᠡᠷᠴᠢᠮᠵᠢᠭᠦᠯᠦᠨ ᠬᠥᠭᠵᠢᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠮᠠᠯᠴᠢᠨ ᠲᠠᠷᠢᠶᠠᠴᠢᠨ ᠢ ᠪᠠᠶᠠᠨ ᠴᠢᠨᠡᠭᠡᠯᠢᠭ ᠪᠣᠯᠭᠠᠬᠤ ᠶᠢ ᠠᠬᠢᠭᠤᠯᠤᠨ᠎ᠠ᠃ ︵ᠲᠦᠷᠪᠡ︶ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠬᠠᠮᠲᠤ ᠪᠠᠷ ᠴᠢᠨᠡᠭᠡᠯᠢᠭᠵᠢᠬᠦ ᠲᠠᠯ᠎ᠠ ᠪᠠᠷ ᠨᠡᠩ ᠥᠨᠳᠥᠷ ᠲᠦᠪᠰᠢᠨ ᠳᠤ ᠬᠦᠷᠭᠡᠨ᠎ᠡ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠢᠮᠠᠭᠲᠠ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠨ ᠵᠣᠷᠢᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠨ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠦᠨᠳᠦᠰᠦᠨ ᠠᠮᠢᠳᠣᠷᠠᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠵᠤ᠂ ᠠᠷᠠᠳ ᠲᠦᠮᠡᠨ ᠤ ᠠᠮᠢᠳᠤᠷᠠᠯ ᠢ ᠨᠡᠩ ᠵᠣᠯ ᠵᠢᠷᠭᠠᠯ ᠲᠠᠢ ᠪᠣᠯᠭᠠᠬᠤ ᠪᠠᠷ ᠴᠢᠷᠮᠠᠶᠢᠨ᠎ᠠ᠃ ᠠᠵᠢᠯ ᠣᠯᠭᠤᠯᠳᠠ ᠪᠠᠷ ᠠᠷᠠᠳ ᠲᠤ ᠠᠰᠢᠭ ᠬᠦᠷᠳᠡᠬᠡᠬᠦ ᠶᠢ ᠪᠠᠷᠢᠮᠳᠠᠯᠠᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠠᠳᠠᠯ ᠦᠢᠯᠡᠰ ᠴᠣᠭᠴᠠᠯᠠᠬᠤ ᠠᠵᠢᠯ ᠣᠯᠭᠤᠯᠲᠠ ᠶᠢ ᠠᠬᠢᠭᠤᠯᠬᠤ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ ᠣᠯᠭᠤᠯᠳᠠ ᠶᠢ ᠦᠨᠡᠨᠬᠦ ᠳᠣᠭᠳᠠᠪᠣᠷᠢᠵᠢᠭᠤᠯᠣᠨ ᠦᠷᠬᠡᠳᠬᠡᠨ᠎ᠡ᠃ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ ᠶᠢᠨ ᠠᠷᠠᠳ ᠤᠨ ᠳᠦᠯᠦᠭᠡ ᠪᠠᠶᠢᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠂ ᠡᠮᠴᠢᠯᠡᠭᠡᠨ ᠤ ᠠᠪᠤᠷᠠᠨ ᠵᠠᠰᠠᠬᠤ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠭᠦᠯᠵᠦ᠂ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠵᠦ᠂ ᠦᠨᠳᠣᠰᠣᠨ ᠣᠯᠠᠨ ᠨᠡᠶᠢᠲᠡ ᠶᠢᠨ ᠦᠢᠯᠡᠴᠢᠯᠡᠭᠡᠨ ᠤ ᠵᠢᠭᠳᠡᠷᠡᠭᠰᠡᠨ ᠳᠦᠪᠰᠢᠨ ᠢ ᠳᠡᠭᠡᠭᠰᠢᠯᠡᠭᠦᠯᠦᠨ᠎ᠡ᠃ ᠨᠠᠶᠢᠬᠡᠮ ᠤᠨ ᠵᠠᠰᠠᠯᠳᠠ ᠶᠢ ᠴᠢᠩᠭᠠᠳᠬᠠᠬᠤ ᠪᠠ ᠰᠢᠨᠡᠴᠢᠯᠡᠵᠣ᠂ ᠨᠡᠶᠢᠭᠡᠮ ᠲᠣᠭᠤᠷᠢᠭ ᠤᠨ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠬᠤ᠂ ᠭᠡᠰᠡᠭᠴᠢᠯᠡᠨ ᠬᠠᠮᠢᠶᠠᠷᠬᠤ᠂ ᠨᠠᠷᠢᠯᠢᠬᠵᠢᠭᠤᠯᠤᠨ ᠦᠢᠯᠡᠴᠢᠯᠡᠬᠦ ᠶᠢ ᠪᠡᠶᠡᠯᠡᠭᠦᠯᠦᠨ᠎ᠡ᠃ ᠬᠠᠤᠯᠢ ᠪᠠᠷ ᠵᠠᠰᠠᠬᠤ ᠡᠷᠢᠶᠡᠨ ᠤ ᠪᠠᠶᠢᠭᠤᠯᠤᠯᠲᠠ ᠶᠢ ᠲᠦᠷᠭᠡᠳᠬᠡᠨ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠲᠦᠯᠬᠢᠨ ᠠᠬᠢᠭᠤᠯᠵᠤ᠂ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠦᠨᠡᠨ ᠬᠦ ᠮᠡᠳᠡᠷᠡᠭᠦᠯᠦᠨ᠎ᠡ᠃ ᠪᠦᠬᠦᠶᠢᠯᠡ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠡᠯ᠎ᠡ ᠵᠦᠢᠯ ᠤᠨ ᠠᠶᠤᠯ ᠲᠦᠭᠰᠢᠭᠦᠷᠢ᠂ ᠦᠨᠳᠦᠰᠦᠲᠡᠨ ᠤ ᠬᠦᠷᠢᠶᠡᠨ ᠳᠠᠬᠢ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ ᠤᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠬᠦᠯᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠣᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠨ᠎ᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠳᠣᠭᠳᠠᠯᠴᠠᠭ᠎ᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠵᠢᠴᠢ ᠪᠠᠳᠣᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠶᠤᠨᠴᠢ ᠬᠢᠯᠢ᠂ ᠨᠠᠶᠢᠬᠡᠮ ᠤᠨ ᠠᠮᠣᠷ ᠳᠦᠪᠰᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠬᠦᠯᠵᠦ᠂ ᠬᠢᠯᠢ ᠬᠢᠵᠠᠭᠠᠷ ᠢ ᠬᠠᠮᠢᠶᠠᠷᠴᠤ ᠬᠢᠯᠢ ᠬᠢᠵᠠᠭᠠᠷ ᠢ ᠡᠵᠡᠮᠳᠡᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠴᠢᠩᠭ᠎ᠠ ᠠᠳᠬᠤᠵᠦ᠂ ᠬᠢᠯᠢ ᠬᠢᠵᠠᠭᠠᠷ ᠤᠨ ᠠᠮᠤᠷ ᠲᠣᠭᠲᠠᠭᠤᠨ᠂ ᠨᠡᠶᠢᠭᠡᠮ ᠤᠨ ᠲᠣᠭᠲᠠᠭᠤᠨ ᠢ ᠪᠠᠲᠤᠯᠠᠨ᠎ᠠ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠰᠡᠷᠬᠡᠶᠢᠯᠡᠨ᠎ᠡ᠃ ᠵᠠᠬ᠎ᠠ ᠳᠡᠯᠬᠡᠬᠦᠷ ᠤᠨ ᠬᠢᠨᠠᠨ ᠬᠠᠮᠢᠶᠠᠷᠣᠯᠳᠠ ᠪᠠᠨ ᠴᠢᠩᠭᠠᠳᠬᠠᠵᠦ᠂ ᠢᠳᠡᠬᠡᠨ ᠤ ᠵᠦᠢᠯ ᠪᠠ ᠡᠮ ᠤᠨ ᠵᠦᠢᠯ ᠤᠨ ᠠᠮᠣᠷ ᠳᠦᠪᠰᠢᠨ ᠤ ᠬᠤᠷᠢᠭ᠎ᠠ ᠱᠣᠭᠤᠮ ᠢ ᠪᠠᠳᠦ ᠰᠠᠬᠢᠨ᠎ᠠ᠃ ᠰᠦᠯᠵᠢᠶᠡᠨ ᠤ ᠠᠮᠣᠷ ᠳᠦᠪᠰᠢᠨ ᠤ ᠪᠠᠳᠣᠯᠠᠭ᠎ᠠ ᠶᠢ ᠴᠢᠩᠭᠠᠳᠬᠠᠵᠦ᠂ ᠰᠦᠯᠵᠢᠶᠡᠨ ᠤ ᠠᠮᠣᠷ ᠳᠦᠪᠰᠢᠨ ᠤ ᠬᠠᠯᠬᠠᠪᠴᠢ ᠶᠢ ᠪᠠᠳᠣᠳᠬᠠᠨ᠎ᠠ᠃ᠭᠤᠷᠪᠠ᠂ 2022 ᠣᠨ ᠤ ᠠᠵᠢᠯ ᠤᠨ ᠬᠠᠷᠠᠯᠲᠠ ᠪᠠ ᠭᠤᠣᠯ ᠡᠭᠦᠷᠭᠡᠦᠨᠥ ᠵᠢᠯ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠵᠢᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ  ᠂ ᠨᠠᠩ ᠴᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠣᠱᠠᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠃ ᠪᠢᠳᠡ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠲᠥᠪ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠣᠣᠱᠠᠯᠠᠭᠤᠯᠤᠨ ᠨᠠᠶᠢᠳᠠᠪᠤᠷᠢᠵᠢᠭᠤᠯᠵᠤ᠂ ︽ᠲᠤᠯᠤᠭᠠᠨ ᠶᠡᠭᠡ ᠲᠥᠷᠥ ᠶᠢᠨ ᠪᠣᠳᠣᠯᠭ᠎ᠠ︾ ᠶᠢᠨ ᠬᠠᠨᠳᠤᠰᠢ ᠪᠠ ︽ᠲᠠᠪᠤ ᠶᠢ ᠵᠥᠪ ᠲᠠᠨᠢᠵᠤ ᠡᠵᠡᠮᠰᠢᠬᠦ︾ ᠶᠢ ᠣᠨᠣᠪᠴᠢᠲᠠᠶ ᠣᠶᠢᠯᠠᠭᠠᠨ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠪᠠᠶᠢᠯᠠᠭᠠᠬᠤ ᠮᠦᠷᠲᠡᠭᠡᠨ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠦᠯᠦᠪᠵᠢᠭᠦᠯᠦᠨ᠂ ︽ᠵᠢᠷᠭᠤᠭ᠎ᠠ ᠶᠢ ᠲᠤᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶ ᠶᠢᠨ ᠡᠷᠭᠢᠯᠲᠡ ᠵᠣᠬᠢᠰᠲᠠᠶ ᠬᠡᠪᠴᠢᠶᠡᠨ ᠳᠤ ᠪᠠᠶᠢᠬᠤ ᠶᠢ ᠪᠠᠲᠤᠯᠠᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠭᠤᠤᠯ ᠵᠢᠱᠢᠭᠰᠡᠨ ᠬᠠᠷᠠᠯᠲᠠ ᠪᠣᠯ᠄ ᠣᠷᠤᠨ ᠨᠣᠲᠤᠭ ᠤᠨ ᠦᠢᠯᠡᠳᠪᠦᠷᠢᠯᠠᠯ ᠤᠨ ᠶᠡᠷᠦᠩᠬᠡᠶ ᠥᠷᠲᠡᠭ ᠢ 4.5 % ᠪᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 7 % ᠪᠠᠷ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠤᠯᠠᠭᠤᠯᠬᠤ ᠶᠡᠷᠦᠩᠬᠡᠶ ᠦᠷᠲᠡᠭ ᠢ 4 % ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠤᠯ ᠠᠶᠢᠮᠠᠭ ᠤᠨ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠪᠠ ᠨᠡᠭᠦᠷᠡᠰᠦᠲᠥ᠋ᠷᠥᠭᠴᠢ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠡ᠃ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ ︵ᠨᠢᠭᠡ︶ ᠰᠢᠨᠵᠢᠯᠡᠬᠦ ᠤᠬᠠᠭᠠᠨᠴᠢ ᠨᠠᠷᠢᠯᠢᠭ ᠤᠨᠤᠪᠴᠢᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠣᠨ ᠪᠦᠬᠦ ᠲᠠᠯ᠎ᠠ ᠪᠠᠷ ᠰᠠᠶᠢᠲᠤᠷ ᠠᠳᠬᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠢᠮᠠᠭᠲᠠ ︽ᠤᠯᠤᠰ ᠤᠨ ᠶᠡᠭᠡ ᠶᠠᠪᠣᠳᠠᠯ︾ ᠪᠣᠯᠭᠠᠵᠤ᠂ ᠡᠬᠡ ᠤᠯᠤᠰ ᠤᠨ ᠤᠮᠠᠷᠠᠲᠤ ᠣᠷᠣᠨ ᠤ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠭᠠᠳᠠᠨ᠎ᠠ ᠠᠴᠠ ᠬᠠᠯᠳᠠᠪᠣᠷᠢᠯᠠᠨ ᠣᠷᠣᠵᠣ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠬᠦᠰᠬᠦ ᠶᠢ ᠰᠡᠷᠭᠡᠶᠢᠯᠡᠬᠦ︾ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠬᠢᠵᠢᠭᠦᠯᠦᠨ᠎ᠡ᠃ ᠪᠣᠭᠤᠮᠲᠠ ᠪᠠᠷ ᠬᠠᠯᠳᠠᠪᠣᠷᠢᠯᠠᠨ ᠣᠷᠣᠵᠣ ᠢᠷᠡᠬᠦ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ︽ᠬᠥᠮᠦᠨ᠂ ᠲᠡᠷᠭᠡ᠂ ᠪᠣᠳᠠᠰ᠂ ᠣᠷᠴᠢᠨ ᠲᠣᠭᠤᠷᠢᠨ︾ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠵᠤ᠂ ︽ᠬᠤᠶᠠᠷ ᠪᠣᠭᠤᠮᠲᠠ᠂ 14 ᠴᠢᠭ︾ ᠢ ᠳᠣᠪᠤᠶᠢᠯᠭᠠᠨ᠂ ︽ᠬᠦᠷᠢᠶᠡᠯᠡᠬᠦ᠂ ᠬᠠᠮᠢᠶᠠᠷᠬᠤ᠂ ᠬᠡᠮᠵᠢᠬᠦ᠂ ᠠᠷᠢᠭᠤᠳᠬᠠᠬᠤ᠂ ᠪᠣᠯᠪᠠᠰᠤᠷᠠᠭᠤᠯᠬᠤ᠂ ᠦᠬᠡᠷᠡᠴᠢᠯᠡᠬᠦ︾ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠠᠲᠤᠳᠬᠠᠨ᠂ ︽ᠳᠥᠷᠪᠡᠨ ᠡᠷᠳᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠮᠠᠯ ᠵᠠᠮ᠂ ᠲᠡᠮᠦᠷ ᠵᠠᠮ ᠤᠨ ᠪᠣᠭᠤᠮᠲᠠ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠰᠠᠬᠢᠨ᠎ᠠ᠃ ᠵᠢᠯᠣᠭᠤᠳᠤᠨ ᠵᠣᠬᠢᠴᠠᠭᠤᠯᠬᠤ ᠲᠣᠭᠲᠠᠴᠠ ᠶᠢ ᠪᠦᠷᠢᠨᠰᠢᠬᠦᠯᠵᠦ᠂ ᠲᠤᠰᠬᠠᠶ ᠠᠩᠭᠢ ᠶᠢ ᠣᠷᠣᠭᠤᠯᠣᠨ ᠰᠠᠭᠤᠷᠢᠰᠢᠭᠤᠯᠵᠣ᠂ ᠪᠢᠳᠡᠭᠦᠮᠵᠢᠯᠡᠨ ᠠᠵᠢᠯᠯᠠᠬᠤ ᠠᠯᠬᠤᠮ ᠳᠠᠷᠠᠭᠠᠯᠠᠯ ᠢ ᠨᠠᠷᠢᠯᠢᠬᠵᠢᠭᠤᠯᠵᠤ᠂ ᠭᠤᠤᠯᠳᠠᠯᠭ᠎ᠠ ᠲᠠᠢ ᠣᠷᠣᠨ ᠪᠠᠶᠢᠷᠢ᠂ ᠭᠤᠤᠯᠳᠠᠯᠭ᠎ᠠ ᠲᠠᠢ ᠭᠤᠭᠴᠤᠭ᠎ᠠ᠂ ᠭᠤᠤᠯᠳᠠᠯᠭ᠎ᠠ ᠲᠠᠢ ᠬᠥᠮᠦᠰ ᠢ ᠴᠢᠩᠭ᠎ᠠ ᠰᠡᠷᠭᠡᠶᠢᠯᠡᠨ ᠰᠠᠬᠢᠵᠤ᠂ ᠬᠠᠮᠢᠶᠠᠷᠤᠯᠲᠠ ᠠᠴᠠ ᠰᠠᠯᠣᠩᠬᠢᠷᠠᠬᠤ ᠪᠠ ᠣᠷᠬᠢᠭᠳᠠᠭᠤᠯᠬᠤ ᠶᠢ ᠡᠷᠡᠰ ᠬᠤᠷᠢᠭᠯᠠᠬᠤ ᠬᠡᠷᠡᠭᠲᠡᠶ᠃ ︽ᠬᠤᠶᠠᠷ ᠴᠢᠭ ᠨᠢᠭᠡ ᠱᠤᠭᠤᠮ︾ ᠤᠨ ᠪᠢᠳᠡᠭᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ ᠠᠳᠬᠤᠵᠤ᠂ ᠬᠦᠷᠢᠶᠡᠯᠡᠨ ᠪᠢᠲᠡᠭᠦᠮᠵᠢᠯᠡᠬᠦ᠂ ᠬᠢᠨᠠᠨ ᠡᠵᠡᠮᠳᠡᠬᠦ ᠪᠠ ᠮᠡᠳᠡᠷᠡᠮᠵᠢ ᠶᠢᠨ ᠳᠣᠬᠢᠶ᠎ᠠ ᠪᠠᠷ ᠲᠦᠭᠰᠢᠭᠦᠷᠢ ᠮᠡᠳᠡᠭᠦᠯᠬᠦ ᠵᠡᠷᠭᠡ ᠪᠣᠳᠠᠰ ᠤᠨ ᠰᠡᠷᠭᠡᠶᠢᠯᠡᠯᠳᠡ ᠪᠠ ᠮᠡᠷᠭᠡᠵᠢᠯ ᠤᠨ ᠰᠡᠷᠭᠡᠶᠢᠯᠡᠯᠲᠡ ᠶᠢᠨ ᠳᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠵᠣ᠂  ᠪᠥᠭᠡᠮ ᠬᠦᠴᠢᠯ ᠤᠨ ᠪᠠᠶᠢᠴᠠᠭᠠᠯᠳᠠ ᠬᠢᠬᠦ᠂ ᠠᠷᠢᠭᠤᠳᠬᠠᠯ ᠬᠢᠬᠦ ᠠᠵᠢᠯ ᠢ ᠴᠢᠩᠭᠠᠳᠬᠠᠨ᠎ᠠ᠃ ᠪᠣᠭᠤᠮᠲᠠ ᠶᠢᠨ ᠪᠢᠳᠡᠭᠦᠮᠵᠢᠯᠡᠭᠰᠡᠨ ᠬᠠᠮᠢᠶᠠᠷᠤᠯᠲᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠣᠷᠢᠯᠡᠬᠦ ᠲᠣᠭᠲᠠᠴᠠ ᠶᠢ ᠪᠦᠷᠢᠨᠰᠢᠬᠦᠯᠵᠦ᠂ ᠬᠦᠷᠢᠶ᠎ᠡ ᠬᠡᠪᠴᠢᠶ᠎ᠡ ᠶᠢ ᠨᠢ ᠡᠵᠡᠮᠳᠡᠵᠦ ᠪᠣᠯᠬᠤ᠂ ᠬᠥᠮᠦᠨ ᠢ ᠨᠢ ᠡᠵᠡᠮᠳᠡᠵᠦ ᠪᠣᠯᠬᠤ᠂ ᠲᠦᠭᠰᠢᠭᠦᠷᠢ ᠶᠢ ᠨᠢ ᠡᠵᠡᠮᠳᠡᠵᠦ ᠪᠣᠯᠬᠤ ᠶᠢ ᠦᠨᠡᠨᠬᠦ ᠪᠠᠲᠤᠯᠠᠵᠤ᠂ ᠬᠢᠵᠢᠭ ᠤᠨ ᠪᠠᠶᠢᠳᠠᠯ ᠤᠨ ᠬᠠᠯᠳᠠᠪᠣᠷᠢᠯᠠᠨ ᠣᠷᠣᠵᠣ ᠢᠷᠡᠬᠦ᠂ ᠭᠠᠳᠠᠭᠰᠢ ᠳᠠᠷᠬᠠᠬᠤ ᠶᠢ ᠪᠦᠲᠦᠮᠵᠢᠲᠡᠶ ᠰᠡᠷᠭᠡᠶᠢᠯᠡᠨ᠎ᠡ᠃ ᠪᠣᠭᠤᠮᠲᠠ ᠶᠢᠨ ᠲᠦᠭᠰᠢᠭᠦᠷᠢ ᠶᠢ ᠰᠤᠳᠤᠯᠤᠨ ᠮᠠᠭᠠᠳᠯᠠᠵᠤ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠪᠦᠲᠦᠭᠡᠭᠳᠡᠭᠦᠨ ᠢ ᠪᠦᠯᠦᠭ ᠬᠤᠪᠢᠶᠠᠨ ᠲᠦᠷᠦᠯ ᠠᠩᠬᠢᠯᠠᠵᠦ᠂ ᠪᠣᠭᠤᠮᠳᠠ ᠨᠡᠪᠳᠡᠷᠡᠯᠳᠡ ᠶᠢ ᠡᠮᠬᠢ ᠵᠢᠷᠤᠮ ᠲᠠᠢ ᠪᠠᠷ ᠰᠡᠷᠭᠦᠭᠡᠵᠣ᠂ ᠢᠯᠠᠩᠭᠤᠶ᠎ᠠ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠡᠬᠢ ᠪᠠᠶᠠᠯᠢᠭ ᠤᠨ ᠪᠣᠭᠤᠮᠲᠠ ᠨᠡᠪᠳᠡᠷᠡᠯᠳᠡ ᠶᠢᠨ ᠬᠡᠷᠡᠭᠴᠡᠭᠡ ᠶᠢ ᠪᠠᠳᠣᠯᠠᠨ᠎ᠠ᠃ ᠳᠣᠲᠣᠭᠠᠳᠤ ᠳᠤ ᠪᠠᠨ ᠳᠠᠬᠢᠨ ᠡᠬᠦᠰᠬᠦ ᠶᠢ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠬᠤᠶᠠᠷ ᠥᠷᠲᠡᠭᠡ ᠨᠢᠭᠡ ᠪᠠᠭᠤᠳᠠᠯ ︵ᠭᠠᠯᠳᠣ ᠳᠡᠷᠭᠡᠨ ᠤ ᠦᠷᠳᠡᠭᠡ᠂ ᠮᠠᠰᠢᠨ ᠳᠡᠷᠭᠡᠨ ᠤ ᠦᠷᠳᠡᠭᠡ᠂ ᠨᠢᠰᠭᠡᠯ ᠤᠨ ᠪᠠᠭᠤᠳᠠᠯ︶᠂ ᠵᠠᠰᠠᠮᠠᠯ ᠵᠠᠮ ᠤᠨ ᠬᠤᠷᠢᠭ᠎ᠠ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠳᠤᠮᠳᠠ ᠪᠠ ᠦᠨᠳᠣᠷ ᠳᠦᠭᠰᠢᠬᠦᠷᠢᠳᠦ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠢ ᠮᠥᠷᠳᠡᠨ ᠵᠢᠭᠰᠠᠭᠠᠨ ᠪᠠᠶᠢᠴᠠᠭᠠᠬᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠪᠴᠢᠳᠠᠢ ᠪᠠᠷ ᠨᠠᠶᠢᠳᠠᠪᠤᠷᠢᠵᠢᠭᠤᠯᠤᠨ᠎ᠠ᠃ ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ ᠪᠠ ᠠᠩᠬᠠᠨ ᠤ ᠣᠨᠣᠰᠢᠯᠠᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠲᠥᠷᠥᠯ ᠤᠨ ᠡᠮ ᠤᠨ ᠵᠦᠢᠯ︾ ᠤᠨ ᠬᠠᠮᠢᠶᠠᠷᠤᠯᠲᠠ ᠶᠢ ᠴᠢᠩᠭᠠᠳᠬᠠᠨ᠂ ᠡᠮᠴᠢᠯᠡᠭᠡᠨ ᠤ ᠪᠠᠶᠢᠭᠤᠯᠤᠮᠵᠢ ᠶᠢᠨ ᠳᠣᠳᠣᠭᠠᠳᠦ ᠶᠢᠨ ᠬᠠᠯᠳᠠᠪᠣᠷᠢᠯᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠤᠨ᠎ᠠ᠃ ᠭᠠᠳᠠᠭᠠᠳᠤ ᠠᠴᠠ ᠣᠷᠣᠭᠤᠯᠣᠭᠰᠠᠨ ᠬᠦᠷᠦᠬᠡᠬᠦᠷᠳᠦ᠂ ᠬᠦᠷᠦᠬᠡᠬᠦᠷᠳᠦ ᠪᠤᠰᠤ ᠢᠳᠡᠭᠡᠨ ᠪᠠ ᠰᠢᠤᠳᠠᠨ ᠬᠦᠷᠭᠡᠯᠳᠠ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠭᠠᠳᠠᠭᠠᠳᠤ ᠠᠴᠠ ᠣᠷᠣᠭᠤᠯᠬᠤ ᠬᠦᠷᠦᠬᠡᠬᠦᠷᠳᠦ ᠢᠳᠡᠭᠡᠨ ᠢ ᠲᠥᠪᠯᠡᠷᠡᠭᠦᠯᠦᠨ ᠬᠢᠨᠠᠨ ᠬᠠᠮᠢᠶᠠᠷᠬᠤ ᠬᠥᠮᠥᠷᠭᠡ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠢᠳᠡᠪᠬᠢᠲᠡᠶ ᠪᠠᠷ ᠠᠬᠢᠭᠤᠯᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠲᠣᠭᠤᠷᠢᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ ᠪᠣᠭᠤᠮᠲᠠ ᠶᠢᠨ ᠪᠡᠯᠡᠳᠬᠡᠯ ᠡᠮᠨᠡᠯᠭᠡ ᠶᠢᠨ ᠬᠤᠷᠢᠶ᠎ᠠ ᠶᠢ ᠢᠳᠡᠪᠬᠢᠳᠠᠢ ᠪᠠᠷ ᠭᠤᠶᠣᠴᠢᠯᠠᠨ ᠪᠦᠳᠦᠬᠡᠨ ᠪᠠᠶᠢᠭᠤᠯᠣᠨ᠎ᠠ᠃ ᠳᠠᠷᠢᠯᠭ᠎ᠠ ᠳᠠᠷᠢᠬᠤ ᠵᠣᠬᠢᠰᠳᠠᠢ ᠪᠦᠬᠦᠨ ᠳᠤ ᠳᠠᠷᠢᠯᠭ᠎ᠠ ᠳᠠᠷᠢᠵᠦ᠂ ᠳᠠᠷᠦᠢ ᠳᠦᠷᠭᠡᠨ ᠳᠠᠷᠢᠯᠭ᠎ᠠ ᠳᠠᠷᠢᠬᠤ ᠶᠢ ᠪᠠᠷᠢᠮᠳᠠᠯᠠᠵᠦ᠂ ᠸᠠᠺᠼᠢᠨ ᠤ ᠲᠠᠷᠢᠯᠭ᠎ᠠ ᠶᠢᠨ ᠠᠵᠢᠯ ᠢ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ︵ᠬᠤᠶᠠᠷ︶ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠳᠠᠭᠰᠢ ᠨᠡᠭᠡᠭᠡᠯᠲᠡ ᠶᠢᠨ  ᠬᠢᠷᠢ ᠲᠦᠪᠰᠢᠨ ᠢ ᠪᠦᠬᠦ ᠲᠠᠯ᠎ᠠ ᠪᠠᠷ ᠦᠷᠭᠡᠳᠬᠡᠨ᠎ᠡᠭᠠᠳᠠᠭᠰᠢ ᠨᠡᠭᠡᠭᠡᠯᠲᠡ ᠶᠢᠨ ᠳᠠᠪᠴᠠᠩ ᠤᠨ ᠪᠠᠶᠢᠭᠤᠯᠤᠯᠲᠠ ᠶᠢ ᠲᠦᠷᠭᠡᠳᠭᠡᠨ᠎ᠡ᠃ ᠤᠮᠠᠷᠠᠰᠢ ᠨᠡᠭᠡᠭᠡᠯᠲᠡ ᠬᠢᠬᠦ ᠠᠴᠢᠶᠠᠯᠠᠪᠤᠷᠢ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠨ᠂ ᠤᠯᠤᠰ ᠤᠨ ᠭᠤᠤᠯᠳᠠᠯᠭ᠎ᠠ ᠲᠠᠢ ᠬᠦᠭᠵᠢᠭᠦᠯᠦᠯᠲᠡ ᠨᠡᠭᠡᠭᠡᠯᠲᠠ ᠶᠢᠨ ᠲᠤᠷᠰᠢᠯᠲᠠ ᠶᠢᠨ ᠲᠣᠭᠤᠷᠢᠭ ᠢ ᠲᠦᠷᠭᠡᠳᠬᠡᠨ ᠪᠠᠶᠢᠭᠤᠯᠬᠤ ᠪᠠᠷ ᠬᠦᠲᠦᠯᠦᠮᠵᠢ ᠪᠣᠯᠭᠠᠵᠤ᠂ ᠲᠤᠷᠰᠢᠯᠲᠠ ᠶᠢᠨ ᠲᠣᠭᠤᠷᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠵᠤ ᠂ ︽ᠭᠤᠷᠪᠠᠨ ᠲᠤᠭᠤᠷᠢᠭ︾ ᠤᠨ ᠪᠥᠲᠥᠭᠡᠨ ᠪᠠᠶᠢᠭᠤᠯᠤᠯᠲᠠ ᠬᠥᠭᠵᠢᠯᠲᠡ ᠶᠢ ᠨᠢᠭᠡᠳᠦᠯᠲᠡᠶ ᠲᠦᠯᠦᠪᠵᠢᠭᠦᠯᠦᠨ᠎ᠡ᠃ ᠮᠣᠩᠭᠤᠯ ᠤᠯᠤᠰ ᠤᠨ ᠣᠯᠣᠰ ᠤᠨ ᠶᠡᠭᠡ ᠬᠤᠷᠠᠯ ᠠᠴᠠ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ ᠤᠨ ᠬᠤᠶᠠᠷ ᠤᠯᠤᠰ ᠤᠨ ᠵᠠᠰᠠᠭ ᠤᠨ ᠣᠷᠳᠣᠨ ᠤ ᠬᠤᠭᠤᠷᠣᠨᠳᠣᠬᠢ ᠬᠡᠯᠡᠯᠴᠡᠭᠡᠷ ᠢ ᠵᠦᠪᠰᠢᠶᠡᠷᠡᠭᠰᠡᠨ ᠲᠣᠬᠢᠶᠠᠯ ᠢ ᠠᠰᠢᠭᠯᠠᠨ᠂ ᠬᠤᠶᠠᠷ ᠤᠯᠤᠰ ᠤᠨ ᠬᠤᠭᠤᠷᠣᠨᠳᠣᠬᠢ ᠬᠡᠯᠡᠯᠴᠡᠭᠡᠷ ᠤᠨ ᠵᠢᠩᠬᠢᠨᠢ ᠪᠠᠷ ᠴᠣᠬᠤᠯᠠᠪᠤᠷᠢᠯᠠᠬᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠶᠢᠨ ᠣᠨᠴᠠᠭᠠᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠣᠳᠠᠳᠠᠶᠢᠵᠢᠭᠤᠯᠬᠤ ᠶᠢ ᠪᠥᠬᠦ ᠬᠦᠴᠦᠨ ᠢᠶᠠᠷ ᠠᠭᠢᠭᠤᠯᠤᠨ᠎ᠠ᠂ ᠶᠡᠷᠦᠩᠬᠡᠶᠢᠯᠡᠭᠰᠡᠨ ᠪᠠᠶᠢᠴᠠᠭᠠᠨ ᠰᠢᠯᠭᠠᠬᠤ ᠠᠰᠠᠷ ᠵᠢᠴᠢ ᠢᠵᠢ ᠪᠥᠷᠢᠳᠦᠭᠦᠯᠬᠦ ᠲᠥᠬᠦᠭᠡᠷᠦᠮᠵᠢ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠪᠢᠲᠡᠭᠦᠮᠵᠢᠯᠡᠭᠦᠯᠦᠨ ᠠᠵᠢᠭᠯᠠᠭᠤᠯᠬᠤ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ ᠤᠨ ᠭᠠᠳᠠᠭᠠᠳᠤ ᠠᠴᠠ ᠣᠷᠣᠭᠤᠯᠬᠤ ᠲᠠᠸᠠᠷ ᠢ ᠰᠠᠭᠤᠷᠢᠰᠢᠭᠤᠯᠤᠨ ᠡᠳ᠋ᠰᠢᠭᠦᠯᠬᠦ ᠲᠤᠷᠰᠢᠯᠲᠠ ᠶᠢᠨ ᠴᠢᠭ ᠢ ᠡᠬᠢᠯᠡᠭᠦᠯᠵᠦ᠂ ᠲᠡᠮᠦᠷ ᠵᠠᠮ ᠤᠨ ᠪᠣᠭᠤᠮᠲᠠ ᠶᠢᠨ ᠬᠢᠯᠢ ᠶᠢᠨ ᠢᠷᠭᠡᠳ ᠤᠨ ᠬᠤᠳᠠᠯᠳᠣᠭᠠᠨ ᠤ ᠴᠢᠭ ᠢ ᠭᠤᠶᠤᠴᠢᠯᠠᠨ ᠮᠡᠳᠡᠭᠦᠯᠵᠤ᠂ ᠬᠢᠯᠢ ᠶᠢᠨ ᠢᠷᠭᠡᠳ ᠤᠨ ᠬᠤᠳᠠᠯᠳᠣᠭᠠᠨ ᠤ ᠲᠠᠸᠠᠷ ᠢ ᠰᠠᠭᠤᠷᠢᠰᠢᠭᠤᠯᠤᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠮᠣᠩᠭᠤᠯ ᠣᠷᠣᠰ ᠤᠨ ᠶᠠᠮᠠ ᠶᠢᠨ ᠦᠷ᠎ᠡ᠂ ᠰᠢᠯᠢᠮᠳᠡᠭ ᠤᠨ ᠦᠷ᠎ᠡ᠂ ᠨᠤᠤᠰᠤ ᠨᠣᠣᠯᠤᠭᠤᠷ᠂ ᠬᠠᠲᠠᠭᠤ ᠵᠢᠮᠢᠰ᠂ ᠮᠢᠬᠠᠨ ᠤ ᠲᠥᠷᠥᠯ ᠢ ᠰᠠᠭᠤᠷᠢᠰᠢᠭᠤᠯᠤᠨ ᠡᠳ᠋ᠰᠢᠭᠦᠯᠬᠦ ᠰᠢᠨ᠎ᠡ ᠰᠢᠪᠲᠣᠯᠣᠯᠲᠠ ᠶᠢ ᠪᠡᠶᠡᠯᠡᠭᠦᠯᠦᠨ᠎ᠡ᠃ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠵᠦ ᠂ ᠭᠠᠶᠢᠯᠢ ᠶᠢᠨ ᠪᠠᠲᠤᠯᠠᠭᠠᠲᠤ ᠬᠥᠮᠥᠷᠭᠡ ᠶᠢ ᠰᠢᠯᠭᠠᠨ ᠠᠪᠬᠤ᠂ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠴᠠᠭᠠᠰᠤᠨ ᠡᠭᠡᠳᠡᠩ ᠰᠢᠯᠵᠢᠭᠦᠯᠦᠨ ᠲᠣᠰᠢᠶᠡᠬᠤ ᠬᠥᠮᠥᠷᠭᠡ᠂ ︽ᠣᠶᠣᠨᠴᠢ ᠬᠦᠷᠢᠶᠡᠯᠡᠩ︾ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠴᠢᠷᠮᠠᠶᠢᠨ᠎ᠠ᠃ᠳᠣᠲᠣᠭᠠᠳᠤ ᠭᠠᠳᠠᠭᠠᠳᠤ ᠨᠡᠭᠡᠭᠡᠯᠲᠡ ᠶᠢᠨ ᠬᠤᠯᠪᠣᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠦᠨ᠎ᠡ᠃ ᠳᠣᠲᠤᠭᠠᠳᠤ ᠳᠤ ᠬᠤᠯᠪᠤᠭᠠᠯᠠᠨ ᠭᠠᠳᠠᠭᠠᠳᠤ ᠳᠤ ᠨᠡᠭᠡᠭᠡᠯᠲᠡ ᠬᠢᠬᠦ ᠪᠠᠷ ᠦᠨᠳᠦᠰᠦ ᠪᠣᠯᠭᠠᠵᠤ᠂ ᠳᠣᠲᠣᠭᠠᠳᠤ ᠳᠠᠭᠠᠨ ᠬᠠᠮᠲᠣᠷᠠᠯᠴᠠᠵᠤ ᠭᠠᠳᠠᠭᠠᠳᠤ ᠳᠤ ᠬᠠᠮᠲᠤ ᠶᠢᠨ ᠠᠵᠢᠯᠯᠠᠭ᠎ᠠ ᠪᠠᠨ ᠡᠷᠴᠢᠮᠵᠢᠭᠦᠯᠬᠦ ᠶᠢ ᠪᠠᠷᠢᠮᠲᠠᠯᠠᠵᠤ᠂ ︽ᠬᠤᠶᠠᠷ ᠡᠬᠢ ᠪᠠᠶᠠᠯᠢᠭ᠂ ᠬᠤᠶᠠᠷ ᠵᠠᠬ᠎ᠠ ᠳᠡᠯᠭᠡᠭᠦᠷ︾ ᠤᠨ ᠳᠠᠪᠠᠭᠤᠯᠢᠭ ᠢ ᠦᠨᠡᠨ ᠪᠣᠳᠠᠲᠠᠶ ᠲᠥᠷᠥᠯ ᠵᠦᠢᠯ ᠪᠠ ᠪᠣᠭᠤᠮᠲᠠ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠠᠵᠤ ᠦᠢᠯᠡᠰ ᠪᠣᠯᠭᠠᠨ ᠬᠤᠪᠢᠷᠠᠭᠤᠯᠤᠨ᠎ᠠ᠃ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠭᠢᠭᠤᠯᠵᠤ᠂ ᠬᠤᠳᠠᠯᠳᠤᠭᠠᠴᠢᠳ ᠤᠨ ᠨᠡᠶᠢᠭᠡᠮᠯᠢᠭ ᠤᠨ ᠬᠠᠮᠲᠤᠷᠠᠯᠴᠠᠭᠠᠨ ᠤ ᠬᠤᠯᠪᠣᠭ᠎ᠠ ᠶᠢ ᠵᠣᠬᠢᠶᠠᠨ ᠪᠠᠶᠢᠭᠤᠯᠵᠤ᠂ ᠴᠢᠬᠤᠯᠠ ᠡᠯᠧᠮᠧᠨ᠋ᠲ ᠢ ᠲᠥᠪᠯᠡᠷᠡᠭᠦᠯᠬᠦ ᠂ ᠲᠣᠬᠠᠢ ᠶᠢᠨ ᠭᠠᠵᠠᠷ ᠲᠤ ᠪᠠᠨ ᠪᠣᠯᠪᠠᠰᠤᠷᠠᠭᠤᠯᠬᠤ᠂ ᠨᠥᠯᠥᠭᠡᠯᠡᠨ ᠬᠤᠯᠪᠣᠭᠠᠯᠠᠬᠤ ᠬᠠᠮᠲᠤᠷᠠᠯᠴᠠᠭᠠᠨ ᠤ ᠰᠠᠭᠤᠷᠢ ᠶᠢ ᠪᠣᠳᠠᠲᠠᠶᠢᠵᠢᠭᠤᠯᠵᠤ᠂ ᠠᠷᠠᠯᠵᠢᠶ᠎ᠠ ᠪᠠᠷᠠᠭᠠᠨ ᠤ ᠭᠦᠢᠯᠭᠡᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠣᠯᠪᠠᠰᠣᠷᠠᠭᠤᠯᠬᠤ ᠦᠢᠯᠡᠰ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠵᠡᠷᠭᠡ ᠬᠦᠷᠢᠶᠡᠨ ᠳᠤ  ᠪᠣᠳᠠᠲᠤ ᠴᠢᠨᠠᠷᠲᠠᠢ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠣᠷᠣᠯᠴᠠᠵᠤ᠂ ︽ᠡᠭᠦᠯᠡᠨ ᠭᠠᠳᠠᠭᠠᠳᠤ ᠶᠠᠪᠤᠳᠠᠯ︾᠂ ︽ᠡᠭᠦᠯᠡᠨ ᠶᠠᠷᠢᠯᠴᠠᠭ᠎ᠠ︾᠂ ︽ᠰᠦᠯᠵᠢᠶᠡᠨ ᠳᠡᠭᠡᠷᠡᠬᠢ ᠨᠥᠬᠦᠷᠰᠡᠭ ᠬᠤᠲᠠ ᠶᠢᠨ ᠬᠠᠷᠢᠯᠴᠠᠭ᠎ᠠ︾ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠵᠠᠰᠠᠭ ᠤᠨ ᠣᠷᠳᠣᠨ ᠤ ᠬᠤᠭᠤᠷᠣᠨᠳᠣᠬᠢ ᠶᠠᠷᠢᠯᠴᠠᠭ᠎ᠠ ᠵᠦᠪᠳᠡᠯᠴᠡᠭᠡ ᠶᠢᠨ ᠵᠠᠮ ᠰᠣᠪᠠᠭ  ᠤᠨ ᠰᠠᠭᠠᠳ ᠥᠬᠡᠶ ᠨᠡᠪᠲᠡᠷᠡᠬᠦ ᠶᠢ ᠠᠬᠢᠭᠤᠯᠦᠨ᠎ᠡ᠃ᠬᠠᠷᠢᠯᠴᠠᠨ ᠬᠤᠯᠪᠤᠯᠳᠤᠨ ᠨᠡᠪᠲᠡᠷᠡᠯᠴᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠯᠪᠣᠯᠳᠤᠨ ᠨᠡᠪᠲᠡᠷᠡᠯᠴᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠣᠭᠤᠮᠲᠠ ᠶᠢᠨ ︽ᠪᠣᠭᠤᠮᠢ︾ ᠬᠢᠵᠠᠭᠠᠷᠯᠠᠯ ᠢ ᠲᠦᠷᠭᠡᠨ ᠰᠢᠢᠳᠪᠦᠷᠢᠯᠡᠵᠦ᠂ ᠲᠡᠮᠦᠷ ᠵᠠᠮ᠂ ᠵᠠᠰᠠᠮᠠᠯ ᠵᠠᠮ ᠤᠨ ᠪᠣᠭᠤᠮᠲᠠ ᠶᠢᠨ ᠲᠡᠭᠡᠭᠡᠪᠦᠷᠢ ᠶᠢᠨ ᠴᠢᠳᠠᠪᠬᠢ ᠶᠢ ᠬᠦᠴᠦ ᠲᠠᠯᠪᠢᠨ ᠥᠷᠭᠡᠳᠬᠡᠨ ᠳᠡᠭᠡᠭᠰᠢᠯᠡᠭᠦᠯᠦᠨ᠎ᠡ᠃ ᠲᠡᠮᠦᠷ ᠵᠠᠮ ᠤᠨ ᠪᠣᠭᠤᠮᠳᠠ ᠶᠢᠨ ᠥᠷᠲᠡᠭᠡ ᠲᠠᠯᠠᠪᠠᠢ ᠶᠢᠨ ᠴᠢᠳᠠᠮᠵᠢ ᠶᠢ ᠥᠷᠭᠡᠳᠬᠡᠨ ᠰᠢᠨᠡᠴᠢᠯᠡᠬᠦ ᠪᠠ ᠵᠠᠰᠠᠮᠠᠯ ᠵᠠᠮ ᠤᠨ ᠪᠣᠭᠤᠮᠳᠠ ᠶᠢᠨ ᠴᠢᠩᠭᠡᠯᠢᠭ ᠤᠨ ᠳᠡᠭᠦᠵᠢᠯᠡᠨ ᠲᠡᠭᠡᠪᠦᠷᠢᠯᠡᠬᠦ ᠲᠠᠯᠠᠪᠠᠢ ᠶᠢ ᠥᠷᠭᠡᠳᠬᠡᠨ ᠪᠠᠶᠢᠭᠤᠯᠬᠤ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠪᠦᠬᠦ ᠬᠦᠴᠦᠨ ᠢᠶᠠᠷ ᠢᠶᠠᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠵᠢᠨᠢᠩ—ᠡᠷᠢᠶᠡᠨ ᠱᠤᠭᠤᠮ ᠤᠨ ᠴᠢᠳᠠᠮᠵᠢ ᠶᠢ ᠥᠷᠭᠡᠳᠬᠡᠨ ᠰᠢᠨᠡᠳᠬᠡᠬᠦ᠂ ᠳᠤᠮᠳᠠᠳᠤ ᠧᠦ᠋ᠷᠣᠫᠠ ᠶᠢᠨ ᠵᠢᠱᠢᠶᠡᠨ ᠤ ᠭᠠᠯᠲᠤ ᠲᠡᠷᠭᠡ ᠶᠢᠨ ᠴᠤᠭᠯᠠᠷᠠᠯ ᠤᠨ ᠲᠥᠪ ᠤᠨ ᠲᠥᠷᠥᠯ ᠵᠦᠢᠯ ᠢ ᠪᠦᠬᠦ ᠬᠦᠴᠦᠨ ᠢᠶᠠᠷ ᠵᠣᠬᠢᠴᠠᠭᠤᠯᠵᠤ᠂ ᠵᠠᠰᠠᠮᠠᠯ ᠵᠠᠮ ᠤᠨ ᠪᠣᠭᠤᠮᠲᠠ ᠶᠢᠨ ᠵᠢᠯᠣᠭᠤᠴᠢ ᠦᠭᠡᠢ ᠪᠠᠷ ᠪᠠᠷᠠᠭ᠎ᠠ ᠲᠡᠭᠡᠭᠡᠪᠦᠷᠢᠯᠡᠵᠤ ᠪᠣᠭᠤᠮᠲᠠ ᠥᠩᠭᠡᠷᠡᠬᠦ ᠲᠥᠷᠥᠯ ᠵᠦᠢᠯ ᠤᠨ ᠠᠵᠢᠯ ᠢ ᠡᠬᠢᠯᠡᠨ ᠪᠠᠶᠢᠭᠤᠯᠬᠤ ᠪᠠᠷ ᠴᠢᠷᠮᠠᠶᠢᠨ᠂ ᠠᠭᠤᠷᠬᠠᠢ ᠶᠢᠨ ᠪᠦᠲᠦᠭᠡᠭᠳᠡᠭᠦᠨ ᠲᠡᠭᠡᠭᠡᠪᠦᠷᠢᠯᠡᠬᠦ ᠲᠤᠰᠬᠠᠢ ᠭᠠᠷᠴᠠ ᠶᠢᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠣᠷᠣᠭᠤᠯᠣᠨ᠎ᠠ᠃ ᠡᠷᠢᠶᠡᠨ— ᠭᠤᠸᠠᠩᠵᠧᠦ ᠴᠢᠭᠯᠡᠯ ᠤᠨ ᠥᠨᠳᠥᠷ ᠬᠤᠷᠳᠤᠴᠠᠲᠤ ᠵᠠᠰᠠᠮᠠᠯ ᠵᠠᠮ ᠤᠨ ᠡᠷᠢᠶᠡᠨ ᠠᠴᠠ ᠰᠠᠶᠢᠬᠠᠨᠲᠠᠯ᠎ᠠ ᠬᠦᠷᠬᠦ ᠬᠡᠰᠡᠭ ᠤᠨ ᠳᠠᠪᠬᠤᠷ ᠱᠤᠭᠤᠮ ᠲᠡᠷᠭᠡ ᠨᠡᠪᠲᠡᠷᠡᠬᠦ ᠶᠢ ᠢᠳᠡᠪᠬᠢᠲᠡᠢ ᠠᠬᠢᠭᠤᠯᠵᠦ ᠂ ᠵᠢᠯ ᠤᠨ ᠳᠣᠲᠣᠷ᠎ᠠ ᠣᠯᠠᠨ ᠤᠯᠤᠰ ᠤᠨ ᠠᠭᠠᠷ ᠠᠶᠠᠯᠠᠯ ᠤᠨ ᠪᠣᠭᠤᠮᠲᠠ ᠶᠢᠨ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ᠂ ᠵᠢᠩᠬᠢᠨᠢ ᠪᠠᠷ ᠭᠠᠳᠠᠭᠰᠢ ᠨᠡᠭᠡᠭᠡᠬᠦ ᠪᠠᠷ ᠬᠦᠭᠡᠭᠡᠴᠡᠯᠳᠦᠨ᠎ᠡ᠃ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ ᠬᠥᠲᠥᠯᠪᠦᠷᠢ︾ ᠳᠤ ᠵᠢᠭᠰᠠᠭᠠᠭᠳᠠᠭᠰᠠᠨ ᠡᠷᠢᠶᠡᠨ ᠬᠤᠲᠠ —ᠤᠯᠠᠭᠠᠨᠪᠠᠭᠠᠲᠤᠷ — ᠤᠯᠠᠭᠠᠠᠦ᠋ᠳᠡ ᠲᠡᠮᠦᠷ ᠵᠠᠮ ᠤᠨ ᠬᠤᠣᠰ ᠴᠠᠬᠢᠯᠭᠠᠨᠵᠢᠭᠤᠯᠬᠤ ᠥᠭᠡᠷᠡᠴᠢᠯᠡᠯᠲᠡ᠂ ᠳᠤᠮᠳᠠᠳᠤ ᠮᠣᠩᠭᠤᠯ ᠣᠷᠣᠰ ᠤᠨ ᠬᠢᠯᠢ ᠠᠯᠤᠰᠯᠠᠭᠰᠠᠨ ᠦᠨᠳᠦᠷ ᠬᠤᠷᠳᠤᠴᠠᠲᠤ ᠵᠠᠰᠠᠮᠠᠯ ᠵᠠᠮ᠂ ᠲᠣᠰᠤ ᠪᠠ ᠬᠡᠢ ᠶᠢᠨ ᠬᠤᠭᠤᠯᠠᠢ ᠵᠡᠷᠭᠡ ᠳᠣᠮᠣ ᠴᠢᠬᠤᠯᠠ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢᠶᠠᠨ ᠲᠦᠷᠭᠡᠳᠬᠡᠬᠦ ᠶᠢᠨ ᠬᠠᠮᠲᠤ ᠤᠷᠢᠳᠴᠢᠯᠠᠨ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠣᠨ᠎ᠠ᠃ᠬᠤᠳᠠᠯᠳᠤᠭ᠎ᠠ ᠡᠵᠡᠩᠨᠡᠯᠲᠡ ᠶᠢᠨ ᠣᠷᠴᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠤᠳᠠᠯᠳᠤᠭ᠎ᠠ ᠡᠵᠡᠩᠨᠡᠯᠲᠡ ᠶᠢᠨ ᠣᠷᠴᠢᠨ ᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠬᠤᠳᠠᠯᠳᠤᠭ᠎ᠠ ᠡᠵᠡᠩᠨᠡᠯᠲᠡ ᠶᠢᠨ ᠣᠷᠴᠢᠨ ᠢ ᠰᠢᠯᠢᠳᠡᠭᠵᠢᠭᠦᠯᠬᠦ ᠲᠠᠯ᠎ᠠ ᠪᠠᠷ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢᠨ ᠨᠠᠶᠢᠳᠠᠪᠣᠷᠢᠵᠢᠭᠤᠯᠣᠭᠳᠠᠨ ᠦᠷ᠎ᠡ ᠪᠦᠲᠦᠮᠵᠢ ᠭᠠᠷᠭᠠᠬᠤ ᠶᠢ ᠦᠷᠭᠦᠯᠵᠢᠯᠡᠨ ᠠᠬᠢᠭᠤᠯᠣᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠬᠢᠨᠠᠨ ᠵᠥᠪᠰᠢᠶᠡᠷᠡᠬᠦ ᠭᠤᠭᠴᠤᠭ᠎ᠠ  ᠶᠠᠪᠣᠴᠠ ᠶᠢ ᠳᠠᠬᠢᠨ ᠰᠢᠯᠢᠳᠡᠭᠵᠢᠭᠦᠯᠬᠦ᠂ ᠳᠠᠬᠢᠨ ᠴᠣᠮᠬᠠᠳᠬᠠᠬᠤ᠂ ᠳᠠᠬᠢᠨ ᠪᠠᠭᠠᠰᠬᠠᠬᠤ ᠶᠢ ᠠᠬᠢᠭᠤᠯᠤᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠤᠶᠤᠨᠴᠢᠯᠠᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠦᠢᠯᠡᠴᠢᠯᠡᠭᠡᠨ ᠤ ᠵᠦᠢᠯᠡᠰ ᠢ ︽ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠬᠤ︾ ᠶᠢ ᠪᠡᠶᠡᠯᠡᠭᠦᠯᠵᠤ᠂ ︽ ᠭᠠᠷ ᠤᠲᠠᠰᠤᠨ ᠳᠠᠭᠡᠷ᠎ᠡ︾ ᠭᠦᠢᠴᠡᠳᠭᠡᠨ ᠨᠠᠩ ᠲᠥᠬᠦᠮ ᠲᠦᠲᠡ ᠪᠣᠯᠭᠠᠪᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯᠧᠺᠲᠷᠣᠨ ᠪᠠᠲᠤᠯᠠᠭ᠎ᠠ ᠶᠢᠨ ᠪᠢᠴᠢᠭ ᠢᠶᠠᠷ ᠪᠠᠲᠤᠯᠠᠭ᠎ᠠ ᠶᠢᠨ ᠮᠥᠩᠭᠦ ᠶᠢ ᠣᠷᠣᠯᠠᠭᠤᠯᠬᠤ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠯᠤᠰ ᠠᠴᠠ ᠤᠨᠳᠤᠤ ᠭᠠᠵᠠᠷ ᠲᠤ ᠳᠠᠭᠠᠭᠠᠴᠢᠯᠠᠯᠲᠠ ᠦᠨᠡᠯᠡᠬᠦ ᠪᠠ ᠨᠢᠭᠤᠷ ᠵᠣᠯᠭᠠᠬᠤ ᠥᠬᠡᠶ ᠪᠠᠷ ᠳᠠᠭᠠᠭᠠᠴᠢᠯᠠᠯᠲᠠ ᠡᠬᠢᠯᠡᠭᠦᠯᠬᠦ ᠶᠢ ᠪᠡᠶᠡᠯᠡᠭᠦᠯᠦᠨ᠎ᠡ᠃ 24 ᠴᠠᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠠᠭᠳᠠᠭᠠᠨ ᠤ ᠲᠣᠪᠴᠢᠶ᠎ᠠ ᠶᠢ ᠪᠠᠶᠢᠭᠤᠯᠵᠤ᠂ ᠡᠷᠦᠬᠡ ᠠᠮᠠ ᠶᠢᠨ ᠶᠠᠪᠤᠳᠠᠯ᠂ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ ᠵᠡᠷᠭᠡ 30 ᠭᠠᠷᠤᠶ ᠵᠦᠢᠯ ᠤᠨ ᠲᠤᠬᠠᠶᠢᠯᠠᠭᠰᠠᠨ ᠠᠵᠢᠯ ᠢ ︽ᠨᠢᠭᠡ ᠦᠪᠡᠰᠦᠪᠡᠨ ᠦᠢᠯᠡᠴᠢᠯᠡᠬᠦ‍ ᠴᠢᠭ︾ ᠲᠤ ᠭᠦᠢᠴᠡᠳᠭᠡᠬᠦ ᠶᠢ ᠪᠡᠶᠡᠯᠡᠭᠦᠯᠦᠨ᠎ᠡ᠃ ︽ᠬᠤᠶᠠᠷ ᠢ ᠲᠣᠬᠢᠶᠠᠯᠳᠤᠯ ᠪᠠᠷ᠂ ᠨᠢᠭᠡ ᠶᠢ ᠢᠯᠡ ᠪᠣᠯᠭᠠᠬᠤ︾ ᠳᠦᠷᠢᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠠᠶᠢᠯᠢ ᠬᠦᠩᠭᠡᠯᠡᠵᠦ ᠰᠦᠢᠳᠬᠡᠯ ᠪᠠᠭᠤᠷᠠᠭᠤᠯᠬᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠱᠠᠩᠨᠠᠯ ᠨᠥᠬᠦᠪᠥᠷᠢ ᠥᠭᠬᠦ ᠵᠡᠷᠭᠡ ᠴᠡᠪᠡᠷ ᠠᠰᠢᠭ ᠢ ᠠᠵᠤ ᠦᠢᠯᠡᠰ ᠳᠤ ᠰᠢᠭᠤᠳ ᠬᠦᠷᠳᠡᠭᠡᠬᠦ ᠶᠢ ᠦᠨᠡᠨᠬᠦ ᠪᠠᠲᠤᠯᠠᠨ᠎ᠠ᠃ ᠪᠣᠭᠤᠮᠲᠠ ᠪᠠᠷ ᠥᠩᠭᠡᠷᠡᠬᠦ ᠶᠠᠪᠣᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠭᠠᠶᠢᠯᠢ ᠶᠢᠨ ᠪᠣᠭᠤᠮᠲᠠ᠂ ᠬᠢᠯᠢ ᠶᠢᠨ ᠪᠠᠶᠢᠴᠠᠭᠠᠬᠤ ᠥᠷᠲᠡᠭᠡ ᠶᠢᠨ ᠬᠠᠮᠲᠤᠷᠠᠨ ᠠᠵᠢᠯᠯᠠᠬᠤ᠂ ᠪᠠᠶᠢᠴᠠᠭᠠᠨ ᠰᠢᠯᠭᠠᠯᠲᠠ ᠶᠢ ᠬᠠᠮᠲᠤᠪᠡᠷ ᠬᠤᠪᠢᠶᠠᠯᠴᠠᠬᠤ᠂ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠠᠬᠢᠭᠤᠯᠤᠨ᠎ᠡ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠪᠣᠶ ᠪᠣᠯᠭᠠᠨ᠎ᠡ᠃ ᠮᠥᠩᠭᠦᠨ ᠭᠦᠢᠯᠭᠡᠭᠡᠨ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠬᠦᠭᠵᠢᠯᠲᠡ ᠶᠢᠨ ᠪᠣᠳᠠᠲᠤ ᠴᠣᠭᠴᠠ ᠶᠢᠨ ᠠᠵᠤ ᠠᠬᠤᠶ ᠳᠤ  ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃︵ᠭᠤᠷᠪᠠ︶ ᠲᠥᠷᠥᠯ ᠵᠦᠢᠯ ᠢᠶᠠᠷ ᠬᠤᠳᠠᠯᠳᠤᠭᠠᠴᠢᠨ ᠤᠷᠢᠬᠤ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ  ᠬᠦᠭᠵᠢᠯᠲᠡ ᠶᠢᠨ ᠬᠦᠳᠡᠯᠭᠡᠭᠴᠢ ᠡᠨᠧᠷᠭᠢ ᠶᠢ ᠪᠦᠬᠦ ᠲᠠᠯ᠎ᠠ ᠪᠠᠷ ᠴᠢᠩᠭᠠᠳᠬᠠᠨ᠎ᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠣᠨᠣᠪᠴᠢᠲᠠᠶ ᠥᠷᠨᠢᠭᠦᠯᠦᠨ᠎ᠡ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ︽ᠨᠢᠭᠡᠳᠦᠭᠡᠷ ᠨᠣᠮᠧᠷᠲᠤ ᠢᠨᠵᠧᠨᠧᠷᠢᠩ︾ ᠢ ᠭᠤᠶᠢᠪᠢᠰᠢ ᠥᠬᠡᠶ ᠪᠠᠷᠢᠮᠲᠠᠯᠠᠵᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠪᠠ ᠪᠠᠯᠠ ᠮᠦᠩᠭᠦᠨ ᠤ ᠬᠠᠨᠳᠤᠰᠢ ᠶᠢ ᠣᠨᠣᠪᠴᠢᠲᠠᠶ ᠡᠵᠡᠮᠳᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠯᠥᠪᠵᠢᠭᠦᠯᠭᠡ ᠲᠠᠢ ᠨᠢᠭᠲᠠ ᠣᠶᠠᠯᠳᠣᠭᠤᠯᠵᠣ᠂ ᠪᠣᠭᠤᠮᠲᠠ ᠶᠢᠨ ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠬᠤ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠥᠨᠳᠥᠷ ᠡᠬᠢᠯᠡᠯᠲᠡ ᠲᠠᠢ᠂ ᠥᠨᠳᠥᠷ ᠪᠠᠷᠢᠮᠵᠢᠶ᠎ᠠ ᠲᠠᠢ᠂ ᠥᠨᠳᠥᠷ ᠬᠢᠷᠢ ᠲᠦᠪᠰᠢᠨ ᠲᠠᠢ ᠪᠠᠷ ᠲᠥᠰᠦᠪᠯᠡᠨ ᠨᠥᠭᠡᠴᠡᠯᠡᠵᠦ᠂ ᠴᠢᠨᠠᠷ ᠰᠠᠶᠢᠲᠠᠶ ᠬᠥᠭᠵᠢᠯᠲᠡ ᠳᠤ ᠡᠨᠧᠷᠭᠢ ᠨᠥᠭᠡᠴᠢᠯᠡᠵᠤ ᠬᠦᠴᠦᠨ ᠬᠤᠷᠠᠮᠳᠠᠭᠤᠯᠤᠨ᠎ᠠ᠃ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠢᠶᠠᠨ ᠰᠢᠨᠡᠴᠢᠯᠡᠵᠦ᠂ ᠬᠤᠳᠠᠯᠳᠤᠭᠠᠴᠢᠨ ᠤᠷᠢᠬᠤ ᠠᠵᠢᠯ ᠤᠨ ᠲᠤᠰᠬᠠᠶ ᠠᠩᠭᠢ ᠶᠢ ᠪᠠᠶᠢᠭᠤᠯᠤᠨ᠂ ᠪᠣᠭᠤᠮᠲᠠ ᠶᠢᠨ ᠳᠠᠪᠠᠭᠤᠯᠢᠭ ᠲᠤ ᠰᠠᠭᠤᠷᠢᠯᠠᠨ᠂ ᠭᠤᠷᠪᠠᠨ ᠲᠣᠮᠤ ᠬᠥᠭᠵᠢᠯᠲᠡ ᠶᠢᠨ ᠲᠠᠪᠴᠠᠩ᠂ ᠳᠥᠷᠪᠡᠨ ᠲᠣᠮᠤ ᠣᠨᠴᠠᠯᠢᠭᠲᠤ ᠠᠵᠤ ᠦᠢᠯᠡᠰ᠂ ᠮᠣᠩᠭᠤᠯ ᠣᠷᠣᠰ ᠤᠨ ᠡᠬᠡ ᠬᠠᠭᠤᠷᠠᠶ ᠶᠢᠨ ᠬᠥᠭᠦᠷᠭᠡ ᠳᠠᠭᠠᠤ ᠶᠢᠨ ᠡᠬᠢ ᠪᠠᠶᠠᠯᠢᠭ ᠲᠤ ᠠᠩᠬᠠᠷᠤᠯ ᠢᠶᠠᠨ ᠲᠥᠪᠯᠡᠷᠡᠭᠦᠯᠦᠨ᠂ ᠪᠠᠯᠠ ᠣᠷᠣᠭᠤᠯᠤᠯᠲᠠ ᠶᠢᠨ ᠡᠷᠴᠢᠮ ᠢᠶᠠᠷ ᠴᠢᠩᠭ᠎ᠠ᠂ ᠦᠢᠯᠡᠳᠭᠦᠨ ᠤ ᠠᠰᠢᠭ ᠢᠶᠠᠷ ᠥᠨᠳᠥᠷ᠂ ᠠᠵᠤ ᠦᠢᠯᠡᠰ ᠤᠨ ᠬᠤᠯᠪᠣᠭᠳᠠᠬᠤ ᠬᠡᠮᠵᠢᠶ᠎ᠡ ᠪᠠᠷ ᠥᠨᠳᠥᠷ ᠨᠢᠭᠡ ᠪᠦᠯᠦᠭ ᠰᠢᠯᠢᠳᠡᠭ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡ ᠶᠢ ᠴᠢᠩᠭ᠎ᠠ ᠠᠳᠬᠤᠨ᠎ᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠲᠡᠷᠢᠭᠦᠨ ᠭᠠᠷᠳᠠᠴᠠ︾ ᠶᠢ ᠭᠤᠶᠢᠪᠢᠰᠢ ᠥᠬᠡᠶ ᠪᠠᠷᠢᠮᠲᠠᠯᠠᠨ᠂ ︽ᠠᠵᠢᠯ ᠡᠬᠢᠯᠡᠭᠰᠡᠨ ᠲᠥᠷᠥᠯ ᠵᠦᠢᠯ ᠤᠨ ᠠᠬᠢᠴᠠ ᠶᠢ ᠠᠳᠬᠤᠬᠤ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠠᠰᠢᠭᠯᠠᠯᠲᠠ ᠳᠤ ᠣᠷᠣᠭᠤᠯᠬᠤ ᠶᠢ ᠠᠳᠬᠤᠬᠤ᠂ ᠭᠡᠷ᠎ᠡ ᠲᠣᠭᠲᠠᠭᠰᠠᠨ ᠲᠥᠷᠥᠯ ᠵᠦᠢᠯ ᠤᠨ ᠮᠥᠷᠳᠡᠯᠲᠡ ᠶᠢ ᠠᠳᠬᠤᠬᠤ᠂ ᠨᠥᠭᠡᠴᠡᠯᠡᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠳᠬᠤᠬᠤ︾ ᠶᠢ ᠴᠢᠩᠭᠠᠳᠬᠠᠨ᠂ ᠪᠠᠷᠠᠭᠤᠨ ᠲᠣᠭᠤᠷᠢᠭ ᠤᠨ ᠤᠰᠤ ᠬᠠᠩᠭᠠᠬᠤ ᠤᠰᠤ ᠭᠠᠳᠠᠭᠰᠢᠯᠠᠭᠤᠯᠬᠤ ᠬᠤᠭᠤᠯᠠᠢ᠂ ᠬᠦᠳᠡᠭᠡ ᠳᠣᠰᠬᠤᠨ ᠢ ᠬᠦᠭᠵᠢᠭᠦᠯᠦᠨ ᠮᠠᠨᠳᠣᠭᠤᠯᠵᠣ ᠠᠷᠠᠳ ᠲᠤ ᠠᠰᠢᠭ ᠬᠦᠷᠳᠡᠭᠡᠬᠦ ᠵᠡᠷᠭᠡ ᠵᠠᠰᠠᠭ ᠤᠨ ᠣᠷᠳᠣᠨ ᠤ ᠪᠡᠯᠡ ᠣᠷᠣᠭᠤᠯᠣᠯᠳᠠ ᠲᠠᠢ 36 ᠭᠤᠤᠯᠳᠠᠯᠭ᠎ᠠ ᠲᠠᠢ ᠲᠥᠷᠥᠯ ᠵᠦᠢᠯ᠂ ᠵᠢᠩ ᠨᠸᠡᠭ ᠲᠠᠷᠬᠠᠯᠲᠠ ᠶᠢᠨ ᠮᠠᠶ᠋ᠢᠭ ᠤᠨ ᠭᠡᠷᠡᠯ ᠴᠠᠬᠢᠯᠭᠠᠨ᠂ ᠢᠯᠴᠢ ᠴᠠᠬᠢᠯᠭᠠᠨ ᠤ ᠵᠡᠷᠭᠡᠪᠡᠷ ᠦᠢᠯᠡᠳᠪᠦᠷᠢᠯᠡᠬᠦ ᠵᠡᠷᠭᠡ ᠨᠡᠶᠢᠭᠡᠮ ᠤᠨ ᠪᠡᠯᠡ ᠣᠷᠣᠭᠤᠯᠤᠯᠲᠠ ᠶᠢᠨ ᠭᠤᠣᠯᠳᠠᠯᠭ᠎ᠠ ᠲᠠᠢ 22ᠲᠥᠷᠥᠯ ᠵᠦᠢᠯ ᠢ ᠬᠡᠷᠡᠭᠵᠢᠭᠦᠯᠵᠦ᠂ 23.2 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠪᠠᠯᠠ ᠮᠥᠩᠭᠦ᠂ ᠴᠢᠬᠤᠯᠠ ᠡᠯᠧᠮᠧᠨ᠋ᠲ ᠨᠢ ᠲᠥᠷᠥᠯ ᠵᠦᠢᠯ ᠢ ᠳᠠᠭᠠᠵᠤ᠂ ᠦᠢᠯᠡᠴᠢᠯᠡᠭᠡ᠂ ᠪᠠᠲᠤᠯᠠᠭ᠎ᠠ ᠨᠢ ᠲᠥᠷᠥᠯ ᠵᠦᠢᠯ ᠳᠤ ᠦᠢᠯᠡᠴᠢᠯᠡᠬᠦ ᠶᠢ ᠪᠠᠷᠢᠮᠲᠠᠯᠠᠵᠤ᠂ ᠡᠩ ᠤᠨ ᠵᠢᠭᠡᠯᠡᠯᠭᠡ ᠶᠢᠨ ᠲᠡᠮᠳᠡᠭᠲᠦ᠂ ᠲᠤᠰᠬᠠᠶ ᠵᠢᠭᠡᠯᠡᠯᠭᠡ ᠶᠢᠨ ᠲᠡᠮᠳᠡᠭᠲᠦ᠂ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢ ᠪᠥᠬᠦ ᠬᠦᠴᠦᠨ ᠢᠶᠠᠷ ᠢᠶᠠᠨ ᠭᠦᠭᠡᠭᠡᠴᠡᠯᠳᠦᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ ᠨᠠᠩ ᠣᠯᠠᠨ ᠡᠳ᠋ ᠤᠨ ᠬᠦᠴᠦᠨ ᠤ ᠲᠤᠯᠭᠠᠭᠤᠷᠢᠯᠠᠯ ᠬᠠᠩᠭᠠᠨ᠎ᠠ᠃ ᠲᠥᠷᠥᠯ ᠵᠦᠢᠯ ᠤᠨ ᠲᠦᠰᠦᠪᠯᠡᠭᠰᠡᠨ  ᠠᠴᠠ ᠠᠪᠤᠭᠠᠳ ᠪᠠᠷᠢᠯᠭ᠎ᠠ ᠳᠠᠭᠤᠰᠤᠨ ᠠᠰᠢᠭᠯᠠᠯᠲᠠ ᠳᠤ ᠣᠷᠤᠬᠤ ᠬᠦᠷᠲᠡᠯᠡᠬᠢ ᠪᠥᠬᠦ ᠶᠠᠪᠣᠴᠠ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠦᠯᠦᠪᠵᠢᠭᠦᠯᠭᠡ᠂ ᠭᠠᠵᠠᠷ ᠬᠡᠷᠡᠭᠯᠡᠭᠡ᠂ ᠣᠷᠴᠢᠨ ᠲᠣᠭᠤᠷᠢᠨ ᠤ ᠦᠨᠡᠯᠡᠯᠭᠡ ᠵᠡᠷᠭᠡ ᠲᠥᠷᠥᠯ ᠵᠦᠢᠯ ᠤᠨ ᠬᠢᠨᠠᠨ ᠵᠦᠪᠰᠢᠶᠡᠷᠡᠯᠲᠡ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠢᠯᠴᠢ ᠂ ᠴᠢᠮᠡᠭᠡ ᠨᠡᠪᠲᠡᠷᠡᠯᠭᠡ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠳᠡᠮᠵᠢᠯᠭᠡ ᠶᠢ ᠴᠢᠩᠭᠠᠷᠠᠭᠤᠯᠤᠨ᠂ ᠨᠡᠶᠢᠭᠡᠮ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠨᠢ ᠲᠦᠷᠭᠡᠨ᠂ ᠪᠥᠲᠥᠭᠡᠨ ᠪᠠᠶᠢᠭᠤᠯᠤᠯᠲᠠ ᠨᠢ ᠲᠦᠷᠭᠡᠨ᠂ ᠠᠰᠢᠭᠯᠠᠯᠲᠠ ᠳᠤ ᠣᠷᠤᠬᠤ ᠨᠢ ᠲᠦᠷᠭᠡᠨ᠂ ᠦᠷ᠎ᠡ ᠪᠦᠲᠦᠮᠵᠢ ᠨᠢ ᠲᠦᠷᠭᠡᠨ ᠪᠠᠶᠢᠬᠤ ᠶᠢ ᠦᠨᠡᠨᠬᠦ ᠪᠠᠲᠤᠯᠠᠨ᠎ᠠ᠃︵ᠳᠥᠷᠪᠡ︶ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠤᠨ᠎ᠠᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠵᠤ ᠠᠬᠤᠢ ᠠᠷᠠᠯᠵᠢᠶᠠᠨ ᠤ ᠲᠤᠰᠬᠠᠢ ᠲᠥᠷᠥᠯ ᠤᠨ ᠪᠡᠯᠡ ᠮᠥᠩᠭᠦ ᠶᠢ ᠢᠳᠡᠪᠬᠢᠳᠡᠢ ᠬᠦᠭᠡᠭᠡᠴᠡᠯᠳᠦᠨ᠂ ᠬᠤᠲᠠ ᠳᠤ ᠬᠠᠷᠢᠶᠠᠯᠠᠭᠳᠠᠬᠤ ᠠᠷᠠᠯᠵᠢᠶᠠᠨ ᠤ ᠠᠵᠤ ᠠᠬᠤᠶᠢᠯᠠᠯ ᠤᠨ ᠬᠡᠪᠴᠢᠶ᠎ᠡ ᠶᠢ ᠥᠷᠭᠡᠳᠬᠡᠬᠦ ᠶᠢ ᠳᠠᠮᠵᠢᠨ᠎ᠠ᠃ ︽ᠢᠨᠲ᠋ᠧᠷ ᠰᠦᠯᠵᠢᠶ᠎ᠡ + ᠬᠢᠯᠢ ᠶᠢᠨ ᠠᠷᠠᠯᠵᠢᠶ᠎ᠠ︾ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠣᠨ ᠬᠦᠭᠵᠢᠭᠦᠯᠵᠣ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠤᠯᠤᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠢ ᠭᠤᠶᠤᠴᠢᠯᠠᠨ ᠮᠡᠳᠡᠭᠦᠯᠬᠦ ᠠᠵᠢᠯ ᠢ ᠡᠬᠢᠯᠡᠭᠦᠯᠦᠨ᠎ᠡ᠃ ᠵᠢᠰᠢᠶᠠᠨ ᠤ ᠭᠠᠯᠲᠤ ᠲᠡᠷᠭᠡ ᠶᠢᠨ ᠠᠵᠤ ᠠᠬᠤᠢ ᠶᠢ ᠪᠤᠶᠢᠵᠢᠭᠤᠯᠤᠨ ᠦᠷᠭᠡᠳᠬᠡᠵᠦ᠂ ᠵᠢᠯ ᠤᠨ ᠳᠣᠲᠣᠷ᠎ᠠ ︽ᠡᠬᠢᠯᠡᠯᠳᠡ ᠶᠢᠨ ᠣᠷᠣᠨ ᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ︾ ᠶᠢ ᠡᠬᠢᠯᠡᠭᠦᠯᠬᠦ ᠪᠠᠷ ᠴᠢᠷᠮᠠᠶᠢᠨ᠎ᠠ᠃ ᠪᠠᠷᠠᠭᠠᠨ ᠤ ᠭᠦᠢᠯᠭᠡᠭᠡᠨ ᠤ ᠬᠥᠮᠥᠷᠭᠡᠯᠡᠬᠦ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠤᠤ ᠭᠠᠩ ᠵᠢᠮᠢᠰ ᠢᠳᠡᠰᠢᠨ ᠨᠣᠭᠤᠭ᠎ᠠ ᠶᠢᠨ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠲᠣᠭᠲᠠᠮᠠᠯ ᠳᠤᠯᠠᠭᠠᠨ ᠬᠥᠮᠥᠷᠭᠡ᠂ ᠬᠤᠸᠠᠨ ᠢᠦᠶ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠡᠷᠭᠢᠯᠲᠡ ᠶᠢᠨ ᠬᠥᠮᠥᠷᠭᠡ᠂ ᠬᠤᠩᠭᠤᠷ ᠬᠦᠷᠦᠭᠡᠭᠦᠷᠲᠦ ᠪᠠᠷᠠᠭᠠᠨ ᠤ ᠭᠦᠢᠯᠭᠡᠭᠡᠨ ᠤ ᠬᠥᠮᠥᠷᠭᠡ ᠵᠡᠷᠭᠡ ᠲᠥᠷᠥᠯ ᠵᠦᠢᠯ ᠢ ᠪᠠᠶᠢᠭᠤᠯᠤᠨ ᠡᠵᠡᠩᠨᠡᠯᠲᠡ ᠳᠤ ᠣᠷᠣᠭᠤᠯᠬᠤ ᠶᠢ ᠠᠬᠢᠭᠤᠯᠤᠨ᠎ᠠ᠃ ᠤᠯᠠᠨ ᠬᠡᠯᠪᠡᠷᠢ ᠶᠢᠨ ᠬᠤᠯᠪᠣᠭᠠᠯᠠᠨ ᠳᠡᠭᠡᠭᠡᠪᠦᠷᠢᠯᠡᠬᠦ ᠰᠢᠰᠲ᠋ᠧᠮ ᠢ ᠡᠭᠦᠳᠦᠨ ᠪᠠᠶᠢᠭᠤᠯᠵᠤ᠂ ᠪᠦᠸᠧᠬᠠᠶ ᠲᠠᠩᠭᠢᠰ ᠤᠨ ᠡᠷᠬᠢ ᠳᠠᠭᠠᠤ ᠭᠠᠷᠠᠮ ᠯᠤᠭ᠎ᠠ ᠵᠣᠯᠭᠠᠯᠳᠣᠭᠤᠯᠣᠨ ᠡᠭᠡ ᠬᠠᠭᠤᠷᠠᠶ ᠶᠢᠨ ᠭᠠᠷᠠᠮ ᠤᠨ ᠬᠤᠯᠪᠣᠭᠠᠯᠠᠨ ᠳᠡᠭᠡᠭᠡᠪᠦᠷᠢᠯᠡᠬᠦ ᠬᠠᠮᠲᠤᠷᠠᠯᠴᠠᠭ᠎ᠠ ᠶᠢ ᠥᠷᠨᠢᠭᠦᠯᠬᠦ ᠶᠢ ᠲᠦᠯᠬᠢᠨ ᠠᠬᠢᠭᠤᠯᠵᠤ᠂ ᠵᠠᠰᠠᠮᠠᠯ ᠵᠠᠮ ᠲᠡᠮᠦᠷ ᠵᠠᠮ ᠤᠨ ᠬᠤᠯᠪᠣᠭᠠᠯᠠᠭᠰᠠᠨ ᠳᠡᠭᠡᠭᠡᠪᠦᠷᠢᠯᠡᠯᠳᠡ ᠶᠢᠨ ᠬᠡᠪᠴᠢᠶ᠎ᠡ ᠶᠢ ᠥᠷᠭᠡᠳᠬᠡᠵᠦ᠂ ᠪᠣᠭᠤᠮᠲᠠ ᠶᠢᠨ ᠬᠥᠮᠥᠷᠭᠡᠯᠡᠨ ᠬᠠᠳᠠᠭᠠᠯᠠᠬᠤ᠂ ᠳᠠᠮᠵᠢᠭᠤᠯᠬᠤ᠂ ᠲᠣᠬᠢᠷᠠᠭᠤᠯᠤᠨ ᠬᠦᠷᠭᠡᠬᠦ ᠴᠢᠳᠠᠮᠵᠢ ᠶᠢ ᠨᠥᠬᠦᠪᠥᠷᠢᠯᠡᠨ ᠴᠢᠩᠭᠠᠷᠠᠭᠤᠯᠤᠨ᠎ᠠ᠃ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠬᠦ ᠦᠢᠯᠡᠰ ᠢ ᠨᠠᠷᠢᠯᠢᠭᠵᠢᠭᠤᠯᠤᠨ᠎ᠠ᠃ ᠮᠣᠩᠭᠤᠯ ᠣᠷᠣᠰ ᠠᠴᠠ ᠣᠷᠣᠭᠤᠯᠬᠤ ᠡᠬᠢ ᠪᠠᠶᠠᠯᠢᠭ ᠲᠤ ᠲᠦᠰᠢᠭᠯᠡᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠬᠦ ᠦᠢᠯᠡᠰ ᠢ ᠡᠷᠴᠢᠮᠵᠢᠭᠦᠯᠦᠨ ᠬᠥᠭᠵᠢᠭᠦᠯᠵᠦ᠂ ︽ᠮᠢᠩᠭ᠎ᠠ᠂ ᠵᠠᠭᠤ᠂ ᠲᠦᠮᠡ︾ ᠶᠢᠨ ᠭᠠᠳᠠᠭᠠᠳᠤ  ᠣᠷᠤᠭᠤᠯᠤᠯᠲᠠ ᠶᠢᠨ ᠡᠳ᠋ᠰᠢᠭᠦᠯᠬᠦ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ ᠮᠢᠩᠭᠠᠨ ᠲᠦᠮᠡᠨ ᠲᠣᠨ ᠤ ᠭᠠᠳᠠᠭᠠᠳᠤ ᠠᠴᠠ ᠣᠷᠤᠭᠤᠯᠤᠭᠰᠠᠨ ᠲᠡᠮᠦᠷ ᠤᠨ ᠬᠦᠳᠡᠷ ᠢ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ︽ᠤᠰᠤ ᠬᠡᠷᠡᠭᠯᠡᠬᠦ ᠬᠡᠮᠵᠢᠶ᠎ᠡ ᠪᠠᠷ ᠠᠵᠤ ᠦᠢᠯᠡᠰ ᠤᠨ ᠲᠦᠷᠦᠯ ᠢ ᠲᠣᠭᠲᠠᠭᠠᠵᠤ᠂ ᠡᠷᠴᠢᠮᠵᠢᠭᠦᠯᠦᠨ ᠬᠥᠭᠵᠢᠭᠦᠯᠬᠦ︾ ᠶᠢ  ᠪᠡᠷᠢᠮᠲᠠᠯᠠᠵᠤ᠂ ᠵᠦᠩ ᠵᠢᠢ ᠰᠢ ᠠᠨ ᠵᠡᠷᠭᠡ ᠲᠡᠮᠦᠷ ᠤᠨ ᠬᠦᠳᠡᠷ ᠪᠣᠯᠪᠠᠰᠤᠷᠠᠭᠤᠯᠬᠤ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠵᠠᠭᠤᠨ ᠲᠦᠮᠡᠨ ᠲᠣᠨ ᠤ ᠭᠠᠳᠠᠭᠠᠳᠤ ᠠᠴᠠ ᠣᠷᠣᠭᠤᠯᠤᠭᠰᠠᠨ ᠠᠮᠤ ᠲᠣᠰᠣ ᠶᠢ ᠡᠳ᠋ᠰᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠨᠢᠭᠡᠨᠲᠡ ᠪᠠᠶᠢᠭ᠎ᠠ ᠠᠮᠤ ᠲᠣᠰᠣ ᠡᠳ᠋ᠰᠢᠭᠦᠯᠬᠦ ᠠᠵᠤ ᠠᠬᠤᠶᠢᠯᠠᠯ ᠤᠨ ᠬᠡᠪᠴᠢᠶ᠎ᠡ ᠪᠠᠨ ᠦᠷᠭᠡᠳᠭᠡᠨ᠂ ᠨᠡᠷᠡᠲᠦ ᠲᠡᠮᠳᠡᠭᠲᠦ ᠶᠢ ᠪᠤᠢ ᠪᠣᠯᠭᠠᠬᠤ ᠶᠢ ᠬᠦᠲᠦᠯᠦᠨ ᠵᠢᠯᠤᠭᠤᠳᠴᠤ᠂ ᠬᠥ᠋ ᠹᠧᠩ ᠠᠮᠤ ᠲᠣᠰᠣ ᠡᠳ᠋ᠰᠢᠭᠦᠯᠬᠦ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠸᠠᠨ ᠺᠠᠶ᠂ ᠶᠢᠨ ᠶᠠᠩ ᠲᠠᠷᠢᠶᠠᠯᠠᠩ ᠠᠵᠤ ᠠᠬᠤᠢ ᠶᠢᠨ ᠠᠮᠤ ᠲᠣᠰᠣ ᠡᠳ᠋ᠰᠢᠭᠦᠯᠬᠦ ᠲᠥᠷᠥᠯ ᠵᠦᠢᠯ  ᠢ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ ᠴᠤᠸᠠᠨ ᠯᠢᠶᠠᠨ ᠠᠮᠤ ᠲᠣᠰᠣ ᠡᠳ᠋ᠰᠢᠭᠦᠯᠬᠦ ᠲᠥᠷᠥᠯ ᠵᠦᠢᠯ ᠢ ᠪᠣᠳᠠᠲᠠᠶᠢᠵᠢᠭᠤᠯᠬᠤ ᠪᠠᠷ ᠴᠢᠷᠮᠠᠶᠢᠨ᠎ᠠ᠃ ᠲᠦᠮᠡᠨ ᠲᠣᠨ ᠤ ᠮᠠᠯ ᠠᠵᠦ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠮᠠᠯ ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠨᠡᠷᠡᠲᠦ ᠲᠡᠮᠳᠡᠭᠲᠦ ᠠᠵᠤ ᠠᠬᠤᠶᠢᠯᠠᠯ ᠢ ᠢᠳᠡᠪᠬᠢᠲᠡᠢ ᠤᠷᠢᠨ ᠣᠷᠣᠭᠤᠯᠵᠤ᠂ ᠨᠣᠣᠰᠣ  ᠨᠣᠣᠯᠤᠭᠤᠷ᠂ ᠮᠢᠬᠠᠨ ᠤ ᠵᠦᠢᠯ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠬᠦ ᠶᠢ ᠳᠠᠮᠵᠢᠨ᠎ᠠ᠃ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠳᠠᠯᠳᠠ ᠬᠦᠴᠦᠨ ᠢ ᠭᠦᠨ ᠠᠭᠤᠳᠠᠯᠯᠠᠨ᠎ᠠ᠃ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ᠂ ᠤᠯᠤᠰ ᠤᠨ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠢ ᠭᠤᠶᠤᠴᠢᠯᠠᠨ ᠮᠡᠳᠡᠭᠦᠯᠬᠦ ᠠᠵᠢᠯ ᠢ ᠴᠠᠭ ᠳᠤ ᠨᠢ ᠲᠣᠬᠢᠷᠠᠭᠤᠯᠤᠨ ᠡᠬᠢᠯᠡᠭᠦᠯᠦᠨ᠎ᠡ᠃ ᠰᠣᠶᠣᠯ ᠵᠢᠭᠤᠯᠴᠢᠯᠠᠯ ᠤᠨ ᠬᠦᠷᠦᠩᠬᠡ ᠣᠷᠣᠭᠤᠯᠣᠯᠳᠠ ᠶᠢᠨ ᠪᠦᠯᠦᠭᠯᠡᠯ ᠤᠨ ᠵᠠᠬ᠎ᠠ ᠳᠡᠯᠭᠡᠭᠦᠷᠴᠢᠯᠡᠬᠦ ᠶᠢ ᠲᠦᠷᠭᠡᠳᠬᠡᠵᠦ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠯᠳᠠ ᠪᠠ ᠡᠵᠡᠩᠨᠡᠯᠲᠡ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ᠂ ᠤᠯᠤᠰ ᠤᠨ ᠡᠭᠦᠳᠡ ᠬᠢᠯᠢ ᠶᠢᠨ ᠪᠣᠭᠤᠮᠲᠠ᠂ ᠠᠪᠤᠷᠭᠤ ᠭᠦᠷᠪᠡᠯ ᠤᠨ ᠮᠦᠽᠸᠢ᠂ ᠴᠠᠶ ᠶᠢᠨ ᠵᠠᠮ ᠤᠨ ᠤᠯᠠᠭ᠎ᠠ ᠥᠷᠲᠡᠭᠡ ᠵᠡᠷᠭᠡ ᠰᠣᠶᠣᠯ ᠵᠢᠭᠤᠯᠴᠢᠯᠠᠯ ᠤᠨ ᠨᠡᠷᠡᠳᠣ ᠳᠡᠮᠳᠡᠭᠳᠣ ᠶᠢ ᠣᠬᠠᠭᠤᠯᠣᠨ ᠰᠣᠷᠳᠠᠯᠴᠢᠯᠠᠵᠣ᠂ ᠡᠴᠢᠭᠡ ᠡᠬᠡ ᠦᠷ᠎ᠡ ᠬᠡᠦᠬᠡᠳ ᠤᠨ ᠵᠢᠭᠤᠯᠴᠢᠯᠠᠯ᠂ ᠨᠠᠰᠤᠲᠠᠶᠢᠴᠤᠳ ᠤᠨ ᠵᠢᠭᠤᠯᠴᠢᠯᠠᠯ᠂ ᠡᠷᠡᠭᠦᠯ ᠮᠡᠨᠳᠦ ᠶᠢᠨ ᠰᠤᠪᠢᠯᠠᠯᠲᠠ ᠶᠢᠨ ᠵᠢᠭᠤᠯᠴᠢᠯᠠᠯ᠂ ᠳᠣᠣᠷ᠎ᠠ ᠨᠡᠭᠦᠷᠡᠰᠦᠳᠦ᠋ᠷᠦᠭᠴᠢᠳᠣ ᠵᠢᠭᠤᠯᠴᠢᠯᠠᠯ ᠢ ᠦᠷᠭᠡᠵᠢᠭᠦᠯᠦᠨ᠎ᠡ᠃ᠴᠡᠪᠡᠷ ᠡᠨᠧᠷᠭᠢ ᠶᠢᠨ ᠰᠤᠷᠪᠤᠯᠵᠢ ᠶᠢᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠵᠠᠭᠤᠨ ᠲᠦᠮᠡᠨ ᠺᠢᠯᠣᠸᠠᠲ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠠᠬᠤ ᠶᠢᠨ ᠲᠣᠭᠤᠷᠢᠨ ᠳᠤ᠂ ᠳᠠᠬᠢᠨ ᠠᠰᠢᠭᠯᠠᠵᠤ ᠪᠣᠯᠬᠤ ᠡᠨᠧᠷᠭᠢ ᠶᠢᠨ ᠪᠢᠴᠢᠯ ᠴᠠᠬᠢᠯᠭᠠᠨ ᠲᠣᠣᠷ ᠤᠨ ᠵᠢᠱᠢᠶ᠎ᠡ ᠦᠵᠡᠭᠦᠯᠬᠦ ᠲᠥᠷᠦᠯ ᠵᠦᠢᠯ ᠢ ᠲᠦᠷᠭᠡᠳᠬᠡᠨ ᠠᠬᠢᠭᠤᠯᠵᠤ᠂ ᠦᠯᠠᠳᠠᠵᠦ ᠪᠠᠶᠢᠭ᠎ᠠ 15 ᠲᠦᠮᠡᠨ ᠺᠢᠯᠤᠸᠠᠲ ᠨᠠᠷᠠ ᠰᠠᠯᠬᠢᠨ ᠢᠶᠠᠷ ᠴᠠᠬᠢᠯᠭᠠᠨ ᠭᠠᠷᠭᠠᠬᠤ ᠲᠥᠷᠦᠯ ᠵᠦᠢᠯ ᠢ ᠪᠠᠶᠢᠭᠤᠯᠤᠨ ᠰᠦᠯᠵᠢᠶᠡᠨ ᠳᠤ ᠣᠷᠤᠭᠤᠯᠬᠤ ᠶᠢ ᠠᠬᠢᠭᠤᠯᠵᠤ᠂ ᠪᠦᠬᠦ ᠬᠤᠲᠠ ᠶᠢᠨ ᠨᠠᠷᠠ ᠰᠠᠯᠬᠢᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 72.9 ᠲᠦᠮᠡᠨ ᠺᠢᠯᠤᠸᠠᠲ ᠲᠤ ᠬᠦᠷᠭᠡᠬᠦ ᠪᠠᠷ ᠴᠢᠷᠮᠠᠶᠢᠨ᠎ᠠ᠃ ᠵᠢᠩ ᠨᠸᠡᠭ ᠪᠦᠯᠦᠭᠯᠡᠯ ᠯᠦᠭᠡ ᠵᠣᠯᠭᠠᠯᠳᠤᠭᠤᠯᠤᠭ᠎ᠠ ᠪᠠᠨ ᠴᠢᠩᠭᠠᠳᠬᠠᠵᠤ᠂ 4 ᠲᠦᠮᠡᠨ ᠺᠢᠯᠤᠸᠠᠲ ᠤᠨ ᠭᠡᠷᠡᠯ ᠴᠠᠬᠢᠯᠭᠠᠨ ᠤ ᠲᠥᠷᠥᠯ ᠵᠦᠢᠯ ᠢ ᠪᠣᠳᠠᠲᠠᠶᠢᠵᠢᠭᠤᠯᠬᠤ ᠪᠠᠷ ᠴᠢᠷᠮᠠᠶᠢᠨ᠎ᠠ᠃ ᠭᠠᠳᠠᠭᠠᠳᠤ ᠠᠴᠠ ᠣᠷᠣᠭᠤᠯᠤᠭᠰᠠᠨ ᠪᠠᠶᠢᠭᠠᠯᠢ ᠶᠢᠨ ᠰᠢᠲᠠᠮᠠᠬᠠᠶ ᠬᠡᠢ ᠶᠢ ᠬᠠᠳᠠᠭᠠᠯᠠᠵᠤ ᠲᠡᠭᠡᠭᠡᠪᠦᠷᠢᠯᠡᠬᠦ ᠵᠢᠴᠢ ᠬᠤᠲᠠ ᠶᠢᠨ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠢᠳᠡᠪᠬᠢᠳᠡᠢ ᠲᠥᠯᠥᠪᠵᠢᠭᠦᠯᠦᠨ ᠡᠬᠢᠯᠡᠭᠦᠯᠦᠨ᠎ᠡ᠃︵ᠲᠠᠪᠤ︶ ᠬᠤᠲᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠬᠥᠳᠡᠭᠡ ᠶᠢᠨ ᠴᠢᠳᠠᠮᠵᠢ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ ᠬᠤᠲᠠ ᠶᠢᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢ ᠨᠠᠷᠢᠯᠢᠭᠵᠢᠭᠤᠯᠤᠨ᠎ᠠ᠃ ︽ᠠᠷᠠᠳ ᠲᠦᠮᠡᠨ ᠤ ᠲᠥᠯᠥᠭᠡ ᠬᠤᠲᠠ ᠶᠢ ᠬᠠᠮᠢᠶᠠᠷᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠳᠣᠯᠠᠭᠠᠯᠠᠭ᠎ᠠ ᠬᠠᠩᠭᠠᠬᠤ᠂ ᠠᠳᠠᠯ ᠠᠬᠤᠶ᠂ ᠤᠰᠤ ᠬᠠᠩᠭᠠᠬᠤ᠂ ᠬᠤᠳᠠ ᠶᠢᠨ ᠶᠠᠪᠣᠳᠠᠯ ᠣᠷᠴᠢᠨ ᠳᠣᠭᠤᠷᠢᠨ ᠤ ᠡᠷᠡᠭᠦᠯ ᠬᠠᠮᠠᠭᠠᠯᠠᠯ᠂ ᠨᠣᠭᠤᠭᠠᠷᠠᠭᠤᠯᠣᠯᠳᠠ ᠵᠡᠷᠭᠡ ᠣᠯᠠᠨ ᠲᠦᠮᠡᠨ ᠤ ᠨᠡᠶᠢᠳᠡᠮ ᠠᠩᠬᠠᠷᠳᠠᠭ ᠰᠠᠨᠠᠭᠠᠰᠢᠷᠠᠵᠣ ᠪᠠᠶᠢᠭ᠎ᠠ ᠶᠠᠪᠤᠳᠠᠯ ᠂ ᠪᠣᠬᠢᠨᠠᠳᠣᠵᠣ ᠪᠠᠶᠢᠭ᠎ᠠ ᠶᠠᠪᠤᠳᠠᠯ ᠤᠨ ᠲᠣᠭᠤᠷᠢᠨ ᠳᠤ᠂ ︽ᠡᠴᠦᠰ ᠤᠨ ᠨᠢᠭᠡ ᠮᠧᠲᠷ︾ ︽ᠡᠴᠦᠰ ᠤᠨ ᠨᠢᠭᠡ ᠬᠥᠮᠦᠨ︾ ᠤ ᠬᠠᠷᠢᠭᠤᠴᠠᠯᠭ᠎ᠠ ᠶᠢ ᠪᠠᠲᠤᠳᠬᠠᠨ᠎ᠠ᠃ ᠬᠤᠳᠠ ᠶᠢ ᠰᠢᠨᠡᠴᠢᠯᠡᠬᠦ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠣ᠂ ᠵᠢᠯ ᠤᠨ ᠳᠣᠲᠣᠷ᠎ᠠ ᠬᠠᠭᠤᠴᠢᠨ ᠰᠠᠭᠤᠭᠠᠯᠢ ᠲᠣᠭᠤᠷᠢᠭ᠂ ᠤᠰᠤ ᠬᠠᠩᠭᠠᠬᠤ ᠬᠤᠭᠤᠯᠠᠢ᠂ ᠪᠣᠬᠢᠷ ᠤᠰᠤᠨ ᠤ ᠬᠤᠭᠤᠯᠠᠢ ᠶᠢ ᠦᠭᠡᠷᠡᠴᠢᠯᠡᠨ ᠰᠢᠨᠡᠳᠬᠡᠬᠦ ᠢᠨᠵᠧᠨᠧᠷᠢᠩ ᠢ ᠳᠠᠭᠤᠰᠬᠠᠵᠣ᠂ ᠲᠡᠮᠦᠷ ᠵᠠᠮ ᠤᠨ ᠤᠰᠤᠨ ᠤ ᠦᠢᠯᠡᠳᠪᠦᠷᠢ ᠶᠢ ᠦᠭᠡᠷᠡᠴᠢᠯᠡᠨ ᠰᠢᠨᠡᠳᠬᠡᠬᠦ᠂ ᠲᠠᠬᠢᠨ ᠠᠰᠢᠭᠯᠠᠬᠤ ᠤᠰᠤᠨ ᠤ ᠬᠤᠭᠤᠯᠠᠢ ᠶᠢ ᠦᠭᠡᠷᠡᠴᠢᠯᠡᠨ ᠰᠢᠨᠡᠳᠬᠡᠬᠦ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠬᠤᠳᠠ ᠲᠣᠭᠤᠷᠢᠭ ᠤᠨ 220 ᠺᠢᠯᠣᠸᠠᠲ ᠤᠨ ᠬᠦᠴᠦᠳᠡᠯ ᠬᠤᠪᠢᠰᠬᠠᠬᠤ ᠦᠷᠳᠡᠭᠡ ᠵᠢᠴᠢ ᠢᠵᠢ ᠪᠦᠷᠢᠳᠦᠭᠦᠯᠬᠦ ᠴᠠᠬᠢᠯᠭᠠᠨ ᠲᠠᠮᠵᠢᠭᠤᠯᠤᠨ ᠬᠦᠴᠦᠳᠡᠯ ᠬᠤᠪᠢᠰᠬᠠᠬᠤ ᠢᠨᠵᠧᠨᠧᠷᠢᠩ ᠡᠬᠢᠯᠡᠨ ᠪᠠᠶᠢᠭᠤᠯᠣᠨ᠎ᠠ᠃ ᠵᠢᠶᠦ᠋ᠨ ᠸᠧᠶ ᠱᠸᠦ ᠹᠦ᠋ ᠰᠠᠭᠤᠭᠠᠯᠢ ᠲᠤᠭᠤᠷᠢᠭ ᠤᠨ ᠨᠢᠭᠡᠳᠦᠭᠡᠷ ᠬᠤᠭᠤᠴᠠᠭ᠎ᠠ᠂ ᠵᠥᠩ ᠵᠢᠩ ᠬᠤᠤ ᠲᠢᠩ ᠵᠡᠷᠭᠡ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ︽ᠣᠶᠣᠨᠴᠢ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠳᠠᠰᠤᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ︽ᠭᠠᠭᠴᠠ ᠵᠢᠷᠤᠭ︾ ᠢᠶᠠᠷ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠭᠤᠷᠪᠠᠨ ᠣᠷᠤᠨ ᠵᠠᠢ ᠭᠤᠷᠪᠠᠨ ᠱᠤᠭᠤᠮ︾ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠬᠤ ᠪᠠ ᠬᠠᠮᠢᠶᠠᠷᠤᠨ ᠡᠵᠡᠮᠳᠡᠵᠦ᠂ ᠬᠤᠳᠠ ᠶᠢᠨ ᠲᠥᠪᠯᠡᠷᠡᠩᠭᠦᠶ ᠡᠷᠴᠢᠮᠯᠢᠭ ᠬᠥᠭᠵᠢᠯᠲᠡ ᠶᠢ ᠠᠬᠢᠭᠤᠯᠤᠨ᠎ᠠ᠃ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠳᠠᠯ᠎ᠠ ᠪᠠᠷ ᠲᠦᠯᠬᠢᠨ ᠠᠬᠢᠭᠤᠯᠣᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠴᠢᠩᠭᠠᠳᠬᠠᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠵᠦ᠂ 15.2 ᠺᠢᠯᠣᠮᠧᠲᠷ ᠤᠨ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ ᠵᠠᠰᠠᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠶ ᠪᠠᠷ ᠠᠬᠢᠭᠤᠯᠵᠤ᠂ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠵᠦ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠮᠠᠯᠴᠢᠨ ᠲᠠᠷᠢᠶᠠᠴᠢᠳ ᠤᠨ ᠲᠤᠰᠬᠠᠶ ᠬᠤᠷᠰᠢᠶ᠎ᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠳ ᠢ ᠬᠥᠲᠥᠯᠦᠨ ᠵᠢᠯᠣᠭᠤᠳᠴᠤ ᠪᠠᠶᠢᠭᠠᠳ ᠵᠣᠬᠢᠬᠤ ᠬᠡᠮᠵᠢᠶᠡᠨ ᠤ ᠮᠠᠯ ᠠᠵᠤ ᠠᠬᠤᠶ᠂ ᠴᠢᠨᠠᠷ ᠰᠠᠶᠢᠲᠠᠶ ᠵᠢᠮᠢᠰ ᠨᠣᠭᠤᠭ᠎ᠠ ᠳᠠᠷᠢᠵᠤ ᠲᠡᠭᠦᠬᠦ ᠦᠢᠯᠡᠰ᠂ ᠮᠠᠯᠴᠢᠨ ᠲᠠᠷᠢᠶᠠᠴᠢᠳ ᠤᠨ ᠬᠡᠷ ᠪᠦᠯᠢ ᠶᠢᠨ ᠵᠢᠭᠤᠯᠴᠢᠯᠠᠯ ᠤᠨ ᠦᠢᠯᠡᠰ ᠢ ᠬᠥᠭᠵᠢᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠭᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠭᠤᠴᠢᠨ ᠵᠠᠩᠰᠢᠯ ᠢᠶᠠᠨ ᠬᠠᠯᠠᠨ ᠥᠭᠡᠷᠡᠴᠢᠯᠡᠬᠦ ᠶᠢ ᠠᠬᠢᠭᠤᠯᠵᠤ᠂ ︽ᠪᠣᠯᠪᠠᠰᠤᠨ ᠮᠠᠯᠴᠢᠨ ᠲᠠᠷᠢᠶᠠᠴᠢᠨ︾᠂ ︽ᠠᠷᠪᠠᠨ ᠣᠳᠣᠨ ᠲᠠᠰ ᠤᠨ ᠪᠣᠯᠪᠠᠰᠤᠨ ᠡᠷᠦᠬᠡ︾ ᠵᠡᠷᠭᠡ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠪᠣᠯᠪᠠᠰᠤᠨ ᠰᠠᠶᠢᠬᠠᠨ ᠨᠤᠲᠤᠭ ᠤᠨ ᠰᠤᠷᠲᠠᠯ᠂ ᠰᠢᠯᠢᠳᠡᠭ ᠰᠠᠶᠢᠬᠠᠨ ᠬᠡᠷ ᠤᠨ ᠰᠤᠷᠲᠠᠯ᠂ ᠪᠣᠷᠣᠭᠵᠢᠭᠤᠨ ᠰᠠᠶᠢᠬᠠᠨ ᠠᠷᠠᠳ ᠤᠨ ᠰᠤᠷᠲᠠᠯ ᠢ ᠪᠤᠶᠢᠵᠢᠭᠤᠯᠤᠨ᠎ᠠ᠃ ᠣᠷᠴᠢᠨ ᠲᠤᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠮᠢ ᠠᠬᠤᠶ ᠶᠢ ᠲᠡᠷᠢᠭᠦᠨ ᠪᠠᠶᠢᠷᠢᠨ ᠳᠤ ᠲᠠᠯᠪᠢᠨ᠂ ᠪᠣᠬᠢᠷᠲᠤᠯ ᠥᠬᠡᠶ ᠪᠠᠷ ᠬᠦᠭᠵᠢᠯᠲᠡ ᠶᠢ ᠪᠠᠷᠢᠮᠲᠠᠯᠠᠵᠤ᠂ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠠᠯ ᠤᠨ ᠭᠦᠢᠴᠡᠳᠬᠡᠯ ᠲᠤᠭ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠤᠨ ᠤ ᠡᠭᠦᠷᠭᠡ ᠶᠢ ᠪᠡᠶᠡᠯᠡᠭᠦᠯᠦᠨ᠎ᠡ᠃ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠦᠨᠳᠦᠷ ᠪᠠᠷᠢᠮᠵᠢᠶ᠎ᠠ ᠪᠠᠷ ᠰᠠᠶᠢᠲᠤᠷ ᠬᠢᠵᠦ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠳᠣᠯᠠᠭᠠᠯᠠᠭ᠎ᠠ ᠬᠠᠩᠭᠠᠬᠤ᠂ ᠪᠠᠷᠢᠯᠭ᠎ᠠ ᠶᠢᠨ ᠮᠠᠲ᠋ᠧᠷᠢᠶᠠᠯ᠂ ᠠᠭᠤᠷᠬᠠᠢ ᠶᠢᠨ ᠭᠠᠷᠤᠯᠲᠠ ᠶᠢ ᠡᠳ᠋ᠰᠢᠭᠦᠯᠦᠨ ᠬᠥᠮᠥᠷᠭᠡᠯᠡᠬᠦ᠂ ᠲᠡᠭᠡᠭᠡᠪᠦᠷᠢᠯᠡᠬᠦ ᠵᠡᠷᠭᠡ ᠠᠵᠢᠯ ᠲᠦᠷᠦᠯ ᠤᠨ ᠮᠥᠬᠦᠯᠢᠭᠲᠦ ᠪᠣᠳᠠᠰ ᠤᠨ ᠭᠠᠳᠠᠭᠰᠢᠯᠠᠭᠤᠯᠤᠯᠲᠠ ᠶᠢ ᠶᠡᠷᠦᠩᠬᠡᠶᠢᠯᠡᠨ ᠵᠠᠰᠠᠬᠤ ᠶᠢ ᠪᠠᠶᠢᠩᠭᠤᠵᠢᠭᠤᠯᠤᠨ ᠠᠬᠢᠭᠤᠯᠵᠤ᠂ ᠴᠠᠭ ᠠᠭᠤᠷ ᠤᠨ ᠶᠠᠰᠤ ᠴᠢᠨᠠᠷ ᠢ ᠨᠡᠩ ᠰᠠᠶᠢᠨ ᠪᠣᠯᠭᠠᠬᠤ ᠶᠢ ᠪᠠᠲᠤᠯᠠᠨ᠎ᠠ᠃ ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠪᠥᠬᠦ ᠲᠠᠯ᠎ᠠ ᠪᠠᠷ ᠰᠠᠶᠢᠲᠤᠷ ᠬᠢᠵᠦ᠂ ᠪᠣᠬᠢᠷ ᠤᠰᠤ ᠰᠢᠢᠳᠪᠦᠷᠢᠯᠡᠬᠦ᠂ ᠦᠢᠯᠡᠳᠪᠦᠷᠢᠯᠡᠯ ᠳᠤ ᠬᠡᠷᠡᠭᠯᠡᠬᠦ ᠣᠰᠣ᠂ ᠡᠮᠴᠢᠯᠡᠭᠡᠨ ᠤ ᠬᠠᠶᠠᠭᠳᠠᠮᠠᠯ ᠤᠰᠤᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠵᠢᠷᠤᠮᠵᠢᠭᠤᠯᠤᠨ᠂ ᠪᠡᠯᠡᠳᠬᠡᠯ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠣᠨ ᠤ ᠡᠭᠦᠷᠭᠡ ᠶᠢ ᠪᠡᠶᠡᠯᠡᠭᠦᠯᠦᠨ᠎ᠡ᠃ ᠰᠢᠮᠡᠯᠢᠭ ᠬᠥᠷᠥᠰᠥ ᠶᠢ ᠬᠠᠮᠠᠭᠠᠯᠠᠬᠤ ᠲᠠᠶᠢᠯᠠᠯᠳᠤᠭᠠᠨ ᠢ ᠴᠢᠨᠠᠷ ᠰᠠᠶᠢᠲᠠᠶ ᠬᠢᠵᠦ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ᠂ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠪ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠭᠡᠷᠡᠴᠢᠯᠡᠨ ᠰᠢᠨᠡᠳᠬᠡᠬᠦ᠂ ᠬᠤᠭᠤᠯᠠᠨ ᠬᠡᠷ ᠲᠣᠭᠤᠭᠠᠨ ᠬᠡᠷ ᠤᠨ ᠬᠤᠭ ᠨᠣᠪᠰᠢ ᠶᠢ ᠤᠷᠢᠳᠴᠢᠯᠠᠨ ᠰᠢᠢᠳᠪᠦᠷᠢᠯᠡᠬᠦ᠂ ᠪᠠᠷᠢᠯᠭ᠎ᠠ ᠶᠢᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠤᠮᠠᠷᠠᠲᠤ ᠤᠷᠤᠨ ᠤ ᠡᠯᠡᠰᠦ ᠶᠢ ᠰᠡᠷᠭᠡᠶᠢᠯᠡᠬᠦ ᠪᠦᠰᠡ ᠵᠡᠷᠭᠡ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ᠲᠠᠯ᠎ᠠ ᠨᠤᠲᠤᠭ ᠤᠨ ᠴᠡᠴᠡᠷᠯᠢᠭ ᠤᠨ ᠲᠤᠷᠰᠢᠯᠲᠠ ᠶᠢᠨ  ᠴᠢᠭ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃︵ᠵᠢᠷᠭᠤᠭ᠎ᠠ︶ ᠬᠠᠮᠲᠤᠪᠠᠷ  ᠴᠢᠨᠡᠭᠡᠯᠢᠭᠵᠢᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠯ ᠵᠢᠷᠭᠠᠯᠲᠤ ᠡᠶ᠎ᠡ ᠵᠣᠬᠢᠴᠠᠩᠭᠤᠢ ᠭᠡᠷ ᠣᠷᠣᠨ ᠢ ᠪᠦᠬᠦ ᠲᠠᠯ᠎ᠠ ᠪᠠᠷ ᠴᠣᠭᠴᠠᠯᠠᠨ ᠪᠠᠶᠢᠭᠤᠯᠤᠨ᠎ᠠ ᠠᠵᠢᠯ ᠣᠯᠭᠤᠯᠲᠠ ᠶᠢ ᠬᠦᠴᠦᠯᠡᠨ ᠲᠣᠭᠲᠠᠪᠤᠷᠢᠵᠢᠭᠤᠯᠤᠨ ᠥᠷᠭᠡᠳᠬᠡᠨ᠎ᠡ᠃ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠤᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠷᠠᠭᠤᠯᠤᠨ᠂  ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠠᠮᠲᠤ ᠶᠢᠨ ᠴᠤᠭᠴᠠ ᠶᠢᠨ ᠠᠵᠢᠯ ᠤᠯᠬᠤ ᠶᠢ ᠲᠥᠷᠥᠯ ᠬᠤᠪᠢᠶᠠᠨ ᠪᠠᠲᠤᠯᠠᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠬᠤ ᠶᠢ ᠦᠨᠡᠨᠬᠦ ᠪᠠᠲᠤᠯᠠᠨ᠎ᠠ᠃ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠵᠢᠯᠯᠠᠭ᠎ᠠ ᠪᠠ ᠡᠭᠦᠷᠭᠡ ᠴᠢᠳᠠᠪᠤᠷᠢ ᠪᠤᠯᠤᠨ‌ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠨ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠠᠵᠤ ᠦᠢᠯᠡᠰ ᠤᠨ ᠠᠵᠢᠯ ᠣᠯᠭᠤᠯᠲᠠ ᠶᠢ ᠰᠢᠩᠭᠡᠭᠡᠨ ᠠᠪᠬᠤ ᠶᠢ ᠲᠡᠮᠵᠢᠵᠤ᠂ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠤᠯᠬᠤ ᠪᠠ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠲᠦᠯᠬᠢᠨ ᠠᠬᠢᠭᠤᠯᠤᠨ᠎ᠠ᠃ ᠴᠢᠳᠠᠪᠤᠷᠢᠲᠠᠨ ᠢ ᠣᠷᠢᠨ ᠣᠷᠣᠭᠤᠯᠬᠤ ᠨᠡᠩ ᠢᠳᠡᠪᠬᠢᠳᠡᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠣ᠂ ᠨᠡᠩ ᠤᠯᠠᠨ ᠴᠢᠳᠠᠪᠤᠷᠢᠲᠠᠨ ᠢ ᠤᠷᠢᠨ ᠲᠠᠲᠠᠵᠤ ᠡᠷᠢᠶᠡᠨ ᠤ ᠪᠦᠲᠦᠭᠡᠨ ᠪᠠᠶᠢᠭᠤᠯᠣᠯᠳᠠ ᠳᠤ ᠣᠷᠤᠯᠴᠠᠭᠤᠯᠤᠨ᠎ᠠ᠃ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠰᠢᠭᠦᠯᠦᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠯᠠᠪᠳᠠᠭᠤᠨ ᠢᠶᠠᠷ ᠪᠣᠳᠠᠲᠠᠶᠢᠵᠢᠭᠤᠯᠵᠤ᠂ ᠠᠮᠢᠳᠤᠯᠢᠭ ᠢᠶᠠᠷ ᠠᠵᠢᠯ ᠣᠯᠤᠭᠰᠠᠳ᠂ ᠬᠤᠲᠠ ᠳᠤ ᠣᠷᠣᠵᠤ ᠬᠦᠴᠦᠨ ᠤ ᠠᠵᠢᠯ ᠬᠢᠭᠰᠡᠳ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠤᠨ ᠲᠥᠷᠥᠯ ᠵᠦᠢᠯ ᠤᠨ ᠬᠥᠮᠦᠰ ᠤᠨ ᠳᠠᠭᠠᠳᠬᠠᠯ ᠳᠤ ᠣᠷᠣᠯᠴᠠᠬᠤ ᠶᠢ ᠠᠬᠢᠭᠤᠯᠵᠤ᠂ ᠣᠷᠣᠰᠢᠨ ᠰᠠᠭᠤᠬᠤ ᠦᠨᠡᠮᠯᠡᠯ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠬᠦᠯᠵᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠵᠡᠮᠳᠡᠭᠴᠦᠳ ᠵᠡᠷᠭᠡ ᠡᠮᠵᠡᠭ ᠪᠦᠯᠦᠭᠲᠡᠨ ᠤᠨ ᠦᠨᠳᠦᠰᠦᠨ ᠠᠮᠢᠳᠤᠷᠠᠯ ᠪᠠ ᠡᠯ᠎ᠡ ᠵᠦᠢᠯ ᠤᠨ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠳ ᠲᠤ ᠲᠦᠬᠦᠮ ᠦᠵᠡᠭᠦᠯᠵᠦ ᠨᠠᠰᠤᠲᠠᠶᠢᠴᠤᠳ ᠲᠤ ᠦᠢᠯᠡᠴᠢᠯᠡᠬᠦ 12349 ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠨᠠᠰᠤᠲᠠᠶᠢᠴᠤᠳ ᠤᠨ ᠥᠪᠡᠷᠮᠢᠴᠡ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠬᠦ ᠶᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ  ᠪᠠᠲᠤᠯᠠᠨ᠎ᠠ᠃ᠨᠡᠶᠢᠭᠡᠮ ᠤᠨ ᠦᠢᠯᠡᠰ ᠢ ᠴᠡᠴᠡᠭᠯᠡᠭᠦᠯᠦᠨ ᠬᠦᠭᠵᠢᠭᠦᠯᠦᠨ᠎ᠡ᠃ ᠤᠶᠢᠷ᠎ᠠ ᠲᠡᠷᠭᠡᠳᠡᠬᠢ ᠬᠠᠮᠤᠭ ᠤᠨ ᠰᠢᠯᠢᠳᠡᠭ ᠰᠤᠷᠭᠠᠨ ᠬᠥᠮᠦᠵᠢᠯ ᠢ ᠪᠣᠶ ᠪᠣᠯᠭᠠᠬᠤ ᠶᠢᠨ ᠲᠣᠭᠤᠷᠢᠨ ᠳᠤ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢ ᠰᠢᠯᠢᠳᠡᠭ ᠢ ᠰᠤᠩᠭᠤᠨ ᠣᠬᠢ ᠶᠢ ᠨᠢ ᠳᠣᠭᠢᠷᠠᠭᠤᠯᠵᠤ᠂ ︽ᠰᠤᠷᠭᠠᠭᠤᠯᠢ ᠶᠢᠨ ᠤᠷᠢᠨ ᠡᠯᠰᠡᠬᠦ ᠶᠢ ᠬᠤᠳᠠ ᠠᠴᠠ ᠬᠠᠮᠢᠶᠠᠷᠬᠤ︾ ᠶᠢ ᠬᠡᠷᠡᠭᠵᠢᠭᠦᠯᠵᠦ᠂  ᠪᠠᠴᠢᠮ ᠱᠠᠭᠠᠷᠳᠠᠭᠳᠠᠵᠦ ᠪᠠᠶᠢᠭ᠎ᠠ ᠪᠠᠭᠰᠢ ᠶᠢ ᠣᠷᠣᠭᠤᠯᠤᠨ ᠠᠪᠴᠢᠷᠠᠵᠤ᠂ ︽ᠬᠤᠶᠠᠷ ᠢ ᠬᠦᠩᠭᠡᠷᠡᠭᠦᠯᠬᠦ︾ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ︽ᠰᠤᠷᠤᠭᠴᠢ ᠶᠢᠨ ᠢᠷᠡᠯᠳᠡ︾᠂ ︽ᠪᠠᠭᠰᠢ ᠶᠢᠨ ᠢᠷᠡᠯᠳᠡ︾ ᠶᠢᠨ ᠲᠠᠰᠤᠯᠳᠠᠬᠤ ᠶᠢ ᠰᠡᠷᠭᠡᠶᠢᠯᠡᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠡᠷᠢᠶᠡᠨ ᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠭᠤᠶᠤᠴᠢᠯᠠᠨ ᠪᠠᠶᠢᠭᠤᠯᠬᠤ ᠶᠢ ᠲᠦᠷᠭᠡᠳᠬᠡᠵᠦ᠂ ᠣᠯᠠᠨ ᠤᠯᠤᠰ ᠤᠨ ᠳᠡᠭᠡᠳᠦ ᠰᠤᠷᠭᠠᠭᠤᠯᠢ ᠶᠢᠨ ᠲᠤᠷᠰᠢᠯᠲᠠ ᠶᠢᠨ ᠳᠠᠳᠤᠯᠭ᠎ᠠ ᠪᠣᠯᠪᠠᠰᠤᠷᠠᠯ ᠤᠨ ᠠᠰᠠᠷ᠂ ᠡᠷᠢᠶᠡᠨ ᠬᠡᠤᠬᠡᠳ ᠤᠨ ᠴᠡᠴᠡᠷᠯᠢᠭ ᠢ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠡᠭᠦᠷᠭᠡ ᠶᠢ ᠪᠡᠶᠡᠯᠡᠭᠦᠯᠵᠦ᠂ ᠬᠤᠲᠠ ᠶᠢᠨ ᠡᠮᠨᠡᠯᠭᠡ ᠶᠢᠨ ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠡᠮᠴᠢᠯᠡᠭᠡᠨ ᠤ ᠲᠥᠬᠦᠭᠡᠷᠦᠮᠵᠢ ᠶᠢ ᠲᠠᠰ ᠲᠡᠪᠰᠢᠭᠦᠯᠵᠦ ᠦᠭᠡᠷᠡᠴᠢᠯᠡᠨ ᠰᠢᠨᠡᠳᠬᠡᠬᠦ ᠢᠨᠵᠧᠨᠧᠷᠢᠩ ᠢ ᠳᠠᠭᠤᠰᠬᠠᠵᠣ᠂ ᠪᠠᠴᠢᠮ ᠱᠠᠭᠠᠷᠳᠠᠭᠳᠠᠵᠦ ᠪᠠᠶᠢᠭ᠎ᠠ ᠡᠮᠴᠢᠯᠡᠭᠡᠨ ᠤ ᠴᠢᠳᠠᠪᠤᠷᠢᠲᠠᠨ ᠢ ᠤᠷᠢᠨ ᠣᠷᠣᠭᠤᠯᠬᠤ ᠶᠢ ᠲᠦᠷᠭᠡᠳᠭᠡᠨ᠎ᠡ᠃       ︵ᠳᠣᠯᠤᠭ᠎ᠠ︶ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠥᠬᠦ ᠲᠠᠯ᠎ᠠ ᠪᠠᠷ ᠪᠠᠬᠢᠵᠢᠭᠦᠯᠦᠨ᠎ᠡ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠳᠣᠳᠬᠠᠨ ᠪᠠᠬᠢᠵᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢᠨ ᠲᠤᠭᠤᠷᠢᠨ ᠳᠤ᠂ ᠦᠨᠳᠦᠰᠦᠲᠡᠨ ᠤ ᠠᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠪᠦᠷᠢᠨ ᠪᠦᠷᠬᠦᠭᠦᠯᠵᠤ᠂ ᠪᠠᠶᠢᠩᠭᠤᠵᠢᠭᠤᠯᠤᠨ ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠭᠤᠶᠢᠪᠢᠰᠢ ᠦᠭᠡᠢ ᠬᠡᠷᠡᠭᠵᠢᠭᠦᠯᠵᠦ᠂ ᠡᠩ ᠤᠨ ᠰᠤᠷᠭᠠᠭᠤᠯᠢ ᠶᠢᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢ ᠨᠢᠭᠡ ᠨᠢᠭᠡ ᠶᠢᠨ ᠬᠠᠷᠠᠭᠠᠯᠵᠠᠯ ᠲᠠᠢ ᠬᠠᠪᠰᠤᠷᠴᠤ ᠲᠡᠳᠬᠦᠬᠦ ᠠᠵᠢᠯ ᠢ ᠰᠠᠶᠢᠲᠤᠷ ᠬᠢᠵᠦ᠂ ︽ᠭᠤᠷᠪᠠ ᠠᠴᠠ ᠰᠠᠯᠵᠤ ᠴᠢᠳᠠᠬᠤ ᠦᠭᠡᠢ︾ ︽ᠲᠠᠪᠤ ᠶᠢ ᠮᠡᠳᠡᠷᠡᠨ ᠵᠥᠪᠰᠢᠶᠡᠷᠡᠬᠦ︾ ᠦᠵᠡᠯ ᠰᠠᠨᠠᠭ᠎ᠠ ᠪᠠ ︽ᠲᠦᠷᠪᠡ ᠶᠢ ᠬᠠᠮᠲᠤᠳᠬᠠᠬᠤ︾ ᠤᠢᠢᠯᠠᠭᠠᠭᠳᠠᠬᠤᠨ ᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠦᠨ᠎ᠡ᠃ ᠬᠤᠲᠠ ᠶᠢᠨ ᠦᠨᠳᠦᠰᠦᠲᠡᠨ ᠤ ᠠᠵᠢᠯ ᠢ ᠬᠦᠴᠦᠲᠡᠶ ᠠᠳᠬᠤᠵᠤ᠂ ᠬᠠᠷᠢᠯᠴᠠᠨ ᠨᠡᠪᠴᠢᠯᠳᠦᠬᠦ ᠬᠡᠯᠪᠡᠷᠢ ᠶᠢᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠥᠬᠦ ᠣᠷᠣᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠡᠭᠦᠳᠦᠨ᠎ᠡ᠃ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ ᠨᠡᠶᠢᠭᠡᠮ ᠤᠨ ᠵᠠᠰᠠᠯᠲᠠ ᠶᠢ ᠰᠢᠨᠡᠴᠢᠯᠡᠨ ᠲᠡᠭᠦᠯᠳᠡᠷᠵᠢᠭᠦᠯᠦᠨ᠎ᠡ᠃ ᠨᠡᠶᠢᠭᠡᠮ ᠲᠣᠭᠤᠷᠢᠭ ᠤᠨ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯ ᠤᠨ ᠨᠠᠷᠢᠯᠢᠭᠵᠢᠭᠤᠯᠣᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠥᠷᠢᠴᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠠᠷᠢᠯᠭᠠᠬᠤ ᠶᠢ ᠴᠢᠩᠭᠠᠳᠬᠠᠵᠤ᠂ ᠤᠳᠤᠷᠢᠳᠤᠯᠭ᠎ᠠ ᠠᠴᠠ ᠬᠡᠷᠡᠭ ᠢ ᠳᠠᠭᠠᠭᠠᠴᠢᠯᠠᠨ ᠬᠠᠷᠢᠭᠤᠴᠠᠬᠤ ᠲᠦᠷᠢᠮ ᠪᠠ ᠰᠠᠯᠠᠭ᠎ᠠ ᠮᠦᠴᠢᠷ  ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢᠨ ︽ᠭᠤᠷᠪᠠᠨ ᠨᠣᠷᠮ᠎ᠠ︾ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ︽ᠳᠥᠷᠪᠡᠨ ᠬᠠᠮᠤᠭ ᠤᠨ ᠴᠢᠩᠭ᠎ᠠ︾  ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠤ ᠵᠦᠢᠯ ᠪᠠ ᠡᠮ ᠤᠨ ᠵᠦᠢᠯ ᠤᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠲᠡᠰᠤᠷᠡᠯᠳᠡ ᠦᠭᠡᠢ ᠲᠡᠭᠡᠭᠰᠢᠯᠡᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠷᠣᠨ ᠨᠤᠲᠤᠭ ᠤᠨ ᠬᠠᠤᠯᠢ ᠶᠢᠨ ᠡᠷᠭᠡᠳᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠠᠷᠢᠯᠭᠠᠬᠤ ᠠᠵᠢᠯ   ᠢ ᠰᠠᠶᠢᠲᠦᠷ ᠬᠢᠨ᠎ᠡ᠃ ᠨᠡᠶᠢᠭᠡᠮ ᠤᠨ ᠲᠠᠯ᠎ᠠ ᠶᠢᠨ ᠤᠶᠤᠨᠲᠦ ᠠᠮᠤᠷ ᠲᠦᠪᠰᠢᠨ ᠤ ᠰᠡᠷᠭᠡᠶᠢᠯᠡᠯᠲᠡ ᠪᠠ ︽ᠣᠶᠣᠨᠴᠢ ᠳᠣᠲᠣᠭᠠᠳᠤ ᠶᠢ ᠬᠠᠮᠠᠭᠠᠯᠠᠬᠤ︾ ᠪᠠᠶᠢᠭᠤᠯᠤᠯᠲᠠ ᠶᠢ ᠴᠢᠩᠭᠠᠳᠬᠠᠵᠤ᠂ ᠳᠠᠶᠢᠰᠤᠩᠨᠠᠭᠴᠢ ᠬᠦᠴᠦᠨ ᠤ ᠨᠡᠪᠴᠢᠯᠲᠡ ᠡᠪᠳᠡᠯᠡᠭᠡ ᠨᠤᠷᠠᠭᠠᠯᠲᠠ ᠪᠠ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠴᠣᠬᠢᠯᠲᠠ ᠥᠭᠴᠦ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠠᠵᠢᠯ ᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠵᠦ ᠪᠠᠲᠤᠯᠠᠬᠤ ᠠᠵᠢᠯ ᠢ ᠰᠠᠶᠢᠲᠤᠷ ᠬᠢᠨ᠎ᠠ᠃ ︵ᠨᠠᠢᠮᠠ︶ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠨ᠎ᠠᠤᠯᠤᠰ ᠲᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠬᠤᠶᠠᠷ ᠢ ᠪᠠᠲᠤᠯᠠᠭᠠᠵᠢᠭᠤᠯᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠦᠷᠢ ᠶᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ︽ᠲᠡᠷᠢᠭᠦᠨ ᠵᠥᠪᠯᠡᠬᠦ ᠰᠡᠳᠦᠪ︾ ᠤᠨ ᠲᠦᠷᠢᠮ ᠢ ᠡᠷᠡᠰ ᠬᠡᠷᠡᠭᠵᠢᠭᠦᠯᠵᠦ᠂ ︽ᠲᠡᠷᠢᠭᠦᠨ ᠴᠢᠬᠤᠯᠠ ᠵᠦᠢᠯ︾ ᠢ ᠭᠦᠢᠴᠡᠳᠭᠡᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠤᠯ ᠠᠶᠢᠮᠠᠭ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠮ ᠤᠨ ᠲᠥᠪ ᠬᠤᠷᠢᠶ᠎ᠠ ᠶᠢᠨ ᠵᠠᠷᠯᠢᠭ ᠵᠠᠬᠢᠶ᠎ᠠ᠂ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠵᠠᠰᠠᠭ ᠤᠨ ᠣᠷᠳᠣᠨ ᠠᠴᠠ ᠲᠦᠷᠭᠡᠪᠴᠢᠯᠡᠨ ᠭᠦᠢᠴᠡᠳᠬᠡᠵᠦ ᠦᠷ᠎ᠡ ᠪᠦᠲᠦᠮᠵᠢ ᠲᠠᠢ ᠨᠠᠶᠢᠳᠠᠪᠤᠷᠢᠵᠢᠭᠤᠯᠬᠤ ᠶᠢ ᠢᠮᠠᠭᠲᠠ ᠪᠡᠶᠡᠯᠡᠭᠦᠯᠦᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠬᠠᠤᠯᠢ ᠪᠠᠷ ᠲᠣᠭᠲᠠᠭᠠᠭᠰᠠᠨ ᠵᠢᠷᠤᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠠᠤᠯᠢ ᠶᠢ ᠲᠥᠪᠯᠡᠷᠡᠭᠦᠯᠦᠨ ᠰᠤᠷᠤᠯᠴᠠᠬᠤ ᠲᠦᠷᠢᠮ ᠢ ᠪᠠᠷᠢᠮᠲᠠᠯᠠᠵᠤ᠂ ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ ᠵᠠᠰᠠᠬᠤ ᠬᠡᠪ ᠪᠣᠯᠪᠠᠰᠤᠷᠠᠯ᠂ ᠬᠠᠤᠯᠢ ᠪᠠᠷ ᠵᠠᠰᠠᠬᠤ ᠴᠢᠳᠠᠪᠤᠷᠢ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠵᠠᠷᠭᠤ ᠬᠦᠯᠢᠶᠡᠬᠦ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠲᠦᠷᠢᠮ︾ ᠢ ᠨᠠᠶᠢᠳᠠᠪᠤᠷᠢᠵᠢᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠡᠬᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ ᠪᠦᠯᠬᠦᠮ ᠤᠨ ᠬᠠᠷᠢᠯᠴᠠᠭ᠎ᠠ ᠨᠡᠪᠲᠡᠷᠡᠯᠴᠡᠭᠡ ᠪᠠᠨ ᠨᠢᠭᠲᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠠᠶᠢᠲᠤᠷ ᠰᠢᠢᠳᠪᠦᠷᠢᠯᠡᠨ᠎ᠡ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠤ ᠰᠢᠰᠲ᠋ᠧᠮ ᠤᠨ ᠦᠢᠯᠡᠳᠦᠯ ᠴᠢᠳᠠᠪᠤᠷᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠳᠥᠷᠪᠡᠨ ᠥᠬᠡᠶ ᠬᠤᠶᠠᠷ  ᠰᠢᠭᠤᠳ︾᠂ ᠨᠢᠭᠡᠳᠦᠭᠡᠷ ᠹᠷᠣᠨᠲ ᠲᠤ ᠰᠢᠮᠳᠠᠭᠤᠯᠤᠨ ᠰᠢᠢᠳᠪᠦᠷᠢᠯᠡᠭᠦᠯᠬᠦ᠂ ᠲᠤᠬᠠᠶ ᠶᠢᠨ ᠲᠠᠯᠠᠪᠤᠷ ᠲᠤ ᠠᠵᠢᠯᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠬᠤ᠂ ᠰᠢᠮᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ ᠤ ᠠᠵᠢᠯ ᠢ ᠳᠠᠷᠦ᠋ᠢᠬᠠᠨ ᠭᠦᠢᠴᠡᠳᠭᠡᠬᠦ᠂ ᠥᠨᠳᠥᠷ ᠪᠦᠲᠦᠮᠵᠢᠲᠡᠶ ᠪᠠᠷ ᠭᠦᠢᠴᠡᠳᠭᠡᠬᠦ ᠶᠢ ᠠᠬᠢᠭᠤᠯᠤᠨ᠎ᠠ᠃ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠵᠥᠷᠢᠴᠡᠯ ᠳᠤ ᠰᠢᠭᠤᠳ ᠬᠠᠨᠳᠤᠬᠤ᠂ ᠠᠶᠤᠯ ᠲᠦᠭᠰᠢᠭᠦᠷᠢ ᠶᠢ ᠠᠷᠭᠠᠴᠠᠬᠤ᠂ ᠬᠦᠴᠢᠷ ᠠᠰᠠᠭᠤᠳᠠᠯ ᠢ ᠴᠢᠳᠠᠮᠠᠭᠠᠢ ᠪᠠᠷ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠯᠲᠠᠭ ᠡᠷᠢᠵᠦ ᠬᠠᠷᠢᠭᠤᠴᠠᠯᠭ᠎ᠠ ᠪᠠᠨ ᠲᠦᠯᠬᠢᠬᠦ ᠴᠠᠭ ᠪᠠᠷ ᠢᠶᠠᠨ ᠠᠷᠭ᠎ᠠ ᠰᠦᠪᠡᠭᠴᠢᠯᠡᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠡ ᠶᠢ ᠲᠣᠭᠲᠠᠭᠠᠪᠠᠯ ᠨᠢᠭᠡ ᠶᠢ ᠠᠳᠬᠤᠨ᠂ ᠵᠤᠷᠪᠤᠰ ᠵᠤᠷᠪᠤᠰ ᠢᠶᠠᠷ ᠪᠡᠶᠡᠯᠡᠭᠦᠯᠵᠦ᠂ ᠨᠢᠭᠡ ᠶᠢ ᠬᠢᠪᠡᠯ ᠨᠢᠭᠡ ᠶᠢ ᠪᠡᠶᠡᠯᠡᠭᠦᠯᠦᠨ᠂ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠦᠨᠡᠨ ᠪᠣᠳᠠᠲᠠᠢ ᠠᠮᠵᠢᠯᠲᠠ ᠪᠦᠲᠦᠮᠵᠢ ᠪᠠᠷ ᠰᠢᠨ᠎ᠡ ᠴᠠᠭ ᠦᠶ᠎ᠡ ᠶᠢᠨ ᠬᠠᠷᠢᠭᠤᠴᠠᠯᠭ᠎ᠠ  ᠡᠭᠦᠷᠭᠡᠯᠡᠯ ᠢᠶᠠᠨ ᠬᠠᠷᠠᠭᠤᠯᠬᠤ ᠬᠡᠷᠡᠭᠲᠡᠢ᠃ ᠪᠤᠲᠠᠲᠠᠢ ᠶᠢ ᠡᠷᠬᠢᠮᠯᠡᠭᠰᠡᠨ ᠠᠷᠢᠭᠤᠨ ᠴᠢᠬᠡᠴᠢ ᠮᠥᠨ ᠴᠢᠨᠠᠷ ᠢᠶᠠᠨ ᠪᠠᠷᠢᠮᠲᠠᠯᠠᠨ᠎ᠠ᠃ ᠰᠠᠬᠢᠯᠭ᠎ᠠ ᠪᠠᠲᠤ ᠪᠠ ᠶᠣᠰᠣ ᠲᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠶᠢᠨ ᠬᠤᠶᠠᠷ ᠬᠠᠷᠢᠭᠤᠴᠠᠯᠭ᠎ᠠ︾ ᠶᠢ ᠴᠢᠩᠭ᠎ᠠ ᠭᠦᠢᠴᠡᠳᠬᠡᠵᠦ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ︽ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠨ᠎ᠠ᠃ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ᠂ ᠴᠢᠬᠤᠯᠠ ᠠᠵᠢᠯ ᠤᠨ ᠪᠠᠶᠢᠷᠢ ᠶᠢᠨ ᠡᠷᠬᠡ ᠶᠢᠨ ᠠᠵᠢᠯᠯᠠᠭᠠᠨ ᠳᠤ ᠲᠠᠯᠪᠢᠬᠤ ᠬᠢᠨᠠᠯᠲᠠ ᠬᠢᠵᠠᠭᠠᠷᠯᠠᠯ ᠢ ᠴᠢᠩᠭᠠᠳᠬᠠᠵᠤ᠂ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠬᠢᠨᠠᠨ ᠪᠤᠳᠤᠯᠳᠠ ᠶᠢᠨ ᠬᠢᠨᠠᠯᠲᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠲᠥᠰᠦᠪ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠰᠠᠶᠢᠲᠤᠷ ᠬᠢᠵᠦ᠂ ︽ᠭᠤᠷᠪᠠᠨ ᠠᠯᠪᠠᠨ ᠤ ᠵᠠᠷᠤᠳᠠᠯ︾ ᠪᠠ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ︽ᠠᠷᠪᠢᠴᠢ ᠭᠠᠮᠲᠠᠶ ᠠᠮᠢᠳᠤᠷᠠᠯ︾ ᠢᠶᠠᠷ ᠤᠯᠠᠨ ᠲᠦᠮᠡᠨ ᠤ ︽ᠰᠠᠶᠢᠨ ᠰᠠᠶᠢᠬᠠᠨ ᠠᠮᠢᠳᠤᠷᠠᠯ︾ ᠢ ᠰᠣᠯᠢᠵᠤ ᠠᠪᠴᠢᠷᠠᠨ᠎ᠠ᠃ ᠲᠥᠯᠥᠭᠡᠯᠡᠭᠴᠢᠳ ᠡ᠂ ᠨᠣᠭᠤᠷᠠᠯ ᠪᠦᠲᠦᠷᠢᠯ ᠢ ᠢᠯᠠᠨ ᠳᠠᠪᠠᠵᠣ᠂ ᠬᠦᠴᠢᠷ ᠪᠡᠷᠬᠡ ᠶᠢ ᠳᠣᠭᠤᠯᠣᠨ ᠳᠠᠬᠢᠨ ᠣᠷᠣᠭᠰᠢᠯᠠᠶ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠭᠤᠣ ᠶᠡᠭᠡ ᠬᠢᠵᠢᠭ ᠲᠠᠢ ᠳᠡᠮᠡᠴᠡᠬᠦ ᠵᠣᠷᠢᠭ ᠰᠠᠨᠠᠭ᠎ᠠ ᠶᠢ ᠣᠯᠠᠮᠵᠢᠯᠠᠨ ᠪᠠᠳᠠᠷᠠᠭᠤᠯᠵᠣ᠂ ᠨᠦᠰᠡᠷ ᠳᠠᠷᠤᠭᠠᠰᠤ ᠬᠦᠨᠳᠦ ᠡᠭᠦᠷᠭᠡ ᠶᠢ ᠵᠤᠷᠢᠭᠲᠠᠢ ᠡᠭᠦᠷᠭᠡᠯᠡᠨ ᠴᠢᠷᠮᠠᠶᠢᠨ ᠤᠷᠤᠭᠰᠢᠯᠠᠵᠤ᠂ ᠯᠠᠪᠳᠠᠭᠤᠨ ᠪᠠᠲᠤᠲᠠᠢ ᠴᠢᠷᠮᠠᠶᠢᠨ ᠠᠵᠢᠯᠯᠠᠵᠤ᠂ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠳᠦᠭᠡᠨ ᠪᠠᠶᠢᠭᠤᠯᠬᠤ ᠪᠣᠭᠤᠮᠲᠠ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠶ᠎ᠠ︕ ᠨᠡᠷ᠎ᠡ ᠦᠭᠡ ᠶᠢᠨ ᠲᠠᠶᠢᠯᠪᠤᠷᠢ1. ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠄ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠮᠥᠩᠭᠦᠨ ᠭᠦᠢᠯᠬᠡᠬᠡ ᠶᠢ ᠲᠣᠭᠲᠠᠭᠤᠨ ᠪᠠᠶᠢᠯᠭᠠᠬᠤ᠂ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ᠂ ᠭᠠᠳᠠᠭᠠᠳᠤ ᠪᠠᠯᠠ ᠶᠢ ᠲᠣᠭᠲᠠᠭᠤᠨ ᠪᠠᠶᠢᠯᠭᠠᠬᠤ᠂ ᠪᠠᠯᠠ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ  ᠂ ᠵᠢᠱᠢᠯᠲᠡ ᠶᠢ ᠲᠣᠭᠲᠠᠭᠤᠨ ᠪᠠᠶᠢᠯᠭᠠᠬᠤ᠃ 2. ︽ᠵᠢᠷᠭᠤᠭ᠎ᠠ ᠶᠢ ᠪᠠᠲᠤᠯᠠᠬᠤ︾᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠬᠤ᠂ ᠦᠨᠳᠦᠰᠦᠨ ᠱᠠᠲᠤᠨ ᠤ ᠡᠷᠭᠢᠯᠲᠡ ᠶᠢ ᠪᠠᠲᠤᠯᠠᠬᠤ᠃3. ︽ᠭᠤᠷᠪᠠᠨ ᠶᠡᠭᠡ ᠪᠣᠭᠤᠮᠲᠠ ᠰᠢᠪᠳᠣᠯᠣᠯᠳᠠ︾᠄ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠳᠣᠯᠣᠯᠳᠠ᠂ ᠨᠠᠷᠢᠯᠢᠭ ᠣᠨᠤᠪᠴᠢᠲᠠᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠣᠯᠳᠠ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠳᠣᠯᠣᠯᠳᠠ᠃4. ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠳᠣᠯᠠᠬᠤ︾᠄ ᠢᠳᠡᠬᠦ ᠳᠤ ᠵᠣᠪᠠᠭ᠋ᠤ ᠦᠭᠡᠢ᠂ ᠡᠮᠦᠰᠬᠦ ᠳᠤ ᠵᠣᠪᠠᠭ᠋ᠤ ᠥᠬᠡᠶ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ ᠣᠷᠣᠨ ᠰᠠᠭᠤᠴᠠ ᠶᠢᠨ ᠠᠮᠤᠷ ᠲᠦᠪᠰᠢᠨ ᠢ ᠪᠠᠳᠣᠯᠠᠬᠤ᠃5. ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠲᠠᠢ︾ ᠠᠵᠤ ᠠᠬᠤᠶᠢᠯᠠᠯ᠄ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠥᠬᠡᠶ᠂ ᠲᠤᠬᠠᠶ ᠶᠢᠨ ᠭᠠᠵᠠᠷ ᠤᠨ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ ᠳᠤ ᠨᠡᠶᠢᠴᠡᠬᠦ ᠥᠬᠡᠶ᠂ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠭᠡᠭᠰᠡᠨ ᠥᠬᠡᠶ ᠂  ᠭᠠᠳᠠᠭᠰᠢᠯᠠᠭᠤᠯᠬᠤ ᠪᠠᠷᠢᠮᠵᠢᠶ᠎ᠠ ᠳᠤ ᠲᠣᠭᠲᠠᠭᠤᠨ ᠢᠶᠠᠷ ᠬᠦᠷᠴᠦ ᠳᠡᠶᠢᠯᠬᠦ ᠦᠭᠡᠢ ᠪᠤᠶᠤ ᠵᠠᠰᠠᠬᠤ ᠪᠣᠯᠤᠮᠵᠢ ᠥᠬᠡᠶ ᠠᠵᠤ ᠠᠬᠤᠶᠢᠯᠠᠯ᠃ 6. ︽ᠵᠢᠷᠭᠤᠭᠠᠨ ᠶᠡᠭᠡ ᠪᠣᠭᠤᠮᠲᠠ ᠰᠢᠪᠳᠣᠯᠣᠯᠳᠠ︾᠄ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠣᠭᠤᠮᠲᠠ ᠰᠢᠪᠳᠣᠯᠣᠯᠳᠠ᠂ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ ᠤᠨ ᠪᠣᠭᠤᠮᠲᠠ ᠰᠢᠪᠳᠣᠯᠣᠯᠳᠠ᠂ ᠵᠠᠮ ᠡᠵᠡᠯᠡᠨ ᠡᠵᠡᠩᠨᠡᠬᠦ ᠪᠣᠭᠤᠮᠲᠠ ᠰᠢᠪᠳᠣᠯᠣᠯᠳᠠ᠂ ᠪᠠᠷᠢᠯᠭ᠎ᠠ ᠶᠢᠨ ᠭᠠᠵᠠᠷ ᠤᠨ ᠪᠣᠭᠤᠮᠲᠠ ᠰᠢᠪᠳᠣᠯᠣᠯᠳᠠ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠪᠣᠭᠤᠮᠲᠠ ᠰᠢᠪᠳᠣᠯᠣᠯᠳᠠ᠂ ᠬᠠᠶᠠᠭᠳᠠᠮᠠᠯ ᠡᠳ᠋ ᠢ ᠬᠤᠳᠠᠯᠳᠤᠨ ᠠᠪᠬᠤ ᠪᠣᠭᠤᠮᠲᠠ ᠰᠢᠪᠳᠣᠯᠣᠯᠳᠠ᠃ 7. ︽ᠨᠠᠢᠮᠠᠨ ᠲᠦᠷᠦᠯ ᠤᠨ ᠴᠡᠭᠴᠡᠯᠡᠯᠲᠡ︾᠄ ᠲᠡᠨᠦᠭᠦᠯ ᠨᠣᠬᠠᠶ ᠶᠢ ᠴᠡᠭᠴᠡᠯᠡᠨ ᠵᠠᠰᠠᠬᠤ᠂ ᠨᠡᠭᠦᠳᠡᠯ ᠬᠤᠳᠠᠯᠳᠤᠭᠠᠴᠢᠨ ᠢ ᠴᠡᠭᠴᠡᠯᠡᠨ ᠵᠠᠰᠠᠬᠤ᠂ ᠲᠣᠮᠣ ᠬᠡᠯᠪᠡᠷᠢ ᠶᠢᠨ ᠲᠡᠷᠭᠡ  ᠶᠢ ᠴᠡᠭᠴᠡᠯᠡᠨ ᠵᠠᠰᠠᠬᠤ᠂ ᠲᠦᠷᠢᠮ ᠠᠴᠠ ᠵᠥᠷᠢᠴᠡᠭᠰᠡᠨ ᠪᠠᠷᠢᠯᠭ᠎ᠠ ᠶᠢ ᠴᠡᠭᠴᠡᠯᠡᠨ ᠵᠠᠰᠠᠬᠤ᠂ ︽ᠠᠭᠠᠯᠵᠢᠨ ᠲᠤᠤᠷ︾ ᠢ ᠴᠡᠭᠴᠡᠯᠡᠨ ᠵᠠᠰᠠᠬᠤ᠂ ᠬᠤᠲᠠ ᠬᠥᠳᠡᠭᠡ ᠶᠢᠨ ᠠᠭᠤᠯᠵᠠᠷ ᠬᠡᠰᠡᠭ ᠢ ᠴᠡᠭᠴᠡᠯᠡᠨ ᠵᠠᠰᠠᠬᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ᠂ ︽ᠵᠢᠷᠭᠤᠭᠠᠨ ᠵᠢᠵᠢᠭ︾ ᠠᠵᠢᠯ ᠲᠥᠷᠥᠯ ᠢ ᠴᠡᠭᠴᠡᠯᠡᠨ ᠵᠠᠰᠠᠬᠤ ︵ᠦᠰᠦ ᠵᠠᠰᠠᠬᠤ ᠵᠢᠵᠢᠭ ᠳᠡᠯᠭᠡᠭᠦᠷ᠂ ᠵᠢᠵᠢᠭ ᠤᠬᠢᠶᠠᠯᠭ᠎ᠠ ᠶᠢᠨ ᠭᠠᠵᠠᠷ᠂ ᠵᠢᠵᠢᠭ ᠢᠳᠡᠭᠡᠨ ᠤᠮᠳᠠᠭᠠᠨ᠂ ᠵᠢᠵᠢᠭ ᠢᠳᠡᠭᠡᠨ ᠪᠣᠯᠪᠠᠰᠤᠷᠠᠭᠤᠯᠬᠤ᠂ ᠵᠢᠵᠢᠭ ᠪᠠᠭᠤᠳᠠᠯ᠂ ᠵᠢᠵᠢᠭ ᠳᠠᠭᠤᠤ ᠪᠥᠵᠢᠭ ᠤᠨ ᠲᠢᠩᠬᠢᠮ︶᠃8. ︽ᠲᠠᠪᠤᠨ ᠵᠦᠢᠯ ᠤᠨ ᠬᠠᠮᠢᠶᠠᠷᠤᠯᠲᠠ︾᠄ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠰᠬᠠᠯ᠂ ᠤᠨᠲᠠᠯᠭ᠎ᠠ᠂ ᠭᠠᠷ ᠤᠲᠠᠰᠤ᠂ ᠤᠩᠰᠢᠬᠤ ᠪᠢᠴᠢᠭ᠂ ᠪᠡᠶ᠎ᠡ ᠮᠠᠬᠠᠪᠣᠳ ᠤᠨ ᠬᠠᠮᠢᠶᠠᠷᠤᠯᠲᠠ ᠶᠢ ᠴᠢᠩᠭᠠᠳᠬᠠᠨ᠎ᠠ᠃ 9. ︽ᠬᠤᠶᠠᠷ ᠢ ᠬᠦᠩᠭᠡᠷᠡᠭᠦᠯᠬᠦ︾᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠬᠥᠩᠭᠡᠷᠡᠭᠦᠯᠦᠨ᠎ᠡ᠃10. ︽ᠳᠥᠷᠪᠡᠨ 100 %︾ ᠶᠢᠨ ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠶᠢᠯᠡᠯᠲᠡ᠄ ᠰᠤᠷᠭᠠᠭᠤᠯᠢ ᠶᠢᠨ ᠬᠦᠷᠢᠶᠡᠨ ᠤ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ᠂ ᠲᠤᠰᠬᠠᠶ ᠲᠤᠰᠢᠶᠠᠯᠲᠤ ᠠᠮᠤᠷ ᠢ ᠬᠠᠮᠠᠭᠠᠯᠠᠭᠴᠢ ᠶᠢᠨ ᠲᠣᠬᠢᠷᠠᠭᠤᠯᠤᠯᠲᠠ ᠶᠢᠨ ᠨᠣᠷᠮ᠎ᠠ᠂ ᠨᠢᠭᠡ ᠳᠠᠷᠤᠪᠴᠢᠲᠤ ᠴᠠᠭᠳᠠᠭ᠎ᠠ ᠳᠤ ᠮᠡᠳᠡᠭᠦᠯᠬᠦ ᠵᠢᠴᠢ ᠬᠠᠷᠠᠭᠠᠨ ᠳᠠᠪᠲᠠᠮᠵᠢ ᠶᠢᠨ ᠸᠢᠳᠢᠣ᠋ ᠬᠢᠨᠠᠨ ᠡᠵᠡᠮᠳᠡᠬᠦ ᠰᠢᠰᠲ᠋ᠧᠮ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ᠂ ︽ᠰᠤᠷᠤᠭᠴᠢᠳ ᠢ ᠬᠦᠷᠭᠡᠬᠦ ᠪᠠ ᠲᠤᠰᠠᠬᠤ ᠠᠮᠦᠷ ᠲᠦᠪᠰᠢᠨ ᠢ ᠬᠠᠮᠠᠭᠠᠯᠠᠬᠤ ᠠᠵᠢᠯ ᠤᠨ ᠪᠠᠶᠢᠷᠢ︾ ᠶᠢᠨ ᠲᠣᠬᠢᠷᠠᠭᠤᠯᠤᠯᠲᠠ ᠶᠢᠨ ᠨᠣᠷᠮ᠎ᠠ ᠨᠢ ᠴᠥᠮ 100 %  ᠬᠦᠷᠬᠦ ᠬᠡᠷᠡᠭᠲᠡᠢ᠃ 11. ᠪᠦᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ︽ᠭᠤᠷᠪᠠ ᠦᠭᠡᠶ︾ ᠬᠤᠲᠠ᠄ ᠱᠠᠳᠣ ᠠᠯᠣᠰᠯᠠᠨ ᠪᠡᠭᠡᠵᠢᠩ ᠳᠤ ᠬᠦᠷᠦᠭᠰᠡᠨ ᠵᠠᠬᠢᠳᠠᠯ ᠰᠣᠷᠪᠣᠯᠵᠢᠯᠠᠭ᠎ᠠ ᠦᠭᠡᠶ᠂ ᠶᠡᠭᠡ ᠬᠡᠪᠴᠢᠶᠡᠨ ᠤ ᠲᠦᠪᠯᠡᠷᠡᠭᠰᠡᠨ ᠵᠠᠬᠢᠳᠠᠯ ᠰᠣᠷᠪᠣᠯᠵᠢᠯᠠᠭ᠎ᠠ ᠦᠭᠡᠶ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠠᠴᠠ ᠡᠭᠦᠰᠦᠭᠰᠡᠨ ᠲᠦᠢᠯ ᠤᠨ ᠨᠣᠴᠢᠳᠠᠢ ᠬᠡᠷᠡᠭ ᠪᠠ ᠶᠠᠷᠢᠶ᠎ᠠ ᠬᠡᠯᠡᠯᠴᠡᠭᠡᠨ ᠤ ᠨᠠᠵᠠᠭᠠᠶ ᠲᠠᠯ᠎ᠠ ᠶᠢᠨ ᠬᠥᠭᠡᠷᠭᠡᠳᠡᠯ ᠦᠭᠡᠢ᠃ 12. ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ᠄ ᠠᠵᠤ ᠠᠬᠤᠶ ᠶᠢᠨ ᠪᠥᠲᠥᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠨᠢᠭᠡ ᠴᠤᠭᠴᠠᠵᠢᠭᠤᠯᠬᠤ᠃ 13. ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ᠄ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠥᠬᠦ ᠲᠠᠯ᠎ᠠ ᠪᠠᠷ ᠬᠠᠤᠯᠢ  ᠪᠠᠷ ᠤᠯᠤᠰ ᠢᠶᠠᠨ ᠵᠠᠰᠠᠬᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ᠃ 14. ︽ᠲᠠᠪᠤᠨ ᠡᠷᠬᠡᠪᠰᠢ︾᠄ ᠬᠥᠭᠵᠢᠯᠲᠡ ᠶᠢᠨ ᠣᠷᠴᠢᠨ ᠲᠣᠭᠤᠷᠢᠨ᠂ ᠬᠥᠭᠵᠢᠯᠲᠡ ᠶᠢᠨ ᠨᠥᠬᠦᠴᠡᠯ ᠬᠡᠷᠬᠢᠨ ᠬᠤᠪᠢᠷᠠᠭᠰᠠᠨ ᠴᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠡᠭᠳᠡᠭᠦᠯᠵᠦ ᠪᠠᠶᠢᠭᠠᠳ ᠠᠵᠤ ᠠᠬᠤᠢ ᠶᠢᠨ ᠨᠡᠮᠡᠭᠳᠡᠯ ᠢ ᠰᠣᠯᠢᠵᠤ ᠠᠪᠴᠢᠷᠠᠬᠤ ᠣᠬᠤᠷ ᠬᠠᠷᠠᠭᠠᠨ ᠤ ᠠᠷᠭ᠎ᠠ ᠬᠢᠳᠡᠯ ᠢ ᠡᠷᠬᠡᠪᠰᠢ ᠲᠦᠢᠯᠪᠤᠷᠢᠲᠠᠢ ᠲᠠᠶᠠᠭᠳᠠᠵᠤ᠂ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠡᠬᠢ ᠪᠠᠶᠠᠯᠢᠭ ᠤᠨ ᠬᠤᠷᠣᠭᠳᠠᠯ ᠢᠶᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠣᠬᠢᠰ ᠦᠭᠡᠢ ᠠᠷᠭ᠎ᠠ ᠬᠢᠳᠡᠯ ᠢ ᠡᠷᠬᠡᠪᠰᠢ ᠲᠠᠶᠠᠭᠳᠠᠵᠤ᠂ ᠡᠨᠧᠷᠭᠢ ᠶᠢᠨ ᠬᠤᠷᠣᠭᠳᠠᠯ ᠶᠡᠭᠡ᠂ ᠭᠠᠳᠠᠭᠰᠢᠯᠠᠭᠤᠯᠤᠯᠲᠠ ᠶᠡᠭᠡ ᠲᠥᠷᠥᠯ ᠵᠦᠢᠯ ᠢ ᠡᠷᠬᠡᠪᠰᠢ ᠴᠢᠩᠭ᠎ᠠ ᠡᠵᠡᠮᠳᠡᠵᠦ᠂ ᠬᠤᠴᠣᠷᠤᠩᠭᠤᠢ ᠪᠠ ᠢᠯᠡᠭᠦᠳᠡᠯ ᠦᠢᠯᠡᠳᠪᠦᠷᠢᠯᠡᠯ ᠤᠨ ᠴᠢᠳᠠᠪᠤᠷᠢ ᠶᠢ ᠡᠷᠬᠡᠪᠰᠢ ᠡᠷᠡᠰ ᠰᠢᠭᠰᠢᠨ ᠲᠠᠶᠠᠭᠳᠠᠵᠤ᠂ ᠬᠡᠷᠡᠭᠯᠡᠵᠦ ᠪᠣᠯᠬᠤ ᠡᠳ᠋ ᠤᠨ ᠬᠦᠴᠦᠨ ᠢ ᠦᠯᠦ ᠬᠠᠶᠢᠬᠤᠷᠤᠨ ᠬᠡᠲᠦᠷᠬᠡᠢ ᠥᠷᠢ ᠲᠠᠯᠪᠢᠵᠤ ᠪᠦᠲᠦᠭᠡᠨ ᠪᠠᠶᠢᠭᠤᠯᠤᠯᠲᠠ ᠬᠢᠬᠦ᠂ ᠠᠵᠤ ᠦᠢᠯᠡᠰ ᠤᠨ ᠰᠠᠭᠤᠷᠢ ᠶᠢ ᠦᠯᠦ ᠬᠠᠶᠢᠬᠤᠷᠤᠨ ᠰᠣᠬᠤᠷ ᠪᠠᠯᠠᠢ ᠪᠠᠷ ᠪᠡᠯᠡ ᠣᠷᠣᠭᠤᠯᠬᠤ ᠪᠠ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠠᠵᠢᠯᠯᠠᠭ᠎ᠠ ᠶᠢ ᠡᠷᠬᠡᠪᠰᠢ ᠡᠷᠡᠰ  ᠲᠡᠪᠴᠢᠨ᠎ᠡ᠃ 15. ︽ᠭᠤᠷᠪᠠ ᠶᠢ ᠬᠤᠪᠢᠷᠠᠭᠤᠯᠬᠤ︾᠄ ᠠᠵᠤ ᠠᠬᠤᠢ ᠶᠢᠨ ᠬᠥᠭᠵᠢᠯᠲᠡ ᠶᠢ ᠡᠬᠢ ᠪᠠᠶᠠᠯᠢᠭ ᠲᠤ ᠲᠦᠰᠢᠭᠯᠡᠬᠦ ᠬᠡᠯᠪᠡᠷᠢ ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠡᠯᠪᠡᠷᠢ ᠲᠡᠰᠢ ᠬᠤᠪᠢᠷᠠᠭᠤᠯᠬᠤ᠂ ᠪᠦᠳᠦᠭᠦᠯᠢᠭ ᠪᠦᠭᠡᠳ ᠦᠨᠳᠦᠷ ᠨᠡᠭᠦᠷᠡᠰᠦᠳᠦ᠋ᠷᠦᠭᠴᠢᠳᠣ ᠬᠡᠯᠪᠡᠷᠢ ᠠᠴᠠ ᠪᠣᠬᠢᠷᠲᠤᠯ ᠦᠭᠡᠢ ᠪᠦᠭᠡᠳ ᠳᠣᠣᠷ᠎ᠠ ᠨᠡᠭᠦᠰᠦᠳᠦᠷᠦᠭᠴᠢᠲᠦ ᠬᠡᠯᠪᠡᠷᠢ ᠲᠡᠰᠢ ᠬᠤᠪᠢᠷᠠᠭᠤᠯᠬᠤ᠂ ᠲᠠᠷᠠᠬᠠᠢ ᠪᠤᠲᠠᠷᠬᠠᠢ ᠪᠦᠭᠡᠳ ᠦᠷ᠎ᠡ ᠠᠰᠢᠭ ᠳᠣᠣᠷ᠎ᠠ ᠬᠡᠯᠪᠡᠷᠢ ᠠᠴᠠ ᠡᠷᠴᠢᠮᠡᠯᠢᠭ ᠪᠦᠭᠡᠳ ᠦᠨᠳᠦᠷ ᠦᠷ᠎ᠡ ᠠᠰᠢᠭ ᠲᠠᠢ ᠲᠡᠰᠢ ᠬᠤᠪᠢᠷᠠᠭᠤᠯᠬᠤ ᠶᠢ ᠬᠦᠴᠦᠯᠡᠨ ᠠᠬᠢᠭᠤᠯᠤᠨ᠎ᠠ᠃ 16. ᠨᠡᠭᠦᠷᠡᠰᠦᠲᠥ᠋ᠷᠥᠭᠴᠢ ᠶᠢᠨ ᠣᠷᠭᠢᠯ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ᠄ ᠮᠠᠨ ᠤ ᠤᠯᠤᠰ 2030 ᠣᠨ ᠠᠴᠠ ᠡᠮᠦᠨ᠎ᠡ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠳᠠᠬᠢᠨ ᠨᠡᠮᠡᠭᠳᠡᠭᠦᠯᠬᠦ ᠥᠬᠡᠶ᠂ ᠣᠷᠭᠢᠯ ᠬᠡᠮᠵᠢᠭᠳᠡᠯ ᠳᠤ ᠬᠦᠷᠦᠭᠰᠡᠨ ᠤ ᠳᠠᠷᠠᠭ᠎ᠠ ᠠᠯᠬᠤᠮ ᠠᠯᠬᠤᠮ ᠢᠶᠠᠷ ᠪᠠᠭᠤᠷᠠᠭᠤᠯᠤᠨ᠎ᠠ ᠭᠡᠵᠦ ᠠᠮᠠᠯᠳᠠᠪᠠ︔ ᠠᠵᠤ ᠠᠬᠤᠶᠢᠯᠠᠯ᠂ ᠪᠦᠯᠬᠦᠮ ᠪᠤᠶᠤ ᠬᠤᠪᠢ ᠬᠥᠮᠦᠨ ᠵᠣᠬᠢᠬᠤ ᠴᠠᠭ ᠬᠤᠭᠤᠴᠠᠭᠠᠨ ᠤ ᠳᠣᠲᠣᠷ᠎ᠠ ᠰᠢᠭᠤᠳ ᠪᠤᠶᠤ ᠳᠠᠮ ᠢᠶᠠᠷ ᠪᠣᠶ ᠪᠣᠯᠤᠭᠰᠠᠨ ᠬᠦᠯᠡᠮᠵᠢ ᠶᠢᠨ ᠬᠡᠶ ᠪᠡᠶᠡᠲᠦ ᠶᠢᠨ ᠭᠠᠳᠠᠭᠰᠢᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠶᠢ ᠲᠥᠰᠦᠭᠡᠯᠡᠨ ᠪᠤᠳᠤᠭᠰᠠᠨ ᠤ ᠳᠠᠷᠠᠭ᠎ᠠ᠂ ᠤᠷᠭᠤᠮᠠᠯ  ᠬᠤᠴᠢᠯᠭ᠎ᠠ ᠶᠢ ᠨᠡᠮᠡᠭᠳᠡᠭᠦᠯᠬᠦ ᠮᠣᠳᠣ ᠳᠠᠷᠢᠵᠤ ᠣᠶᠢᠵᠢᠭᠤᠯᠬᠤ᠂ ᠡᠨᠧᠷᠭᠢ ᠠᠷᠪᠢᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠣᠰ ᠪᠡᠶ᠎ᠡ ᠶᠢᠨ ᠪᠣᠶ ᠪᠣᠯᠭᠠᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠲᠤᠯᠭᠠᠨ ᠬᠠᠰᠤᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ︽ᠭᠠᠳᠠᠭᠰᠢᠯᠠᠭᠤᠯᠤᠯᠲᠠ ᠥᠬᠡᠶ︾ ᠪᠠᠶᠢᠬᠤ ᠶᠢ ᠪᠡᠶᠡᠯᠡᠭᠦᠯᠦᠨ᠎ᠡ᠃ 17. ︽ᠭᠤᠷᠪᠠᠨ ᠣᠷᠣᠨ ᠵᠠᠢ ᠭᠤᠷᠪᠠᠨ ᠱᠤᠭᠤᠮ︾᠄ ᠬᠤᠲᠠ ᠪᠠᠯᠭᠠᠰᠤᠨ ᠤ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠵᠡᠷᠭᠡ ᠭᠤᠷᠪᠠᠨ ᠲᠥᠷᠥᠯ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ ᠡᠭᠦᠷᠢᠳᠡ ᠶᠢᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ  ᠵᠡᠷᠭᠡ ᠭᠤᠷᠪᠠᠨ ᠬᠢᠵᠠᠭᠠᠷᠯᠠᠬᠤ ᠱᠤᠭᠤᠮ᠃ 18. ︽ᠲᠤᠯᠤᠭᠠᠨ ᠶᠡᠭᠡ ᠲᠥᠷᠥ ᠶᠢᠨ ᠪᠣᠳᠣᠯᠭ᠎ᠠ ᠶᠢᠨ ᠬᠠᠨᠳᠤᠰᠢ︾᠄ ᠬᠤᠷᠸ᠎ᠠ ᠲᠥᠷᠥ ᠶᠢᠨ ᠪᠣᠳᠣᠯᠭ᠎ᠠ ᠨᠢ ᠯᠠᠪᠳᠠᠭᠤᠨ ᠪᠥᠭᠡᠳ ᠪᠦᠲᠦᠮᠵᠢᠲᠡᠶ᠂ ᠬᠤᠮᠠᠬᠢ ᠲᠥᠷᠥ ᠶᠢᠨ ᠪᠣᠳᠣᠯᠭ᠎ᠠ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠪᠦᠲᠦᠴᠡ ᠶᠢᠨ ᠲᠥᠷᠥ ᠶᠢᠨ ᠪᠣᠳᠣᠯᠭ᠎ᠠ  ᠨᠢ ᠤᠯᠤᠰ ᠠᠷᠠᠳ ᠤᠨ ᠠᠵᠤ ᠠᠬᠤᠶ ᠶᠢᠨ ᠣᠷᠴᠢᠯ ᠢ ᠰᠢᠯᠤᠭᠤᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠨᠢ ᠯᠠᠪᠳᠠᠭᠤᠨ ᠪᠠᠲᠤᠲᠠᠶ ᠪᠣᠳᠠᠳᠠᠶᠢᠵᠢᠨ ᠨᠠᠶᠢᠳᠠᠪᠣᠷᠢᠯᠢᠭᠳᠠᠵᠣ᠂ ᠥᠭᠡᠷᠡᠴᠢᠯᠡᠯᠲᠡ ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠨᠢ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠣᠷᠣᠨ ᠪᠦᠰᠡ ᠶᠢᠨ ᠲᠥᠷᠥ ᠶᠢᠨ ᠪᠣᠳᠣᠯᠭ᠎ᠠ ᠨᠢ ᠬᠥᠭᠵᠢᠯᠲᠡ ᠶᠢᠨ ᠲᠡᠩᠴᠡᠭᠦᠷᠢᠲᠦ ᠴᠢᠨᠠᠷ ᠵᠣᠬᠢᠴᠠᠩᠭᠤᠶ ᠴᠢᠨᠠᠷ ᠢ ᠴᠢᠩᠭᠠᠳᠬᠠᠵᠤ᠂ ᠨᠡᠶᠢᠭᠡᠮ ᠤᠨ ᠲᠥᠷᠥ ᠶᠢᠨ ᠪᠣᠳᠣᠯᠭ᠎ᠠ ᠨᠢ ᠠᠷᠠᠳ ᠤᠨ ᠦᠨᠳᠦᠰᠦᠨ ᠠᠮᠢᠳᠤᠷᠠᠯ ᠢ ᠪᠠᠳᠣᠯᠠᠨ ᠰᠠᠶᠢᠵᠢᠷᠠᠭᠤᠯᠣᠨ᠎ᠠ᠃ 19. ︽ᠲᠠᠪᠤ ᠢ ᠵᠦᠪ ᠣᠨᠤᠪᠴᠢᠲᠠᠢ ᠲᠠᠨᠢᠨ ᠡᠵᠡᠮᠰᠢᠬᠦ︾᠄ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠ ᠦᠢᠯᠡᠳᠦᠯᠭᠡ ᠶᠢᠨ ᠠᠷᠭ᠎ᠠ ᠵᠠᠮ ᠢ ᠵᠥᠪ ᠣᠨᠤᠪᠴᠢᠲᠠᠢ ᠲᠠᠨᠢᠨ ᠡᠵᠡᠮᠰᠢᠵᠦ᠂ ᠬᠥᠷᠥᠩᠭᠡ ᠶᠢᠨ ᠥᠪᠡᠷᠮᠢᠴᠡ ᠴᠢᠨᠠᠷ ᠪᠠ ᠦᠢᠯᠡ ᠠᠵᠢᠯᠯᠠᠭ᠎ᠠ ᠶᠢᠨ ᠵᠢᠮ᠎ᠡ ᠶᠣᠰᠣ ᠶᠢ ᠵᠥᠪ ᠣᠨᠤᠪᠴᠢᠲᠠᠢ ᠲᠠᠨᠢᠨ ᠡᠵᠡᠮᠰᠢᠵᠦ᠂ ᠠᠩᠬᠠᠨ ᠤ ᠪᠦᠲᠦᠭᠡᠭᠳᠡᠬᠦᠨ ᠤ ᠬᠠᠩᠭᠠᠯᠭ᠎ᠠ ᠪᠠᠲᠤᠯᠠᠭ᠎ᠠ ᠶᠢ ᠵᠥᠪ ᠣᠨᠤᠪᠴᠢᠲᠠᠢ ᠲᠠᠨᠢᠨ ᠡᠵᠡᠮᠰᠢᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠵᠥᠪ ᠣᠨᠤᠪᠴᠢᠲᠠᠢ ᠲᠠᠨᠢᠨ ᠡᠵᠡᠮᠰᠢᠵᠣ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠰᠠᠭᠠᠷᠮᠠᠭᠵᠢᠬᠤ ᠶᠢ ᠵᠥᠪ ᠣᠨᠤᠪᠴᠢᠲᠠᠢ ᠲᠠᠨᠢᠵᠤ  ᠡᠵᠡᠮᠰᠢᠨ᠎ᠡ᠃ 20. ︽ᠬᠤᠶᠠᠷ ᠪᠣᠭᠤᠮᠲᠠ᠂ 14 ᠴᠢᠭ︾᠄ ᠲᠡᠮᠦᠷ ᠵᠠᠮ᠂ ᠵᠠᠰᠠᠮᠠᠯ ᠵᠠᠮ ᠤᠨ ᠪᠣᠭᠤᠮᠲᠠ︔ ᠬᠥᠬᠡᠬᠤᠲᠠ ᠶᠢᠨ ᠲᠡᠮᠦᠷ ᠵᠠᠮ ᠤᠨ  ᠪᠦᠯᠦᠭᠯᠡᠯ ᠤᠨ ᠭᠠᠳᠠᠭᠠᠳᠤ ᠠᠵᠤ ᠠᠬᠤᠢ ᠠᠷᠠᠯᠵᠢᠶᠠᠨ ᠤ ᠺᠤᠮᠫᠠᠨᠢ ᠶᠢᠨ ᠡᠷᠢᠶᠡᠨ ᠳᠠᠬᠢ ᠬᠤᠪᠢᠶᠠᠷᠢ ᠺᠣᠮᠫᠠᠨᠢ ᠶᠢᠨ ᠠᠵᠢᠯᠯᠠᠬᠤ ᠲᠣᠭᠤᠷᠢᠭ ︵ᠬᠦᠳᠡᠷ᠂ ᠮᠣᠳᠣᠨ ᠮᠠᠲ᠋ᠧᠷᠢᠶᠠᠯ᠂ ᠴᠢᠩᠭᠡᠯᠢᠭ ᠢᠶᠠᠷ ᠠᠵᠢᠯᠯᠠᠬᠤ ᠲᠣᠭᠤᠷᠢᠭ︶᠂ ᠡᠷᠢᠶᠡᠨ ᠬᠤᠲᠠ ᠶᠢᠨ ᠷᠦ ᠢ ᠺᠣᠮᠫᠠᠨᠢ ᠶᠢᠨ ᠠᠵᠢᠯᠯᠠᠬᠤ ᠲᠣᠭᠤᠷᠢᠭ᠂ ᠡᠷᠢᠶᠡᠨ ᠤ ᠶᠦᠩ ᠬᠤᠶ ᠺᠣᠮᠫᠠᠨᠢ ᠶᠢᠨ ᠠᠵᠢᠯᠯᠠᠬᠤ ᠲᠣᠭᠤᠷᠢᠭ᠂ ᠵᠢᠶᠠ ᠾᠧ ᠺᠣᠮᠫᠠᠨᠢ ᠶᠢᠨ ᠠᠵᠢᠯᠯᠠᠬᠤ ᠲᠣᠭᠤᠷᠢᠭ᠂ ᠡᠷᠢᠶᠡᠨ ᠥᠷᠲᠡᠭᠡ ᠶᠢᠨ ᠮᠠᠰᠢᠨᠴᠢᠯᠠᠭᠰᠠᠨ ᠲᠣᠭᠤᠷᠢᠭ ᠤᠨ ᠬᠥᠮᠦᠨ ᠤ ᠬᠦᠴᠦᠨ ᠤ ᠲᠣᠭᠤᠷᠢᠭ᠂ ᠬᠤᠤ ᠲᠦᠩ ᠺᠣᠮᠫᠠᠨᠢ ᠶᠢᠨ ᠠᠵᠢᠯᠯᠠᠬᠤ ᠲᠣᠭᠤᠷᠢᠭ᠂ ᠬᠢᠯᠢ ᠶᠢᠨ ᠪᠠᠶᠢᠴᠠᠭᠠᠯᠲᠠ ᠶᠢᠨ ᠲᠠᠯᠠᠪᠠᠶ ᠶᠢᠨ ᠠᠵᠢᠯᠯᠠᠬᠤ ᠲᠣᠭᠤᠷᠢᠭ᠂ ᠭᠠᠯᠲᠤ ᠲᠡᠷᠭᠡᠨ ᠦᠢᠯᠡᠴᠢᠯᠡᠭᠴᠢᠳ ᠤᠨ ᠨᠡᠶᠢᠲᠡ ᠶᠢᠨ ᠪᠠᠶᠢᠷᠢ᠂ ᠭᠡᠷᠯᠡᠭᠡ ᠦᠭᠡᠢ ᠠᠵᠢᠯᠲᠠᠳ ᠤᠨ ᠨᠡᠶᠢᠲᠡ ᠶᠢᠨ ᠪᠠᠶᠢᠷᠢ᠂ ᠬᠤᠸᠠᠨ ᠢᠦᠶ ᠪᠠᠷᠠᠭᠠᠨ ᠤ  ᠭᠦᠢᠯᠭᠡᠭᠡᠨ ᠤ ᠬᠦᠷᠢᠶᠡᠯᠡᠩ᠂ ᠬᠤᠶ ᠲᠦᠩ ᠪᠠᠷᠠᠭᠠᠨ ᠭᠦᠢᠯᠭᠡᠭᠡᠨ ᠤ ᠬᠦᠷᠢᠶᠡᠯᠡᠩ᠂ ᠬᠤᠤ ᠭᠠᠩ ᠪᠠᠷᠠᠭᠠᠨ ᠭᠦᠢᠯᠭᠡᠭᠡᠨ ᠤ ᠬᠦᠷᠢᠶᠡᠯᠡᠩ᠃ 21. ︽ᠬᠦᠷᠢᠶᠡᠯᠡᠬᠦ᠂ ᠬᠠᠮᠢᠶᠠᠷᠬᠤ᠂ ᠬᠡᠮᠵᠢᠬᠦ᠂ ᠠᠷᠢᠭᠤᠳᠬᠠᠬᠤ᠂ ᠪᠣᠯᠪᠠᠰᠤᠷᠠᠭᠤᠯᠬᠤ᠂ ᠥᠭᠡᠷᠡᠴᠢᠯᠡᠬᠦ︾᠄ ᠪᠣᠭᠤᠮᠲᠠ ᠶᠢᠨ ᠪᠢᠲᠡᠭᠦᠮᠵᠢᠯᠡᠨ ᠬᠠᠮᠢᠶᠠᠷᠬᠤ ᠬᠡᠪᠴᠢᠶ᠎ᠡ ᠬᠤᠪᠢᠶᠠᠷᠢᠯᠠᠨ ᠲᠣᠭᠲᠠᠭᠠᠵᠤ᠂ ︽N + 7 + 7︾ ᠬᠠᠮᠢᠶᠠᠷᠤᠯᠲᠠ ᠶᠢᠨ ᠵᠠᠭᠪᠤᠷ ᠢ ᠴᠢᠩᠭ᠎ᠠ ᠨᠠᠶᠢᠳᠠᠪᠤᠷᠢᠵᠢᠭᠤᠯᠤᠨ᠂ ᠪᠣᠭᠤᠮᠲᠠ ᠶᠢᠨ ᠠᠵᠢᠯᠯᠠᠬᠤ ᠲᠣᠭᠤᠷᠢᠭ ᠤᠨ ᠬᠥᠮᠦᠨ᠂ ᠲᠡᠷᠭᠡ᠂ ᠪᠣᠳᠠᠰ ᠤᠨ ᠪᠥᠭᠡᠮ ᠬᠦᠴᠢᠯ ᠤᠨ  ᠪᠠᠶᠢᠴᠠᠭᠠᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ ᠂ ᠠᠷᠢᠭᠤᠳᠬᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠨ᠂ ᠪᠢᠲᠡᠭᠦᠮᠵᠢᠯᠡᠨ ᠬᠠᠮᠢᠶᠠᠷᠴᠤ ᠪᠠᠶᠢᠭ᠎ᠠ ᠬᠥᠮᠦᠰ ᠤᠨ ᠬᠢᠵᠢᠭ ᠢ ᠰᠡᠷᠭᠡᠶᠢᠯᠡᠬᠦ ᠪᠣᠯᠪᠠᠰᠤᠷᠠᠭᠤᠯᠤᠯ ᠢ ᠭᠤᠤᠯᠳᠠᠯᠭ᠎ᠠ ᠲᠠᠢ ᠴᠢᠩᠭᠠᠷᠠᠭᠤᠯᠵᠤ᠂ ᠣᠲᠣ ᠶᠢᠨ ᠪᠣᠭᠤᠮᠲᠠ ᠨᠡᠪᠳᠡᠷᠡᠯᠳᠡ ᠶᠢᠨ ᠵᠠᠭᠪᠤᠷ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠎ᠡ᠃22. ︽ᠳᠥᠷᠪᠡᠨ ᠲᠠᠯ᠎ᠠ ᠶᠢᠨ ᠬᠠᠷᠢᠭᠤᠴᠠᠯᠭ᠎ᠠ︾᠄ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠡ᠂ ᠬᠤᠪᠢ ᠬᠥᠮᠦᠨ ᠤ ᠬᠠᠷᠢᠭᠤᠴᠠᠯᠭ᠎ᠠ᠃ 23. ︽ᠳᠥᠷᠪᠡᠨ ᠡᠷᠲᠡ︾᠄ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ᠃ 24. ︽ᠳᠥᠷᠪᠡᠨ ᠲᠥᠷᠥᠯ ᠤᠨ ᠡᠮ︾᠄ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠡᠰᠡᠷᠭᠦᠴᠡᠬᠦ᠂ ᠪᠠᠺᠲ᠋ᠧᠷᠢ ᠶᠢ ᠡᠰᠡᠷᠭᠦᠴᠡᠬᠦ ᠡᠮ᠃ 25. ︽ᠰᠤᠷᠭᠠᠭᠤᠯᠢ ᠶᠢᠨ ᠣᠷᠢᠨ ᠡᠯᠰᠡᠬᠦ ᠶᠢ ᠬᠤᠲᠠ ᠠᠴᠠ ᠬᠠᠮᠢᠶᠠᠷᠬᠤ︾᠄ ᠠᠯᠪᠠᠨ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ ᠪᠠ ᠰᠤᠷᠭᠠᠭᠤᠯᠢ ᠶᠢᠨ ᠵᠠᠬᠢᠷᠤᠯ ᠳᠤ ᠴᠥᠮ ᠬᠤᠲᠠ ᠶᠢᠨ ᠵᠠᠰᠠᠭ ᠤᠨ ᠣᠷᠳᠣᠨ ᠤ ᠨᠢᠭᠡᠳᠦᠯᠲᠡᠶ ᠬᠠᠮᠢᠶᠠᠷᠤᠯᠲᠠ ᠶᠢ ᠬᠡᠷᠡᠭᠵᠢᠭᠦᠯᠵᠦ᠂ ᠢᠯᠠᠩᠭᠤᠶ᠎ᠠ ᠨᠢᠭᠡᠳᠦᠯᠲᠡᠶ ᠪᠠᠷ ᠲᠣᠭᠲᠠᠮᠠᠯ ᠬᠤᠭᠤᠴᠠᠭ᠎ᠠ ᠲᠠᠢ ᠪᠠᠷ ᠬᠤᠲᠠ ᠶᠢᠨ ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠠᠯᠪᠠᠳᠠᠯᠭ᠎ᠠ ᠪᠠᠷ ᠰᠢᠯᠵᠢᠭᠦᠯᠦᠨ ᠬᠡᠷᠡᠭᠯᠡᠵᠦ᠂ ᠪᠠᠭᠰᠢ ᠪᠠ ᠰᠤᠷᠭᠠᠭᠤᠯᠢ ᠶᠢᠨ ᠵᠠᠬᠢᠷᠤᠯ ᠤᠨ ᠥᠩᠭᠡᠷᠡᠭᠰᠡᠨ ᠤ ᠲᠣᠭᠲᠠᠭᠰᠠᠨ ᠰᠤᠷᠭᠠᠭᠤᠯᠢ ᠶᠢᠨ ︽ᠰᠤᠷᠭᠠᠭᠤᠯᠢ ᠶᠢᠨ ᠬᠥᠮᠦᠨ︾ ᠪᠠᠶᠢᠭᠰᠠᠨ ᠠᠴᠠ ᠨᠢ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠰᠲ᠋ᠧᠮ ᠤᠨ ︽ᠰᠢᠰᠲ᠋ᠧᠮ ᠤᠨ ᠬᠥᠮᠦᠨ︾ ᠪᠣᠯᠭᠠᠨ  ᠬᠤᠪᠢᠷᠠᠭᠤᠯᠤᠨ᠎ᠠ᠃ 26. ︽ᠭᠤᠷᠪᠠᠨ ᠰᠠᠯᠵᠤ ᠴᠢᠳᠠᠬᠤ ᠦᠭᠡᠢ︾ ︽ᠲᠠᠪᠤ ᠶᠢ ᠲᠠᠨᠢᠨ ᠮᠡᠳᠡᠷᠡᠬᠦ︾ ᠶᠢᠨ ᠦᠵᠡᠯ ᠰᠠᠨᠠᠭ᠎ᠠ᠄ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠡᠯ᠎ᠡ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ︔ᠡᠯ᠎ᠡ ᠦᠨᠳᠦᠰᠦᠲᠡᠨ ᠤ ᠠᠷᠠᠳ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠲᠠᠨᠢᠨ ᠮᠡᠳᠡᠷᠡᠬᠦ ᠶᠢ ᠴᠢᠩᠭᠠᠳᠬᠠᠨ᠎ᠠ᠃  27. ︽ᠳᠥᠷᠪᠡᠨ ᠬᠠᠮᠲᠤᠳᠬᠠᠬᠤ︾ ᠣᠶᠢᠯᠠᠭᠠᠭᠳᠠᠬᠤᠨ᠄ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠥᠭᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ᠃ 28. ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢᠨ ︽ᠭᠤᠷᠪᠠᠨ ᠨᠣᠷᠮ᠎ᠠ︾᠄ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠪᠠ ᠬᠠᠷᠢᠭᠤᠴᠠᠯᠭᠠᠲᠤ ᠰᠠᠯᠠᠭ᠎ᠠ ᠮᠥᠴᠢᠷ ᠤᠨ ᠴᠠᠭ ᠲᠤᠬᠠᠶ ᠳᠤᠨᠢ ᠬᠦᠯᠢᠶᠡᠨ ᠠᠪᠴᠤ ᠰᠢᠢᠳᠪᠦᠷᠢᠯᠡᠬᠦ ᠨᠣᠷᠮ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠤᠭᠤᠴᠠᠭ᠎ᠠ ᠶᠣᠰᠣᠭᠠᠷ  ᠰᠢᠢᠳᠪᠦᠷᠢᠯᠡᠵᠦ ᠳᠠᠭᠤᠰᠬᠠᠬᠤ ᠨᠣᠷᠮ᠎ᠠ᠂ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠪᠠ ᠬᠠᠷᠢᠭᠤᠴᠠᠯᠭᠠᠲᠤ ᠰᠠᠯᠠᠭ᠎ᠠ ᠮᠥᠴᠢᠷ ᠤᠨ ᠰᠡᠳᠭᠢᠯ ᠬᠠᠨᠤᠮᠵᠢ ᠶᠢᠨ ᠨᠣᠷᠮ᠎ᠠ᠃29. ︽ᠳᠥᠷᠪᠡᠨ ᠬᠠᠮᠤᠭ ᠤᠨ ᠴᠢᠩᠭ᠎ᠠ︾᠄ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠭᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠃30. ︽ᠬᠤᠶᠠᠷ ᠢ ᠪᠠᠳᠣᠯᠠᠭᠠᠵᠢᠭᠤᠯᠬᠤ︾᠄ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠪᠠᠳᠣᠯᠠᠭᠠᠵᠢᠭᠤᠯᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠬᠤ ᠪᠠᠶᠢᠷᠢ ᠰᠠᠭᠤᠷᠢ ᠶᠢ ᠪᠠᠳᠣᠯᠠᠭᠠᠵᠢᠭᠤᠯᠣᠨ᠎ᠠ᠃ 31. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠲᠦᠷᠢᠮ︾᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠬᠢᠬᠦ ᠲᠦᠷᠢᠮ᠃ 32. ︽ᠳᠥᠷᠪᠡᠨ ᠥᠬᠡᠶ ᠬᠤᠶᠠᠷ ᠰᠢᠭᠤᠳ︾᠄ ᠮᠡᠳᠡᠭᠳᠡᠯ ᠪᠠᠭᠤᠯᠭᠠᠬᠤ ᠥᠬᠡᠶ᠂ ᠤᠷᠢᠳᠴᠢᠯᠠᠨ ᠮᠡᠳᠡᠭᠳᠡᠬᠦ ᠥᠬᠡᠶ ᠂ ᠬᠠᠷᠢᠭᠤ ᠮᠡᠳᠡᠭᠦᠯᠦᠯᠲᠡ ᠶᠢ ᠰᠣᠨᠣᠰᠬᠤ ᠥᠬᠡᠶ᠂ ᠪᠠᠷ᠎ᠠ ᠪᠣᠯᠵᠣ ᠭᠥᠯᠢᠶᠡᠨ ᠠᠪᠬᠤ ᠥᠬᠡᠶ ᠪᠠᠷ ᠰᠢᠭᠤᠳ ᠦᠨᠳᠦᠰᠦᠨ ᠱᠠᠲᠤᠨ ᠳᠤ ᠬᠦᠷᠴᠦ᠂ ᠰᠢᠭᠤᠳ ᠲᠤᠬᠠᠶ ᠶᠢᠨ ᠲᠠᠯᠠᠪᠤᠷ ᠲᠤ ᠣᠴᠢᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号