| | ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠰᠢᠬᠦᠮᠵᠢᠯᠡᠯ ᠪᠣᠯᠤᠨ ᠰᠠᠨᠠᠯ ᠢ ᠬᠦᠢᠴᠡᠳᠬᠡᠭᠰᠡᠨ | ᠪᠠᠶᠢᠳᠠᠯ ᠤᠨ ᠳᠣᠬᠠᠢ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠦᠯᠦᠯᠲᠡ | | ᠬᠤᠷᠠᠯ ᠤᠨ ᠲᠤᠬᠢᠷᠠᠭᠤᠯᠤᠯᠳᠠ ᠶᠢ ᠦᠨᠳᠦᠰᠦᠯᠡᠨ᠂ ᠡᠳᠦᠭᠡ ᠡᠷᠢᠶᠡᠨ ᠬᠤᠳᠠ ᠶᠢᠨ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ | ᠰᠢᠭᠦᠮᠵᠢᠯᠡᠯ ᠪᠠ ᠰᠠᠨᠠᠯ ︵ᠳᠣᠷᠣᠭᠰᠢ ᠰᠠᠨᠠᠭᠤᠯᠭ᠎ᠠ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠢ ᠬᠦᠢᠴᠡᠳᠬᠡᠭᠰᠡᠨ | ᠪᠠᠶᠢᠳᠠᠯ ᠢ ᠳᠣᠣᠷᠠᠬᠢ ᠮᠡᠲᠦ ᠮᠡᠳᠡᠭᠦᠯᠦᠶ᠎ᠡ᠃ | ᠨᠢᠭᠡ᠂ ᠦᠨᠳᠦᠰᠦᠨ ᠪᠠᠶᠢᠳᠠᠯ | ᠠᠷᠪᠠᠨ ᠲᠠᠪᠣᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠤᠳᠠᠭᠠᠨ ᠤ ᠬᠤᠷᠠᠯᠳᠤᠭᠠᠨ ᠠᠴᠠ ᠨᠠᠭᠠᠰᠢ᠂ ᠵᠠᠰᠠᠭ ᠤᠨ ᠣᠷᠳᠣᠨ ᠤ ᠰᠢᠰᠲ᠋ᠧᠮ ᠠᠴᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠡᠯ᠎ᠡ ᠲᠥᠷᠥᠯ ᠤᠨ ᠰᠠᠨᠠᠭᠤᠯᠭ᠎ᠠ᠂ ᠰᠢᠭᠦᠮᠵᠢᠯᠡᠯ᠂ | ᠰᠠᠨᠠᠯ ᠢ ᠨᠡᠶᠢᠲᠡ 120 ᠬᠤᠪᠢ ᠬᠠᠷᠢᠭᠤᠴᠠᠨ ᠬᠦᠢᠴᠡᠳᠬᠡᠪᠡ᠃ ᠡᠭᠦᠨ ᠳᠤ᠂ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ | ᠲᠦᠯᠦᠭᠡᠯᠡᠭᠴᠢ ᠶᠢᠨ ᠰᠠᠨᠠᠭᠤᠯᠭ᠎ᠠ 35 ᠬᠤᠪᠢ᠂ ᠬᠤᠶᠠᠳᠤᠭᠠᠷ ᠬᠤᠷᠠᠯᠳᠤᠭᠠᠨ ᠤ ᠲᠦᠯᠦᠭᠡᠯᠡᠭᠴᠢ ᠶᠢᠨ | ᠰᠠᠨᠠᠭᠤᠯᠭ᠎ᠠ 46 ᠬᠤᠪᠢ᠂ ᠭᠤᠷᠪᠠᠳᠤᠭᠠᠷ ᠬᠤᠷᠠᠯᠳᠤᠭᠠᠨ ᠤ ᠲᠦᠯᠦᠭᠡᠯᠡᠭᠴᠢ ᠶᠢᠨ ᠰᠠᠨᠠᠭᠤᠯᠭ᠎ᠠ 9 ᠬᠤᠪᠢ᠂ | ᠳᠥᠷᠪᠡᠳᠦᠭᠡᠷ ᠬᠤᠷᠠᠯᠳᠤᠭᠠᠨ ᠤ ᠲᠦᠯᠦᠭᠡᠯᠡᠭᠴᠢ ᠶᠢᠨ ᠰᠠᠨᠠᠭᠤᠯᠭ᠎ᠠ ᠶᠢ 30 ᠬᠤᠪᠢ ᠬᠠᠷᠢᠭᠤᠴᠠᠨᠭᠦ᠋ᠢᠴᠡᠳᠭᠡᠪᠡ᠃ | ᠣᠳᠣ ᠪᠣᠯᠲᠠᠯ᠎ᠠ᠂ ᠬᠠᠷᠢᠭᠤᠴᠠᠨ ᠭᠦᠢᠴᠡᠳᠭᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠦᠭᠡᠯᠡᠭᠴᠢ ᠶᠢᠨ ᠰᠠᠨᠠᠭᠤᠯᠭ᠎ᠠ ᠪᠦᠬᠦᠨ ᠳᠤ ᠴᠥᠮ ᠬᠠᠷᠢᠭᠤᠯᠲᠠ ᠦᠭᠭᠦᠭᠰᠡᠨ ᠮᠦᠷᠲᠡᠭᠡᠨ ᠬᠠᠷᠢᠭᠤᠯᠲᠠ | ᠥᠭᠭᠦᠭᠰᠡᠨ ᠨᠣᠷᠮ᠎ᠠ ᠨᠢ 100% ᠳᠤ ᠬᠦᠷᠴᠡᠶ᠃ ᠭᠦᠢᠴᠡᠳᠭᠡᠭᠰᠡᠨ ᠦᠷ᠎ᠡ ᠳ᠋ᠦᠩ ᠠᠴᠠ ᠦᠵᠡᠪᠡᠯ᠂ | ᠰᠠᠨᠠᠭᠤᠯᠭ᠎ᠠ ᠳᠤ ᠳᠤᠷᠠᠳᠤᠭᠰᠠᠨ ᠠᠰᠠᠭᠤᠳᠠᠯ ᠢ ᠨᠢᠭᠡᠨᠲᠡ ᠭᠦᠢᠴᠡᠳᠭᠡᠭᠰᠡᠨ ᠪᠠ ᠦᠨᠳᠦᠰᠦᠨ ᠳᠡᠭᠡᠨ | ᠭᠦᠢᠴᠡᠳᠭᠡᠭᠰᠡᠨ ( A ᠲᠥᠷᠥᠯ ) 86 ᠬᠤᠪᠢ ᠪᠠᠶᠢᠵᠤ᠂ ᠪᠥᠬᠦ ᠰᠠᠨᠠᠭᠤᠯᠭ᠎ᠠ ᠶᠢᠨ 71.7 % ( ᠡᠭᠦᠨ ᠳᠤ᠂ | ᠠᠩᠬᠠᠳᠤᠭᠠᠷ ᠬᠤᠷᠠᠯᠳᠤᠭᠠᠨ ᠤ 31 ᠬᠤᠪᠢ᠂ ᠬᠤᠶᠠᠳᠤᠭᠠᠷ ᠬᠤᠷᠠᠯᠳᠤᠭᠠᠨ ᠤ 35 ᠬᠤᠪᠢ᠂ ᠭᠤᠷᠪᠠᠳᠤᠭᠠᠷ | ᠬᠤᠷᠠᠯᠳᠤᠭᠠᠨ ᠤ 4 ᠬᠤᠪᠢ᠂ ᠳᠥᠷᠪᠡᠳᠦᠭᠡᠷ ᠬᠤᠷᠠᠯᠳᠤᠭᠠᠨ ᠤ 16 ᠬᠤᠪᠢ ) ᠶᠢ ᠡᠵᠡᠯᠡᠪᠡ︔ ᠰᠠᠨᠠᠭᠤᠯᠭ᠎ᠠ ᠳᠤ | ᠳᠤᠷᠠᠳᠤᠭᠰᠠᠨ ᠠᠰᠠᠭᠤᠳᠠᠯ ᠤᠳ ᠤᠨ ᠲᠥᠯᠥᠪᠯᠡᠭᠡᠨ ᠳᠤ ᠣᠷᠣᠭᠤᠯᠤᠭᠠᠳ ᠶᠠᠭ ᠬᠦᠢᠴᠡᠳᠬᠡᠵᠦ ᠪᠠᠶᠢᠭ᠎ᠠ ( B | ᠲᠦ᠋ᠷᠦᠯ ) 18 ᠬᠤᠪᠢ ᠪᠠᠶᠢᠵᠣ᠂ 15% ( ᠡᠭᠦᠨ ᠳᠤ ᠠᠩᠬᠠᠳᠤᠭᠠᠷ ᠬᠤᠷᠠᠯᠳᠤᠭᠠᠨ ᠤ 2 ᠬᠤᠪᠢ᠂ | ᠬᠤᠶᠠᠳᠤᠭᠠᠷ ᠬᠤᠷᠠᠯᠳᠤᠭᠠᠨ ᠤ 4 ᠬᠤᠪᠢ᠂ ᠭᠤᠷᠪᠠᠳᠤᠭᠠᠷ ᠬᠤᠷᠠᠯᠳᠤᠭᠠᠨ ᠤ 2 ᠬᠤᠪᠢ᠂ ᠳᠥᠷᠪᠡᠳᠦᠭᠡᠷ | ᠬᠤᠷᠠᠯᠳᠤᠭᠠᠨ ᠤ 10 ᠬᠤᠪᠢ ) ᠶᠢ ᠡᠵᠡᠯᠡᠪᠡ᠃ ᠰᠠᠨᠠᠭᠤᠯᠭ᠎ᠠ ᠳᠤ ᠳᠤᠷᠠᠳᠤᠭᠰᠠᠨ ᠠᠰᠠᠭᠤᠳᠠᠯ ᠨᠢ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠪᠤᠶᠤ ᠨᠥᠬᠦᠴᠡᠯ ᠤᠨ ᠬᠢᠵᠠᠭᠠᠷᠯᠠᠯ ᠠᠴᠠ ᠪᠣᠯᠵᠣ ᠲᠦᠷ ᠴᠠᠭ ᠰᠢᠢᠳᠪᠦᠷᠢᠯᠡᠵᠦ | ᠳᠡᠶᠢᠯᠬᠦ ᠥᠬᠡᠶ ( C ᠲᠥᠷᠥᠯ ) 16 ᠬᠤᠪᠢ ᠪᠠᠶᠢᠵᠤ᠂ 13.3% ( ᠡᠭᠦᠨ ᠳᠤ᠂ ᠠᠩᠬᠠᠳᠤᠭᠠᠷ | ᠬᠤᠷᠠᠯᠳᠤᠭᠠᠨ ᠤ 2 ᠬᠤᠪᠢ᠂ ᠬᠤᠶᠠᠳᠤᠭᠠᠷ ᠬᠤᠷᠠᠯᠳᠤᠭᠠᠨ ᠤ 7 ᠬᠤᠪᠢ᠂ ᠭᠤᠷᠪᠠᠳᠤᠭᠠᠷ ᠬᠤᠷᠠᠯᠳᠤᠭᠠᠨ ᠤ 3 | ᠬᠤᠪᠢ᠂ ᠳᠥᠷᠪᠡᠳᠦᠭᠡᠷ ᠬᠤᠷᠠᠯᠳᠤᠭᠠᠨ ᠤ 4 ᠬᠤᠪᠢ ) ᠶᠢ ᠡᠵᠡᠯᠡᠪᠡ᠃ | ᠬᠤᠶᠠᠷ᠂ ᠠᠪᠴᠦ ᠬᠡᠷᠡᠭᠵᠢᠬᠦᠯᠦᠭᠰᠡᠨ ᠭᠤᠣᠯ ᠠᠷᠭ᠎ᠠ ᠬᠡᠮᠵᠢᠶ᠎ᠡ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠢᠨ ᠰᠠᠨᠠᠭᠤᠯᠭ᠎ᠠ ᠶᠢ ᠬᠢᠨᠠᠮᠠᠭᠠᠢ ᠰᠠᠶᠢᠲᠤᠷ | ᠭᠦᠢᠴᠡᠳᠭᠡᠬᠦ ᠨᠢ ᠠᠷᠠᠳᠴᠢᠯᠠᠯ ᠬᠠᠤᠯᠢ ᠲᠦᠷᠢᠮ ᠤᠨ ᠪᠠᠶᠢᠭᠤᠯᠤᠯᠲᠠ ᠶᠢᠨ ᠠᠬᠢᠴᠠ ᠶᠢ ᠲᠦᠯᠬᠢᠨ ᠠᠬᠢᠭᠤᠯᠬᠤ ᠶᠢᠨ | ᠬᠡᠷᠡᠭᠴᠡᠭᠡ ᠪᠣᠯᠬᠤ ᠪᠠᠷ ᠪᠠᠷᠠᠬᠤ ᠦᠭᠡᠢ ᠨᠡᠩ ᠴᠤ ᠠᠷᠠᠳ ᠤᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠵᠠᠰᠠᠭ ᠤᠨ | ᠣᠷᠳᠣᠨ ᠤ ᠠᠵᠢᠯ ᠢ ᠰᠠᠶᠢᠵᠢᠷᠠᠭᠤᠯᠬᠤ ᠶᠢᠨ ᠪᠦᠲᠦᠮᠵᠢᠲᠡᠢ ᠠᠷᠭ᠎ᠠ ᠵᠠᠮ ᠪᠣᠯᠬᠤ ᠶᠤᠮ᠃ ᠬᠤᠲᠠ ᠶᠢᠨ ᠵᠠᠰᠠᠭ ᠤᠨ | ᠣᠷᠳᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠢᠨ ᠰᠠᠨᠠᠭᠤᠯᠭ᠎ᠠ ᠶᠢ ᠬᠦᠢᠴᠡᠳᠬᠡᠬᠦ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠨᠠᠶᠢᠳᠠᠪᠤᠷᠢᠵᠢᠭᠤᠯᠬᠤ ᠪᠠᠶᠢᠭᠤᠯᠭ᠎ᠠ ᠨᠢᠭᠡᠴᠡ ᠶᠢ | ᠵᠣᠬᠢᠶᠠᠨ ᠪᠠᠶᠢᠭᠤᠯᠤᠨ ᠲᠡᠳᠡᠨᠡᠷ ᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠭᠦᠢᠴᠡᠳᠬᠡᠬᠦ ᠳᠡᠰ | ᠳᠠᠷᠠᠭᠠᠯᠠᠯ ᠢ ᠴᠢᠩᠭ᠎ᠠ ᠵᠢᠷᠤᠮᠯᠠᠨ᠂ ᠲᠣᠭᠲᠠᠭᠰᠠᠨ ᠬᠤᠭᠤᠴᠠᠭ᠎ᠠ ᠲᠠᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠦᠯᠦᠬᠡᠯᠡᠭᠴᠢ ᠲᠠᠢ ᠠᠭᠤᠯᠵᠠᠨ ᠣᠶᠢᠯᠠᠭᠠᠯᠴᠠᠵᠤ᠂ ᠰᠢᠢᠳᠪᠦᠷᠢᠯᠡᠬᠦ ᠲᠥᠰᠦᠯ ᠢ ᠬᠠᠮᠲᠤᠪᠠᠷ | ᠵᠥᠪᠳᠡᠯᠴᠡᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠢᠨ ᠰᠠᠨᠠᠭᠤᠯᠭ᠎ᠠ ᠶᠢ ᠭᠦᠢᠴᠡᠳᠭᠡᠬᠦ ᠠᠵᠢᠯ ᠤᠨ ᠦᠨᠡᠨ | ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠪᠠ᠃ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ | ᠳᠣᠳᠣᠷᠬᠠᠶᠢᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢᠳ ᠪᠣᠭᠤᠮᠲᠠ ᠶᠢᠨ ᠡᠯ᠎ᠡ | ᠳᠠᠪᠬᠤᠷᠭ᠎ᠠ ᠶᠢᠨ ᠣᠯᠠᠨ ᠲᠦᠮᠡᠨ ᠤ ᠳᠣᠮᠳᠠ ᠠᠴᠠ ᠢᠷᠡᠭᠰᠡᠨ ᠳᠣᠯᠠ᠂ ᠳᠤᠷᠠᠳᠤᠭᠰᠠᠨ ᠰᠠᠨᠠᠭᠤᠯᠭ᠎ᠠ ᠨᠢ | ᠪᠣᠭᠤᠮᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠱᠠᠭᠠᠷᠳᠠᠯᠭ᠎ᠠ ᠶᠢ ᠲᠦᠯᠦᠬᠡᠯᠡᠵᠦ ᠪᠠᠶᠢᠬᠤ ᠪᠠᠷ ᠪᠠᠷᠠᠬᠤ | ᠦᠭᠡᠢ ᠪᠠᠰᠠ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ ᠶᠢ ᠠᠬᠢᠭᠤᠯᠬᠤ | ᠴᠢᠬᠤᠯᠠ ᠠᠷᠭ᠎ᠠ ᠵᠠᠮ ᠪᠣᠯᠤᠨ᠎ᠠ᠃ ᠡᠶᠢᠮᠣ ᠠᠴᠠ᠂ ᠬᠤᠲᠠ ᠶᠢᠨ ᠵᠠᠰᠠᠭ ᠤᠨ ᠣᠷᠳᠣᠨ ᠠᠴᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠶᠢ ᠬᠦᠢᠴᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠵᠠᠰᠠᠭ ᠤᠨ ᠣᠷᠳᠣᠨ ᠤ ᠤᠳᠤᠷᠢᠳᠤᠯᠭ᠎ᠠ ᠦᠪᠡᠷ ᠤᠨ ᠪᠡᠶ᠎ᠡ ᠪᠠᠷ ᠢᠶᠠᠨ ᠪᠠᠶᠢᠷᠢᠯᠠᠭᠤᠯᠤᠨ | ᠲᠣᠬᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠱᠠᠭᠠᠷᠳᠠᠨ ᠠᠬᠢᠭᠤᠯᠵᠤ᠂ ᠡᠯ᠎ᠡ ᠵᠦᠢᠯ ᠤᠨ ᠡᠭᠦᠷᠭᠡ ᠪᠠᠨ ᠴᠠᠭ | ᠲᠤᠬᠠᠶ ᠳᠤᠨᠢ ᠴᠢᠨᠠᠷ ᠰᠠᠶᠢᠳᠠᠢ ᠪᠡᠶᠡᠯᠡᠭᠦᠯᠬᠦ ᠶᠢ ᠪᠠᠳᠣᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠦᠯᠦᠬᠡᠯᠡᠭᠴᠢ ᠶᠢᠨ ᠳᠤᠷᠠᠳᠤᠭᠰᠠᠨ ᠰᠠᠨᠠᠭᠤᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠡᠭᠦᠷᠭᠡ ᠶᠢ ᠴᠠᠭ | ᠲᠤᠬᠠᠶ ᠳᠤᠨᠢ ᠠᠩᠭᠢᠯᠠᠨ ᠰᠠᠯᠭᠠᠵᠤ᠂ ᠠᠵᠢᠯ ᠤᠨ ᠬᠤᠪᠢᠶᠠᠷᠢᠯᠠᠯ ᠤᠨ ᠲᠥᠰᠦᠯ ᠢ ᠲᠣᠭᠲᠠᠭᠠᠨ ᠳᠠᠷᠤᠮᠠᠯᠯᠠᠨ | ᠲᠠᠷᠬᠠᠭᠠᠵᠤ᠂ ᠠᠵᠢᠯ ᠤᠨ ᠱᠠᠭᠠᠷᠳᠠᠯᠭ᠎ᠠ᠂ ᠬᠦᠢᠴᠡᠳᠬᠡᠬᠦ ᠴᠠᠭ ᠤᠨ ᠬᠢᠵᠠᠭᠠᠷ ᠢ ᠲᠣᠳᠣᠷᠬᠠᠶᠢᠯᠠᠨ᠂ ᠡᠭᠦᠷᠭᠡ ᠨᠢ | ᠲᠣᠳᠤ᠂ ᠬᠠᠷᠢᠭᠤᠴᠠᠯᠭ᠎ᠠ ᠨᠢ ᠲᠣᠳᠣᠷᠬᠠᠶ᠂ ᠠᠷᠭ᠎ᠠ ᠬᠡᠮᠵᠢᠶ᠎ᠡ ᠨᠢ ᠪᠣᠳᠠᠲᠠᠶ ᠪᠠᠶᠢᠬᠤ ᠶᠢ ᠦᠨᠡᠨᠬᠦ ᠪᠠᠲᠤᠯᠠᠵᠠᠢ᠃ ᠡᠯ᠎ᠡ | ᠪᠠᠶᠢᠭᠤᠯᠭ᠎ᠠ ᠨᠢᠭᠡᠴᠡ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠢᠨ | ᠳᠤᠷᠠᠳᠤᠭᠰᠠᠨ ᠰᠠᠨᠠᠭᠤᠯᠭ᠎ᠠ ᠶᠢ ᠬᠦᠢᠴᠡᠳᠬᠡᠬᠦ ᠠᠵᠢᠯ ᠤᠨ ᠲᠣᠭᠲᠠᠴᠠ ᠶᠢ ᠤᠯᠠᠮ ᠴᠢᠨᠠᠭᠰᠢᠳᠠ ᠪᠦᠷᠢᠨᠰᠢᠭᠦᠯᠦᠨ | ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ《ᠲᠡᠷᠢᠭᠦᠨ ᠤᠳᠤᠷᠢᠳᠤᠯᠭ᠎ᠠ ᠶᠡᠷᠦᠩᠬᠡᠢ ᠬᠠᠷᠢᠭᠤᠴᠠᠯᠭ᠎ᠠ ᠶᠢ | ᠡᠭᠦᠷᠭᠡᠯᠡᠨ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠨᠠᠶᠢᠳᠠᠪᠤᠷᠢᠵᠢᠭᠤᠯᠤᠯᠲᠠ ᠶᠢ ᠠᠳᠬᠤᠵᠤ᠂ ᠱᠠᠳᠤ | ᠱᠠᠳᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠭᠦᠷᠭᠡᠯᠡᠨ ᠬᠦᠢᠴᠡᠳᠬᠡᠬᠦ ᠲᠦᠯᠦᠭᠡᠯᠡᠭᠴᠢ ᠶᠢᠨ | ᠰᠠᠨᠠᠭᠤᠯᠭ᠎ᠠ ᠶᠢ ᠬᠢᠨᠠᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ᠂ ᠬᠦᠢᠴᠡᠳᠬᠡᠬᠦ ᠬᠥᠮᠦᠨ ᠲᠠᠢ ᠪᠠᠶᠢᠬᠤ ᠶᠢ | ᠪᠠᠲᠤᠯᠠᠪᠠ᠃ ᠰᠠᠨᠠᠭᠤᠯᠭ᠎ᠠ ᠶᠢ ᠬᠦᠢᠴᠡᠳᠬᠡᠬᠦ ᠠᠵᠢᠯ ᠢ ᠵᠠᠰᠠᠭ ᠤᠨ ᠣᠷᠳᠣᠨ ᠤ ᠰᠢᠰᠲ᠋ᠧᠮ ᠤᠨ ᠣᠨ ᠤ ᠬᠠᠷᠠᠯᠲᠠᠲᠤ | ᠠᠵᠢᠯ ᠤᠨ ᠪᠦᠲᠦᠮᠵᠢ ᠶᠢ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠡᠯ᠎ᠡ ᠬᠠᠷᠢᠭᠤᠴᠠᠨ ᠬᠦᠢᠴᠡᠳᠬᠡᠬᠦ | ᠪᠠᠶᠢᠭᠤᠯᠭ᠎ᠠ ᠨᠢᠭᠡᠴᠡ ᠶᠢᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ | ᠭᠦᠢᠴᠡᠳᠭᠡᠬᠦ ᠶᠢ ᠰᠢᠮᠳᠠᠭᠤᠯᠤᠨ ᠵᠢᠯᠣᠭᠤᠳᠴᠤ᠂ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠭᠦᠢᠴᠡᠳᠭᠡᠬᠦ | ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃ | | ︵ᠬᠤᠶᠠᠷ︶ ᠲᠦᠷᠢᠮ ᠤᠨ ᠵᠢᠷᠤᠮᠵᠢᠯ ᠢ ᠨᠠᠶᠢᠳᠠᠪᠤᠷᠢᠵᠢᠭᠤᠯᠵᠤ᠂ ᠣᠶᠢᠯᠠᠭᠠᠯᠴᠠᠨ ᠨᠡᠪᠲᠡᠷᠡᠯᠴᠡᠬᠦ ᠲᠣᠭᠲᠠᠯᠴᠠᠭ᠎ᠠ ᠶᠢ | ᠪᠦᠷᠢᠨᠰᠢᠭᠦᠯᠪᠡ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠳᠤᠷᠢᠳᠤᠯᠭ᠎ᠠ ᠶᠢᠨ ᠴᠣᠬᠤᠯᠠᠪᠤᠷᠢ ᠶᠢᠨ | ᠵᠣᠷᠢᠭ ᠰᠠᠨᠠᠭ᠎ᠠ ᠪᠠᠷ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ | ᠰᠢᠭᠦᠮᠵᠢᠯᠡᠯ ᠪᠠ ᠰᠠᠨᠠᠯ ᠢ ᠰᠢᠢᠳᠪᠦᠷᠢᠯᠡᠬᠦ ᠠᠷᠭ᠎ᠠ︾᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠬᠦ ᠴᠤᠪᠤᠷᠠᠯ︾ ᠢ ᠲᠡᠭᠦᠯᠳᠡᠷᠵᠢᠭᠦᠯᠵᠦ᠂ | ᠭᠤᠣᠯᠯᠠᠨ ᠭᠦᠢᠴᠡᠳᠭᠡᠬᠦ᠂ ᠬᠠᠮᠵᠢᠯᠴᠠᠨ ᠭᠦᠢᠴᠡᠳᠬᠡᠬᠦ ᠪᠠᠶᠢᠭᠤᠯᠭ᠎ᠠ ᠨᠢᠭᠡᠴᠡ ᠶᠢᠨ ᠠᠵᠢᠯ ᠤᠨ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠲᠣᠳᠤᠷᠬᠠᠶᠢᠯᠠᠨ᠂ ᠠᠷᠠᠳ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ ᠭᠦᠢᠴᠡᠳᠬᠡᠬᠦ ᠳᠡᠰ | ᠳᠠᠷᠠᠭᠠᠯᠠᠯ ᠢ ᠴᠢᠩᠭᠠᠳᠬᠠᠪᠠ᠃ ᠡᠯ᠎ᠡ ᠬᠠᠷᠢᠭᠤᠴᠠᠨ ᠬᠦᠢᠴᠡᠳᠬᠡᠬᠦ ᠪᠠᠶᠢᠭᠤᠯᠭ᠎ᠠ ᠨᠢᠭᠡᠴᠡ ᠠᠴᠠ ᠬᠦᠢᠴᠡᠳᠬᠡᠬᠦ ᠠᠴᠠ | ᠡᠮᠦᠨ᠎ᠡ ︽ᠰᠣᠷᠪᠤᠯᠵᠢᠠᠯᠠᠨ ᠣᠶᠢᠯᠠᠭᠠᠬᠤ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠲᠥᠯᠥᠭᠡᠯᠡᠭᠴᠢᠳ ᠤᠨ | ᠳᠤᠷᠠᠳᠤᠭᠰᠠᠨ ᠰᠠᠨᠠᠭᠤᠯᠭ᠎ᠠ ᠶᠢᠨ ᠤᠭ ᠰᠠᠨᠠᠭ᠎ᠠ ᠵᠢᠴᠢ ᠭᠦᠢᠴᠡᠳᠭᠡᠬᠦ ᠱᠠᠭᠠᠷᠳᠠᠯᠭ᠎ᠠ ᠶᠢ ᠣᠶᠢᠯᠠᠭᠠᠪᠠ︔ | ᠬᠦᠢᠴᠡᠳᠬᠡᠬᠦ ᠶᠠᠪᠤᠴᠠ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠲᠥᠯᠥᠭᠡᠯᠡᠭᠴᠢ ᠲᠠᠢ ᠬᠠᠮᠲᠤ ᠪᠠᠷ | ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠲᠣᠭᠲᠠᠭᠠᠪᠠ︔ ᠰᠠᠨᠠᠭᠤᠯᠭ᠎ᠠ ᠶᠢ ᠭᠦᠢᠴᠡᠳᠭᠡᠭᠰᠡᠨ ᠪᠠᠶᠢᠳᠠᠯ ᠤᠨ ᠲᠣᠬᠠᠢ | ᠣᠯᠠᠨ ᠠᠷᠭ᠎ᠠ ᠵᠠᠮ ᠢᠶᠠᠷ ᠰᠠᠨᠠᠯ ᠰᠠᠨᠠᠭᠤᠯᠭ᠎ᠠ ᠶᠢ ᠬᠤᠷᠢᠶᠠᠵᠤ᠂ ᠲᠥᠯᠥᠭᠡᠯᠡᠭᠴᠢ ᠶᠢ ᠰᠡᠳᠬᠢᠯ ᠬᠠᠨᠤᠮᠵᠢᠲᠠᠶ | ᠪᠠᠶᠢᠯᠭᠠᠬᠤ ᠶᠢ ᠦᠨᠡᠨ ᠬᠦ ᠪᠡᠶᠡᠯᠡᠭᠦᠯᠪᠡ᠃ ᠵᠢᠱᠢᠶᠡᠯᠡᠪᠡᠯ᠂ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ︽ | ᠰᠠᠭᠤᠭᠠᠯᠢ ᠠᠷᠠᠳ ᠤᠨ ᠬᠤᠪᠢ ᠬᠥᠮᠦᠨ ᠤ ᠰᠣᠨᠢᠨ ᠵᠠᠬᠢᠶᠠᠯᠠᠵᠤ ᠬᠦᠷᠭᠡᠬᠦ ᠶᠢ ᠤᠳᠠᠭᠠᠰᠢᠷᠠᠭᠤᠯᠤᠭᠰᠠᠨ ᠠᠰᠠᠭᠤᠳᠠᠯ ᠢ | ᠲᠣᠬᠢᠲᠠᠶ ᠰᠢᠢᠳᠪᠦᠷᠢᠯᠡᠬᠦ ᠲᠤᠬᠠᠶ ᠰᠠᠨᠠᠭᠤᠯᠭ᠎ᠠ︾ ᠶᠢ ᠣᠯᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠪᠠᠶᠢᠴᠠᠭᠠᠨ | ᠰᠤᠳᠤᠯᠵᠤ ᠬᠢᠨᠠᠨ ᠬᠠᠷᠭᠤᠭᠤᠯᠤᠭᠠᠳ᠂ ᠣᠷᠣᠰᠢᠵᠤ ᠪᠠᠶᠢᠭ᠎ᠠ ᠬᠤᠪᠢ ᠬᠥᠮᠦᠨ ᠤ ᠰᠣᠨᠢᠨ ᠵᠠᠬᠢᠶᠠᠯᠠᠵᠤ ᠬᠦᠷᠭᠡᠬᠦ ᠶᠢ | ᠤᠳᠠᠭᠠᠰᠢᠷᠠᠭᠤᠯᠤᠭᠰᠠᠨ ᠠᠰᠠᠭᠤᠳᠠᠯ ᠢ ᠵᠣᠬᠢᠴᠠᠩᠭᠤᠶ ᠰᠢᠢᠳᠪᠦᠷᠢᠯᠡᠭᠰᠡᠨ ᠪᠥᠭᠡᠳ ᠲᠥᠯᠥᠭᠡᠯᠡᠭᠴᠢ ᠶᠢᠨ ᠰᠠᠨᠠᠯ ᠢ | ᠭᠦᠢᠴᠡᠳ ᠬᠤᠷᠢᠶᠠᠭᠰᠠᠨ ᠰᠠᠭᠤᠷᠢᠨ ᠳᠡᠭᠡᠷ᠎ᠡ᠂ ᠰᠣᠨᠢᠨ ᠵᠠᠬᠢᠶᠠᠯᠠᠵᠤ ᠬᠦᠷᠭᠡᠬᠦ ᠵᠠᠮ ᠱᠣᠭᠤᠮ ᠢ ᠡᠮᠬᠢᠯᠡᠨ | ᠨᠡᠶᠢᠯᠡᠭᠦᠯᠵᠦ ᠰᠢᠯᠢᠳᠡᠭᠵᠢᠭᠦᠯᠬᠦ ᠵᠡᠷᠭᠡ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ | ᠲᠥᠯᠥᠭᠡᠯᠡᠭᠴᠢ ᠶᠢᠨ ᠳᠤᠷᠠᠳᠤᠭᠰᠠᠨ ᠰᠠᠨᠠᠭᠤᠯᠭ᠎ᠠ ᠳᠤ ᠬᠤᠯᠪᠣᠭᠳᠠᠭᠰᠠᠨ ᠠᠰᠠᠭᠤᠳᠠᠯ ᠢ ᠪᠦᠷᠢᠨ ᠪᠦᠲᠦᠮᠵᠢᠲᠠᠢ | ᠰᠢᠢᠳᠪᠦᠷᠢᠯᠡᠬᠦ ᠶᠢ ᠪᠠᠲᠤᠯᠠᠪᠠ᠃ ᠵᠢᠱᠢᠶᠡᠯᠡᠪᠡᠯ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠤᠷᠤᠭᠰᠢᠯᠠᠯᠲᠠ ᠵᠠᠮ᠂ | ᠪᠦᠷᠢᠨ ᠪᠠᠷᠠᠭᠠᠲᠤ ᠳᠡᠯᠭᠡᠭᠦᠷ᠂ ᠶᠢᠨ ᠶᠧ ᠶᠢᠨ ᠡᠮᠦᠨᠡᠬᠢ ᠵᠠᠮ ᠤᠨ ᠬᠠᠰᠢᠯᠠᠭ᠎ᠠ ᠶᠢ ᠨᠤᠷᠠᠭᠠᠬᠤ ᠰᠠᠨᠠᠭᠤᠯᠭ᠎ᠠ︾ ᠶᠢ | ᠬᠦᠢᠴᠡᠳᠬᠡᠬᠦ ᠳᠡᠭᠡᠨ᠂ ᠬᠤᠲᠠ ᠶᠢᠨ ᠲᠥᠪ ᠲᠣᠭᠤᠷᠢᠭ ᠤᠨ ᠵᠠᠮ ᠬᠠᠷᠢᠯᠴᠠᠭᠠᠨ ᠤ ᠪᠠᠶᠢᠳᠠᠯ ᠪᠠ ︽ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ︾ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠦᠷ ᠴᠠᠭ ᠵᠠᠮ ᠤᠨ | ᠬᠠᠰᠢᠯᠠᠭ᠎ᠠ ᠶᠢ ᠨᠤᠷᠠᠭᠠᠬᠤ ᠳᠤ ᠳᠣᠭᠢᠷᠠᠬᠤ ᠥᠬᠡᠶ ᠪᠠᠶᠢᠳᠠᠯ ᠢ ᠲᠥᠯᠥᠭᠡᠯᠡᠭᠴᠢᠳ ᠲᠤ ᠬᠠᠤᠯᠢ ᠲᠣᠭᠲᠠᠭᠠᠯ ᠶᠣᠰᠣᠭᠠᠷ | ᠲᠠᠶᠢᠯᠪᠤᠷᠢᠯᠠᠨ ᠲᠣᠳᠤᠷᠬᠠᠶᠢᠯᠠᠵᠤ ᠲᠥᠯᠥᠭᠡᠯᠡᠭᠴᠢ ᠶᠢᠨ ᠣᠶᠢᠯᠠᠭᠠᠯᠲᠠ ᠶᠢ ᠣᠯᠤᠭᠰᠠᠨ ᠪᠠᠶᠢᠨ᠎ᠠ᠃ | | ︵ᠭᠤᠷᠪᠠ︶ ᠦᠷᠭᠦᠯᠵᠢᠯᠡᠨ ᠠᠬᠢᠭᠤᠯᠬᠤ ᠶᠢ ᠴᠢᠬᠤᠯᠠᠴᠢᠯᠠᠵᠤ᠂ ᠬᠦᠢᠴᠡᠳᠬᠡᠭᠰᠡᠨ ᠦᠷ᠎ᠡ ᠪᠦᠲᠦᠭᠡᠯ ᠢᠶᠠᠨ | ᠪᠠᠬᠢᠵᠢᠬᠦᠯᠪᠡ᠃ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠤᠳᠠᠭ᠎ᠠ ᠪᠦᠷᠢ ᠶᠢᠨ ᠬᠤᠷᠠᠯᠳᠤᠭᠠᠨ ᠤ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠡᠯ᠎ᠡ ᠬᠠᠷᠢᠭᠤᠴᠠᠨ | ᠬᠦᠢᠴᠡᠳᠬᠡᠬᠦ ᠰᠠᠯᠠᠭ᠎ᠠ ᠮᠥᠴᠢᠷ ᠲᠣᠭᠲᠠᠭᠰᠠᠨ ᠬᠤᠭᠤᠴᠠᠭᠠᠨ ᠳᠤ ᠬᠦᠢᠴᠡᠳᠭᠡᠨ ᠬᠠᠷᠢᠭᠤᠯᠲᠠ ᠥᠭᠭᠦᠭᠰᠡᠨ ᠤ | ᠳᠠᠷᠠᠭ᠎ᠠ᠂ ᠬᠤᠲᠠ ᠶᠢᠨ ᠵᠠᠰᠠᠭ ᠤᠨ ᠣᠷᠳᠣᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ ᠶᠢ | ᠠᠬᠢᠭᠤᠯᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠳᠥᠷᠪᠡᠳᠦᠭᠡᠷ ᠬᠤᠷᠠᠯᠳᠤᠭᠠᠨ | ᠬᠦᠷᠲᠡᠯᠡᠬᠢ ᠬᠤᠭᠤᠴᠠᠭᠠᠨ ᠳᠠᠬᠢ ᠬᠠᠷᠢᠭᠤᠴᠠᠨ ᠭᠦᠢᠴᠡᠳᠭᠡᠭᠰᠡᠨ ᠲᠥᠯᠥᠭᠡᠯᠡᠭᠴᠢ ᠶᠢᠨ ᠰᠠᠨᠠᠭᠤᠯᠭ᠎ᠠ ᠶᠢᠨ B | ᠲᠥᠷᠥᠯ ᠤᠨ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠵᠦ᠂ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠶᠢ | ᠵᠣᠬᠢᠶᠠᠨ ᠪᠠᠶᠢᠭᠤᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ | ᠭᠦᠢᠴᠡᠳᠭᠡᠭᠰᠡᠨ ᠪᠠᠶᠢᠳᠠᠯ ᠢ ︽ᠡᠷᠭᠢᠨ ᠬᠠᠷᠠᠬᠤ︾ ᠠᠵᠢᠯ ᠢ ᠥᠷᠨᠢᠭᠦᠯᠵᠦ᠂ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ | ᠨᠣᠷᠮ᠎ᠠ ᠶᠢ ᠬᠦᠴᠦᠯᠡᠨ ᠳᠡᠭᠡᠭᠰᠢᠯᠡᠭᠦᠯᠵᠦ᠂ ︽ᠬᠠᠷᠢᠭᠤᠯᠲᠠ ᠥᠭᠬᠦ ᠶᠢ ᠴᠢᠬᠤᠯᠠᠴᠢᠯᠠᠨ᠂ | ᠨᠠᠶᠢᠳᠠᠪᠤᠷᠢᠵᠢᠭᠤᠯᠤᠯᠲᠠ ᠶᠢ ᠬᠥᠩᠭᠡᠪᠴᠢᠯᠡᠬᠦ︾ ᠪᠠ ︽ᠵᠥᠪᠬᠡᠨ ᠬᠠᠷᠢᠭᠤᠯᠲᠠ ᠥᠭᠬᠦ ᠠᠴᠠ ᠪᠢᠰᠢ | ᠨᠠᠶᠢᠳᠠᠪᠤᠷᠢᠵᠢᠭᠤᠯᠬᠤ ᠦᠭᠡᠢ︾ ᠦᠵᠡᠭᠳᠡᠯ ᠢ ᠦᠨᠡᠨᠬᠦ ᠠᠷᠢᠯᠭᠠᠵᠤ᠂ ᠲᠣᠰ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ ᠵᠣᠬᠢᠰᠲᠠᠢ ᠰᠢᠢᠳᠪᠦᠷᠢᠯᠡᠬᠦ ᠶᠢ | ᠦᠨᠡᠨᠬᠦ ᠪᠠᠲᠤᠯᠠᠪᠠ᠃ ᠣᠯᠠᠨ ᠲᠦᠮᠡᠨ ᠤ ᠠᠩᠬᠠᠷᠤᠯ ᠤᠨ ᠬᠡᠮᠵᠢᠶ᠎ᠡ ᠪᠠᠷ ᠨᠡᠯᠢᠶᠡᠳ ᠥᠨᠳᠥᠷ ᠵᠠᠷᠢᠮ ᠰᠠᠨᠠᠭᠤᠯᠭ᠎ᠠ ᠳᠤ | ᠂ ᠰᠠᠯᠠᠭ᠎ᠠ ᠮᠥᠴᠢᠷ ᠤᠨ ᠬᠢᠨ ᠢ ᠠᠵᠢᠯ ᠤᠨ ᠰᠡᠳᠬᠢᠴᠡ ᠪᠠᠨ ᠦᠷᠭᠡᠳᠬᠡᠨ᠂ ᠠᠵᠢᠯ ᠤᠨ ᠠᠷᠭ᠎ᠠ ᠬᠡᠮᠵᠢᠶ᠎ᠡ ᠪᠠᠨ | ᠰᠢᠨᠡᠴᠢᠯᠡᠵᠦ᠂ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠵᠢᠱᠢᠶᠡᠯᠡᠪᠡᠯ᠂ | ︽ᠮᠠᠨ ᠤ ᠬᠤᠲᠠ ᠶᠢᠨ ᠳᠤᠯᠠᠭᠠᠯᠠᠭ᠎ᠠ ᠬᠠᠩᠭᠠᠯᠳᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ᠶᠢ ᠳᠣᠭᠳᠠᠭᠠᠨ | ᠬᠡᠷᠡᠭᠵᠢᠭᠦᠯᠬᠦ ᠲᠤᠬᠠᠶ ᠰᠠᠨᠠᠭᠤᠯᠭ᠎ᠠ︾ ᠶᠢ ᠭᠦᠢᠴᠡᠳᠭᠡᠬᠦ ᠳᠤ᠂ ᠳᠤᠯᠠᠭᠠᠯᠠᠭ᠎ᠠ ᠬᠠᠩᠭᠠᠬᠤ ᠵᠠᠬ᠎ᠠ ᠳᠡᠯᠭᠡᠭᠦᠷ ᠢ ᠤᠯᠠᠮ | ᠨᠢᠭᠡ ᠠᠯᠬᠤᠮ ᠵᠢᠷᠤᠮᠵᠢᠭᠤᠯᠵᠤ᠂ ᠰᠠᠭᠤᠭᠠᠯᠢ ᠠᠷᠠᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ | ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ᠡᠷᠭᠢᠨ ᠲᠣᠭᠤᠷᠢᠨ ᠤ ᠡᠯ᠎ᠡ ᠬᠤᠰᠢᠭᠤ ᠰᠢᠶᠠᠨ ᠤ ᠳᠤᠯᠠᠭᠠᠯᠠᠭ᠎ᠠ | ᠬᠠᠩᠭᠠᠯᠳᠠ ᠶᠢᠨ ᠬᠡᠷᠡᠭᠵᠢᠭᠦᠯᠬᠦ ᠠᠷᠭ᠎ᠠ ᠶᠢ ᠪᠦᠬᠦ ᠲᠠᠯ᠎ᠠ ᠪᠠᠷ ᠯᠠᠪᠯᠠᠯᠲᠠ ᠪᠣᠯᠭᠠᠬᠤ ᠶᠢᠨ ᠬᠠᠮᠲᠤ ᠮᠠᠨ ᠤ ᠬᠤᠲᠠ ᠶᠢᠨ | ᠪᠣᠳᠠᠲᠤ ᠪᠠᠢᠳᠠᠯ ᠲᠠᠢ ᠤᠶᠠᠯᠳᠤᠭᠤᠯᠤᠨ᠂ ᠮᠠᠨ ᠤ ᠬᠤᠲᠠ ᠶᠢᠨ ᠳᠤᠯᠠᠭᠠᠯᠠᠭ᠎ᠠ ᠬᠠᠩᠭᠠᠯᠳᠠ ᠶᠢᠨ ᠬᠠᠮᠢᠶᠠᠷᠤᠯᠲᠠ ᠶᠢᠨ | ᠬᠡᠷᠡᠭᠵᠢᠭᠦᠯᠬᠦ ᠠᠷᠭ᠎ᠠ ᠶᠢᠨ ᠡᠬᠡ ᠨᠣᠣᠷᠠᠭ ᠢ ᠲᠤᠭᠤᠷᠪᠢᠵᠤ᠂ ᠣᠳᠤ ᠶᠠᠭ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠰᠠᠨᠠᠯ ᠢ ᠬᠤᠷᠢᠶᠠᠵᠤ ᠪᠠᠶᠢᠨ᠎ᠠ᠂ ᠵᠢᠩᠬᠢᠨᠢ ᠪᠠᠷ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ ᠴᠢᠩᠭ᠎ᠠ ᠯᠠᠪᠯᠠᠯᠲᠠ ᠪᠣᠯᠭᠠᠨ | ᠬᠡᠷᠡᠭᠵᠢᠭᠦᠯᠦᠨ᠎ᠡ᠃ ᠥᠩᠭᠡᠷᠡᠭᠰᠡᠨ ᠳᠤ ᠲᠥᠷᠥ ᠶᠢᠨ ᠪᠣᠳᠣᠯᠭ᠎ᠠ ᠶᠢᠨ ᠬᠢᠵᠠᠭᠠᠷᠯᠠᠯ ᠵᠡᠷᠭᠡ ᠰᠢᠯᠲᠠᠭᠠᠨ ᠠᠴᠠ ᠪᠣᠯᠵᠣ | ᠭᠦᠢᠴᠡᠳᠬᠡᠵᠦ ᠳᠡᠶᠢᠯᠦᠭᠰᠡᠨ ᠥᠬᠡᠶ ᠵᠠᠷᠢᠮ ᠲᠥᠯᠥᠭᠡᠯᠡᠭᠴᠢ ᠶᠢᠨ ᠰᠠᠨᠠᠭᠤᠯᠭ᠎ᠠ ᠶᠢ ᠬᠤᠲᠠ ᠶᠢᠨ ᠵᠠᠰᠠᠭ ᠤᠨ | ᠣᠷᠳᠣᠨ ᠤ ᠨᠢᠭᠡᠳᠦᠯᠲᠡᠶ ᠲᠣᠬᠢᠷᠠᠭᠤᠯᠤᠯᠲᠠ ᠳᠤᠤᠷ᠎ᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠦᠷᠭᠦᠯᠵᠢᠯᠡᠨ | ᠬᠦᠴᠦᠯᠡᠵᠦ᠂ ᠳᠡᠭᠡᠭᠰᠢ ᠬᠦᠭᠡᠭᠡᠴᠡᠯᠳᠦᠨ ᠤᠯᠬᠤ ᠡᠷᠴᠢᠮ ᠢᠶᠠᠨ ᠴᠢᠩᠭᠠᠷᠠᠭᠤᠯᠤᠨ᠂ ᠰᠠᠨᠠᠭᠤᠯᠭ᠎ᠠ ᠳᠤ ᠳᠤᠷᠠᠳᠤᠭᠰᠠᠨ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠠᠬᠢᠭᠤᠯᠪᠠ᠃ ᠵᠢᠱᠢᠶᠡᠯᠡᠪᠡᠯ᠂ ︽ᠠᠳᠠᠯᠢ ᠠᠵᠢᠯ ᠳᠤ ᠠᠳᠠᠯᠢ | ᠴᠠᠯᠢᠩ ᠲᠠᠢ ᠪᠠᠭᠰᠢ ᠨᠠᠷ ᠤᠨ ᠬᠦᠯᠦᠰᠦ ᠤᠯᠠᠭᠤᠮᠵᠢ ᠶᠢ ᠰᠢᠢᠳᠪᠦᠷᠢᠯᠡᠬᠦ ᠲᠤᠬᠠᠶ ᠰᠠᠨᠠᠭᠤᠯᠭ᠎ᠠ︾ ᠂ ︽ᠠᠵᠢᠯ | ᠦᠢᠯᠠᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠲᠦᠷᠢᠮ︾ ᠤᠨ ᠶᠣᠰᠣᠭᠠᠷ᠂ ᠠᠯᠪᠠᠨ | ᠪᠠᠶᠢᠭᠤᠯᠭ᠎ᠠ ᠠᠵᠢᠯ ᠦᠢᠯᠠᠰ ᠤᠨ ᠨᠢᠭᠡᠴᠡ ᠳᠤ ᠠᠵᠢᠯᠲᠠᠨ ᠡᠯᠰᠡᠬᠦ ᠳᠤ ᠡᠷᠬᠡᠪᠰᠢ ᠵᠠᠪᠠᠯ ᠰᠢᠯᠭᠠᠯᠲᠠ ᠪᠠᠷ ᠳᠠᠮᠵᠢᠬᠤ | ᠵᠡᠷᠭᠡ ᠵᠠᠷᠴᠢᠮ ᠢ ᠵᠢᠷᠤᠮᠯᠠᠬᠤ ᠬᠡᠷᠡᠭᠲᠡᠶ ᠳᠣᠯᠠ᠂ ᠠᠳᠠᠯᠢ ᠠᠵᠢᠯ ᠳᠤ ᠠᠳᠠᠯᠢ ᠴᠠᠯᠢᠩ ᠲᠠᠢ ᠪᠠᠭᠰᠢ ᠨᠠᠷ ᠲᠤ | ᠰᠢᠭᠤᠳ ᠣᠷᠤᠨ ᠲᠤᠭ᠎ᠠ ᠣᠯᠭᠤᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠥᠬᠡᠶ᠂ ᠭᠡᠪᠡᠴᠦ | ᠠᠳᠠᠯᠢ ᠠᠵᠢᠯ ᠳᠤ ᠠᠳᠠᠯᠢ ᠴᠠᠯᠢᠩ ᠲᠠᠢ ᠪᠠᠭᠰᠢ ᠨᠠᠷ ᠤᠨ ᠣᠷᠣᠨ ᠲᠤᠭ᠎ᠠ ᠶᠢᠨ ᠠᠰᠠᠭᠤᠳᠠᠯ ᠢ ᠦᠨᠡᠨᠬᠦ | ᠰᠢᠢᠳᠪᠦᠷᠢᠯᠡᠵᠦ᠂ ᠪᠦᠬᠦ ᠬᠤᠲᠠ ᠶᠢᠨ ᠰᠣᠷᠭᠠᠨ ᠬᠦᠮᠦᠵᠢᠯ ᠤᠨ ᠪᠠᠭᠰᠢ ᠶᠢᠨ ᠬᠦᠴᠦᠨ ᠢ ᠴᠢᠩᠭᠠᠳᠬᠠᠬᠤ ᠶᠢᠨ | ᠲᠦᠯᠦᠭᠡ᠂ ᠮᠠᠨ ᠤ ᠬᠤᠲᠠ ᠪᠠᠭᠰᠢ ᠶᠢᠨ ᠲᠤᠰᠠᠬᠠᠢ ᠣᠷᠣᠨ ᠲᠤᠭ᠎ᠠ ᠶᠢ ᠢᠳᠡᠪᠬᠢᠲᠠᠢ ᠪᠠᠷ ᠳᠡᠭᠡᠭᠰᠢ ᠬᠦᠭᠡᠴᠡᠯᠳᠦᠨ᠂ | ᠡᠨᠡ ᠵᠢᠯ ᠠᠴᠠ ᠨᠠᠰᠢ ᠨᠡᠶᠢᠲᠡ 43 ᠪᠠᠭᠰᠢ ᠡᠯᠰᠡᠵᠦ᠂ ᠡᠭᠦᠨ ᠤ ᠳᠣᠲᠣᠷ᠎ᠠ ᠠᠳᠠᠯᠢ ᠠᠵᠢᠯ ᠳᠤ ᠠᠳᠠᠯᠢ ᠴᠠᠯᠢᠩ | ᠲᠠᠢ 12 ᠪᠠᠭᠰᠢ ᠶᠢᠨ ᠣᠷᠤᠨ ᠲᠤᠭ᠎ᠠ ᠶᠢᠨ ᠠᠰᠠᠭᠤᠳᠠᠯ ᠢ ᠰᠢᠢᠳᠪᠦᠷᠢᠯᠡᠵᠡᠢ᠃ ᠡᠭᠦᠨ ᠤ ᠬᠠᠮᠲᠤ᠂ ︽ | ᠴᠢᠳᠠᠪᠤᠷᠢᠲᠠᠨ ᠢ ᠳᠡᠷᠢᠭᠦᠨ ᠳᠤ ᠪᠣᠳᠣᠯᠬᠢᠯᠠᠬᠤ᠂ ᠬᠡᠷᠡᠭᠯᠡᠯᠲᠡ ᠪᠠᠷ ᠦᠨᠳᠦᠰᠦ ᠪᠣᠯᠭᠠᠬᠤ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ︾ ᠵᠠᠷᠴᠢᠮ ᠶᠣᠰᠣᠭᠠᠷ᠂ ︽ᠡᠷᠢᠶᠡᠨ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠲᠣᠭᠲᠠᠭᠠᠨ ᠲᠠᠷᠬᠠᠭᠠᠪᠠ᠂ ᠣᠶᠢᠷ᠎ᠠ ᠶᠢᠨ ᠵᠢᠯ ᠳᠤ᠂ ᠡᠯ᠎ᠡ | ᠠᠵᠢᠯ ᠲᠥᠷᠥᠯ ᠤᠨ ᠴᠢᠳᠠᠪᠤᠷᠢᠲᠠᠨ ᠢ 22 ᠣᠷᠣᠭᠤᠯᠤᠨ ᠠᠪᠴᠢᠷᠠᠵᠤ᠂ ᠡᠭᠦᠨ ᠤ ᠳᠣᠲᠤᠷ᠎ᠠ 9 ᠪᠠᠭᠰᠢ ᠪᠠᠭᠲᠠᠨ᠎ᠠ | ᠃ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ ᠠᠴᠠ ᠨᠠᠰᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠦᠷᠭᠦᠯᠵᠢᠯᠡᠨ ᠬᠦᠴᠦᠯᠡᠬᠦ ᠪᠠᠷ ᠳᠠᠮᠵᠢᠨ | ᠂ ᠲᠦᠷᠦᠭᠦᠦ ᠭᠤᠷᠪᠠᠨ ᠤᠳᠠᠭᠠᠨ ᠤ ᠬᠤᠷᠠᠯᠳᠤᠭᠠᠨ ᠤ B ᠲᠥᠷᠥᠯ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠵᠢᠨᠰᠠᠨᠠᠭᠤᠯᠭᠠ ᠶᠢ 6 ᠬᠤᠪᠢ ᠪᠣᠯᠤᠨ ᠪᠠᠭᠤᠷᠠᠭᠤᠯᠵᠣ᠂ ᠡᠮᠦᠨᠡᠬᠢ ᠠᠴᠠ ᠪᠠᠨ 40 | % ᠪᠠᠷ ᠪᠠᠭᠤᠷᠠᠭᠤᠯᠪᠠ᠃ ᠣᠳᠣᠬᠠᠨ ᠪᠣᠯᠲᠠᠯ᠎ᠠ᠂ ᠲᠣᠰ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠨᠡᠶᠢᠲᠡ 87 ᠬᠤᠪᠢ ᠭᠦᠢᠴᠡᠳᠭᠡᠵᠤ᠂ ᠭᠦᠢᠴᠡᠳᠭᠡᠵᠤ | ᠳᠡᠶᠢᠯᠬᠦ ᠰᠠᠨᠠᠯ ᠰᠠᠨᠠᠭᠤᠯᠭ᠎ᠠ ᠶᠢᠨ 82.7 % ᠶᠢ ᠡᠵᠡᠯᠡᠪᠡ᠃ | | ︵ᠳᠥᠷᠪᠡ︶ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠦᠢᠴᠡᠳᠭᠡᠬᠦ ᠶᠠᠰᠤ ᠴᠢᠨᠠᠷ ᠢ ᠪᠠᠲᠤᠯᠠᠪᠠ᠃ | ᠡᠯ᠎ᠡ ᠬᠠᠷᠢᠭᠤᠴᠠᠨ ᠭᠦᠢᠴᠡᠳᠭᠡᠬᠦ ᠪᠠᠶᠢᠭᠤᠯᠭ᠎ᠠ ᠨᠢᠭᠡᠴᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠲᠥᠯᠥᠭᠡᠯᠡᠭᠴᠢᠳ ᠤᠨ | ᠰᠠᠨᠠᠯ ᠢ ᠨᠠᠷᠢᠨ ᠨᠢᠮᠪᠠᠶ ᠬᠤᠷᠢᠶᠠᠵᠤ᠂ ᠲᠥᠯᠥᠭᠡᠯᠡᠭᠴᠢᠳ ᠤᠨ ᠤᠭ ᠰᠠᠨᠠᠭ᠎ᠠ ᠪᠠ ᠪᠣᠳᠣᠯ ᠰᠠᠨᠠᠯ ᠢ ᠣᠨᠣᠪᠴᠢᠲᠠᠶ | ᠡᠵᠡᠮᠰᠢᠭᠰᠡᠨ ᠰᠠᠭᠤᠷᠢᠨ ᠳᠡᠭᠡᠷ᠎ᠡ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠠᠨᠠᠭᠤᠯᠭ᠎ᠠ ᠪᠦᠷᠢ | ᠳᠤ ᠲᠥᠰᠦᠯ ᠲᠣᠭᠲᠠᠭᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠰᠠᠨᠠᠭᠤᠯᠭ᠎ᠠ ᠶᠢ ᠭᠦᠢᠴᠡᠳᠭᠡᠬᠦ | ᠠᠵᠢᠯ ᠢ ᠦᠨᠡᠨᠬᠦ ᠳᠥᠯᠭᠢᠨ ᠠᠬᠢᠭᠤᠯᠪᠠ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠥᠪᠯᠡᠷᠡᠭᠦᠯᠦᠨ | ᠲᠤᠰᠬᠠᠭᠰᠠᠨ᠂ ᠪᠠᠴᠢᠮ ᠰᠢᠢᠳᠪᠦᠷᠢᠯᠡᠬᠦ ᠴᠢᠬᠤᠯᠠᠲᠠᠶ ᠰᠠᠨᠠᠯ ᠰᠠᠨᠠᠭᠤᠯᠭ᠎ᠠ ᠶᠢ ᠡᠯ᠎ᠡ ᠬᠠᠷᠢᠭᠤᠴᠠᠨ ᠭᠦᠢᠴᠡᠳᠭᠡᠬᠦ | ᠪᠠᠶᠢᠭᠤᠯᠭ᠎ᠠ ᠠᠷᠭ᠎ᠠ ᠪᠦᠬᠦᠨ ᠢ ᠰᠦᠪᠡᠭᠴᠢᠯᠡᠨ᠂ ᠬᠦᠴᠦᠨ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ | ᠳᠥᠯᠭᠢᠨ ᠠᠬᠢᠭᠤᠯᠪᠠ᠃ ᠵᠢᠱᠢᠶᠡᠯᠡᠪᠡᠯ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ | ᠪᠠᠴᠢᠮ ᠬᠡᠷᠡᠭᠰᠡᠬᠦ ᠡᠮᠨᠡᠯᠭᠡ ᠶᠢᠨ ᠴᠢᠳᠠᠪᠤᠷᠢᠲᠠᠨ ᠢ ᠰᠢᠢᠳᠪᠦᠷᠢᠯᠡᠬᠦ ᠲᠤᠬᠠᠶ ᠰᠠᠨᠠᠭᠤᠯᠭ᠎ᠠ︾ ᠨᠢ᠂ ᠪᠦᠬᠦ ᠬᠤᠲᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠶᠡᠭᠡ ᠲᠠᠯ᠎ᠠ ᠲᠠᠢ ᠬᠤᠯᠪᠤᠭᠳᠠᠬᠤ ᠲᠤᠯᠠ᠂ ᠵᠠᠰᠠᠭ ᠤᠨ | ᠣᠷᠳᠣᠨ ᠤ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠰᠤᠳᠤᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠵᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠯᠥᠪᠯᠡᠭᠡ ᠪᠠ ᠲᠤᠰᠬᠠᠢ ᠮᠡᠷᠭᠡᠵᠢᠯ ᠤᠨ ᠠᠵᠢᠯᠲᠠᠨ ᠢ | ᠤᠷᠢᠨ ᠬᠡᠷᠡᠭᠯᠡᠬᠦ ᠲᠥᠰᠦᠯ ᠢ ᠲᠣᠭᠲᠠᠭᠠᠵᠤ᠂ ᠡᠨᠡ ᠵᠢᠯ ᠠᠴᠠ ᠨᠠᠰᠢ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠲᠥᠪ ᠲᠤ 5 ᠲᠤᠰᠬᠠᠢ ᠮᠡᠷᠭᠡᠵᠢᠯ ᠤᠨ ᠠᠵᠢᠯᠲᠠᠨ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠳᠤ 2 ᠠᠵᠢᠯᠲᠠᠨ | ᠂ ᠬᠤᠲᠠ ᠶᠢᠨ ᠡᠮᠨᠡᠯᠭᠡ ᠶᠢᠨ ᠬᠤᠷᠢᠶ᠎ᠠ ᠳᠤ12 ᠠᠵᠢᠯᠲᠠᠨ᠂ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ 2 | ᠠᠵᠢᠯᠲᠠᠨ ᠶᠢ ᠣᠷᠣᠭᠤᠯᠤᠨ ᠠᠪᠴᠢᠷᠠᠵᠤ᠂ ᠮᠠᠨ ᠤ ᠬᠤᠲᠠ ᠶᠢᠨ ᠡᠮᠴᠢᠯᠡᠭᠡᠨ ᠤ ᠡᠩᠨᠡᠭᠡ ᠶᠢ ᠦᠨᠳᠦᠰᠦᠨ ᠠᠴᠠ ᠨᠢ | ᠪᠤᠵᠠᠭᠠᠶᠢᠷᠠᠭᠤᠯᠵᠤ᠂ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠪᠠᠲᠤ ᠪᠠᠬᠢ | ᠰᠠᠭᠤᠷᠢ ᠶᠢ ᠲᠠᠯᠪᠢᠵᠦ ᠦᠭᠴᠠᠢ᠃ ᠵᠢᠱᠢᠶᠡᠯᠡᠪᠡᠯ᠂ ︽ᠡᠷᠢᠶᠡᠨ ᠬᠤᠲᠠ ᠶᠢᠨ ᠠᠷᠠᠳ ᠤᠨ ᠴᠠᠬᠢᠯᠭᠠᠨ | ᠬᠥᠳᠡᠯᠭᠡᠭᠦᠷᠲᠦ ᠲᠡᠷᠭᠡ ᠶᠢᠨ ᠴᠠᠬᠢᠯᠭᠠᠨ ᠴᠡᠨᠡᠭᠯᠡᠬᠦ ᠠᠰᠠᠭᠤᠳᠠᠯ ᠢ ᠰᠢᠢᠳᠪᠦᠷᠢᠯᠡᠬᠦ ᠲᠤᠬᠠᠶ ᠰᠠᠨᠠᠭᠤᠯᠭ᠎ᠠ︾ ᠳᠤ᠂ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ | ᠭᠦᠢᠴᠡᠳ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ᠂ | 32 ᠰᠠᠭᠤᠭᠠᠯᠢ ᠲᠣᠭᠤᠷᠢᠭ ᠲᠤ 45 ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠰᠦᠢᠳᠬᠡᠯ ᠬᠤᠷᠢᠶᠠᠬᠤ ᠥᠬᠡᠶ ᠪᠠᠷ | ᠤᠭᠰᠠᠷᠠᠨ ᠥᠭᠴᠦ᠂ 450 ᠴᠠᠬᠢᠯᠭᠠᠨ ᠴᠡᠨᠡᠭᠯᠡᠬᠦ ᠪᠠᠶᠢᠷᠢ ᠬᠠᠩᠭᠠᠭᠰᠠᠨ ᠪᠠᠶᠢᠨ᠎ᠠ᠃ ᠡᠭᠦᠨ ᠤ ᠬᠠᠮᠲᠤ᠂ ︽ | ᠡᠷᠢᠶᠡᠨ ᠬᠤᠲᠠ ᠶᠢᠨ ᠬᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠢ ᠡᠮᠬᠢ ᠵᠢᠷᠤᠮ ᠲᠠᠢ ᠡᠷᠡᠭᠦᠯ ᠢᠶᠠᠷ | ᠬᠥᠭᠵᠢᠭᠦᠯᠬᠦ ᠲᠦᠷ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠵᠦ᠂ ᠴᠠᠬᠢᠯᠭᠠᠨ ᠴᠡᠨᠡᠭᠯᠡᠬᠦ ᠪᠤᠯᠠᠭᠠᠷᠢ ᠶᠢᠨ ᠢᠵᠢ | ᠪᠥᠷᠢᠳᠦᠭᠦᠯᠬᠦ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠰᠢᠨ᠎ᠡ ᠪᠠᠷ ᠪᠠᠶᠢᠭᠤᠯᠬᠤ ᠬᠡᠷ ᠪᠠᠶᠢᠰᠢᠩ ᠭᠠᠵᠠᠷ | ᠬᠥᠷᠥᠩᠭᠡ ᠶᠢᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠣᠷᠣᠭᠤᠯᠵᠤ᠂ ᠰᠠᠭᠤᠭᠠᠯᠢ ᠠᠷᠠᠳ ᠤᠨ | ᠲᠥᠪᠯᠡᠷᠡᠭᠦᠯᠦᠨ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠦᠨᠡᠨᠬᠦ ᠬᠠᠩᠭᠠᠪᠠ᠃ ᠤᠷᠳᠤ ᠬᠤᠭᠤᠴᠠᠭ᠎ᠠ ᠪᠠᠷ | ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠴᠢᠬᠤᠯᠠᠲᠠᠶ ᠠᠰᠠᠭᠤᠳᠠᠯ ᠳᠤ᠂ ᠬᠠᠷᠢᠭᠤᠴᠠᠨ ᠭᠦᠢᠴᠡᠳᠭᠡᠬᠦ | ᠰᠠᠯᠠᠭ᠎ᠠ ᠮᠥᠴᠢᠷ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ | ᠲᠤᠬᠠᠶᠢᠯᠠᠭᠰᠠᠨ ᠠᠵᠢᠯ ᠲᠠᠢ ᠪᠠᠨ ᠦᠨᠡᠨᠬᠦ ᠤᠶᠠᠯᠳᠤᠭᠤᠯᠵᠤ᠂ ᠲᠥᠯᠥᠭᠡᠯᠡᠭᠴᠢ ᠶᠢᠨ ᠰᠠᠨᠠᠭᠤᠯᠭ᠎ᠠ ᠶᠢ ᠭᠦᠢᠴᠡᠳᠭᠡᠬᠦ | ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃ ᠵᠢᠱᠢᠶᠡᠯᠡᠪᠡᠯ᠂ ︽ | ᠡᠷᠢᠶᠡᠨ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠲᠡᠭᠦᠯᠳᠡᠷᠵᠢᠭᠦᠯᠬᠦ ᠲᠤᠬᠠᠶ ᠰᠠᠨᠠᠭᠤᠯᠭ᠎ᠠ︾ ᠶᠢ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ | ᠪᠡᠶ᠎ᠡ ᠪᠠᠷ ᠢᠶᠠᠨ ᠪᠠᠶᠢᠴᠠᠭᠠᠨ ᠰᠢᠢᠳᠪᠦᠷᠢᠯᠡᠵᠦ᠂ ᠵᠠᠰᠠᠮᠠᠯ ᠵᠠᠮ ᠤᠨ ᠪᠣᠭᠤᠮᠲᠠ ᠶᠢᠨ ᠠᠭᠤᠷᠬᠠᠶ ᠶᠢᠨ ᠭᠠᠷᠤᠯᠲᠠ ᠶᠢᠨ | ᠲᠤᠰᠬᠠᠶ ᠨᠡᠪᠲᠡᠷᠡᠬᠦ ᠭᠠᠷᠴᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠪᠣᠭᠤᠮᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠢᠨᠵᠧᠨᠧᠷᠢᠩ ᠢ ᠠᠬᠢᠭᠤᠯᠵᠣ᠂ ᠵᠠᠰᠠᠮᠠᠯ ᠵᠠᠮ ᠤᠨ ᠪᠣᠭᠤᠮᠲᠠ ᠶᠢᠨ ᠬᠢᠨᠠᠨ ᠡᠵᠡᠮᠳᠡᠬᠦ | ᠲᠥᠬᠦᠭᠡᠷᠦᠮᠵᠢ ᠶᠢ ᠥᠭᠡᠷᠡᠴᠢᠯᠡᠨ ᠰᠢᠨᠡᠳᠬᠡᠵᠦ ᠰᠡᠯᠪᠢᠨ ᠵᠠᠰᠠᠬᠤ ᠵᠡᠷᠭᠡ ᠠᠵᠢᠯ ᠢ ᠦᠷᠨᠢᠭᠦᠯᠬᠦ ᠪᠠᠷ ᠲᠠᠮᠵᠢᠭᠤᠯᠤᠨ᠂ | ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠪᠡ᠃ ᠤᠳᠤᠬᠠᠨ ᠪᠣᠯᠲᠠᠯ᠎ᠠ᠂ ᠵᠠᠰᠠᠮᠠᠯ ᠵᠠᠮ ᠤᠨ ᠪᠣᠭᠤᠮᠲᠠ ᠶᠢᠨ ᠠᠭᠤᠷᠬᠠᠶ ᠶᠢᠨ ᠭᠠᠷᠤᠯᠲᠠ ᠶᠢᠨ | ᠲᠤᠰᠬᠠᠶ ᠨᠡᠪᠲᠡᠷᠡᠬᠦ ᠭᠠᠷᠴᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ 78% ᠶᠢᠨ ᠪᠠᠷᠢᠯᠭ᠎ᠠ ᠶᠢᠨ | ᠠᠵᠢᠯ ᠢ ᠨᠢᠭᠡᠨᠲᠡ ᠲᠠᠭᠤᠰᠬᠠᠵᠦ᠂ ᠬᠢᠯᠢ ᠶᠢᠨ ᠪᠠᠶᠢᠴᠠᠭᠠᠯᠲᠠ ᠶᠢᠨ ᠪᠠᠶᠢᠴᠠᠭᠠᠨ ᠰᠢᠯᠭᠠᠬᠤ ᠲᠥᠬᠦᠭᠡᠷᠦᠮᠵᠢ᠂ ᠵᠠᠰᠠᠮᠠᠯ | ᠵᠠᠮ ᠤᠨ ᠪᠣᠭᠤᠮᠲᠠ ᠶᠢᠨ ᠬᠢᠨᠠᠨ ᠡᠵᠡᠮᠳᠡᠬᠦ ᠲᠥᠬᠦᠭᠡᠷᠦᠮᠵᠢ ᠶᠢ ᠨᠢᠭᠡᠨᠲᠡ ᠥᠭᠡᠷᠡᠴᠢᠯᠡᠨ ᠰᠢᠨᠡᠳᠬᠡᠵᠦ ᠰᠡᠯᠪᠢᠨ | ᠵᠠᠰᠠᠵᠤ ᠳᠠᠭᠤᠰᠬᠠᠨ᠂ ᠪᠣᠭᠤᠮᠲᠠ ᠶᠢᠨ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢ ᠲᠡᠰ ᠲᠡᠪᠰᠢᠭᠦᠯᠦᠨ | ᠦᠭᠡᠷᠡᠴᠢᠯᠡᠨ ᠰᠢᠨᠡᠳᠬᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠭᠲᠠᠭᠠᠨ ᠤᠷᠤᠭᠤᠯᠪᠠ︔ | ᠤᠶᠤᠨᠲᠤ ᠪᠣᠭᠤᠮᠲᠠ ᠶᠢᠨ ᠮᠡᠳᠡᠭᠡ ᠵᠠᠩᠭᠢᠴᠢᠯᠠᠯᠲᠠ ᠶᠢᠨ ᠶᠡᠷᠦᠩᠬᠡᠶᠢᠯᠡᠭᠰᠡᠨ ᠵᠢᠯᠣᠭᠤᠳᠬᠤ ᠲᠥᠪ ᠪᠠ ᠲᠡᠮᠦᠷ | ᠵᠠᠮ ᠤᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠪᠠᠶᠢᠴᠠᠭᠠᠯᠲᠠ ᠶᠢᠨ ᠪᠠᠶᠢᠴᠠᠭᠠᠨ ᠰᠢᠯᠭᠠᠬᠤ | ᠲᠤᠭᠤᠷᠢᠭ ᠤᠨ ᠴᠢᠳᠠᠮᠵᠢ ᠶᠢ ᠳᠡᠭᠡᠭᠰᠢᠯᠡᠭᠦᠯᠬᠦ ᠲᠥᠷᠥᠯ ᠵᠦᠢᠯ ᠤᠨ ᠪᠣᠯᠤᠮᠵᠢᠲᠤ ᠰᠤᠳᠤᠯᠭᠠᠨ ᠤ ᠠᠵᠢᠯ ᠢ ᠶᠠᠭ | ᠥᠷᠨᠢᠭᠦᠯᠵᠦ ᠪᠣᠶ᠃ ᠡᠭᠦᠨ ᠠᠴᠠ ᠭᠠᠳᠠᠨ᠎ᠠ᠂ ᠪᠣᠭᠤᠮᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠶᠢᠨ ᠲᠥᠯᠥᠭᠡ᠂ ᠲᠡᠭ | ᠺᠢᠯᠣᠮᠧᠲᠷ ᠤᠨ ᠴᠢᠩᠭᠡᠯᠢᠭ ᠢ ᠳᠡᠭᠦᠵᠢᠯᠡᠨ ᠤᠭᠰᠠᠷᠠᠬᠤ ᠠᠵᠢᠯ ᠤᠨ ᠲᠣᠭᠤᠷᠢᠭ ᠢ ᠰᠢᠨ᠎ᠡ ᠪᠠᠷ ᠪᠠᠶᠢᠭᠤᠯᠬᠤ᠂ ᠡᠯ᠎ᠡ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢ ᠴᠡᠭᠴᠡᠯᠡᠨ ᠰᠠᠶᠢᠵᠢᠷᠠᠭᠤᠯᠬᠤ᠂ ᠲᠡᠮᠦᠷ | ᠵᠠᠮ ᠤᠨ ᠠᠵᠢᠯᠯᠠᠬᠤ ᠲᠣᠭᠤᠷᠢᠭ ᠤᠨ ᠹᠢᠽᠢᠺ ᠤᠨ ᠲᠤᠰᠠᠭᠠᠷᠯᠠᠬᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ | ᠶᠢ ᠡᠬᠢᠯᠡᠭᠦᠯᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠭᠠᠳᠠᠭᠠᠳᠦ ᠠᠴᠠ ᠬᠠᠯᠳᠠᠪᠤᠷᠢᠯᠠᠨ ᠤᠷᠤᠵᠦ ᠢᠷᠡᠬᠦ ᠶᠢ | ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠨᠢᠭᠲᠠ ᠰᠦᠯᠵᠢᠵᠦ ᠪᠠᠬᠢᠵᠢᠭᠦᠯᠪᠡ᠃ | | ︵ᠲᠠᠪᠤ︶ ᠮᠦᠷᠳᠡᠨ ᠰᠢᠮᠳᠠᠭᠤᠯᠬᠤ ᠪᠠᠨ ᠴᠢᠩᠭᠠᠳᠬᠠᠵᠦ᠂ ᠭᠦᠢᠴᠡᠳᠭᠡᠬᠦ ᠶᠠᠪᠤᠴᠠ ᠶᠢ ᠢᠯᠡ ᠪᠤᠯᠭᠠᠬᠤ ᠶᠢ | ᠠᠬᠢᠭᠤᠯᠪᠠ᠃ ᠵᠠᠰᠠᠭ ᠤᠨ ᠣᠷᠳᠣᠨ ᠤ ᠠᠯᠪᠠᠨ ᠬᠡᠷ ᠠᠴᠠ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠭᠦᠢᠴᠡᠳᠭᠡᠬᠦ ᠰᠠᠨᠠᠯ ᠬᠤᠷᠢᠶᠠᠬᠤ ᠬᠦᠰᠦᠨᠦᠭᠲᠦ︾ ︽ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ | ᠭᠦᠢᠴᠡᠳᠭᠡᠬᠦ ᠬᠤᠭᠤᠴᠠᠭ᠎ᠠ ᠶᠢ ᠤᠷᠲᠤᠳᠬᠠᠬᠤ ᠭᠤᠶᠤᠴᠢᠯᠠᠯ ᠤᠨ ᠬᠦᠰᠦᠨᠦᠭᠲᠦ︾ ︽ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠳᠤ | ᠬᠠᠷᠢᠭᠤᠯᠲᠠ ᠦᠭᠬᠦ ᠰᠠᠨᠠᠯ ᠬᠤᠷᠢᠶᠠᠬᠤ ᠬᠦᠰᠦᠨᠦᠭᠲᠦ︾ ᠵᠡᠷᠭᠡ ᠳᠦᠷᠢᠮᠵᠢᠭᠰᠡᠨ ᠬᠦᠰᠦᠨᠦᠭᠲᠦ ᠶᠢ ᠨᠢᠭᠡᠳᠦᠯᠲᠡᠶ | ᠲᠣᠭᠲᠠᠭᠠᠵᠤ᠂ ᠰᠠᠨᠠᠭᠤᠯᠭ᠎ᠠ ᠶᠢ ᠭᠦᠢᠴᠡᠳᠭᠡᠬᠦ ᠠᠵᠢᠯ ᠢ ᠪᠥᠬᠦ ᠶᠠᠪᠤᠴᠠ ᠳᠤ ᠳᠦᠷᠢᠮᠵᠢᠭᠦᠯᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠶᠢ ᠭᠦᠢᠴᠡᠳᠭᠡᠬᠦ ᠠᠵᠢᠯ ᠢ ᠭᠤᠣᠯᠳᠠᠯᠭ᠎ᠠ ᠲᠠᠢ ᠰᠢᠮᠳᠠᠭᠤᠯᠤᠨ | ᠪᠠᠶᠢᠴᠠᠭᠠᠬᠤ ᠠᠭᠤᠯᠭ᠎ᠠ ᠳᠤ ᠣᠷᠣᠭᠤᠯᠵᠤ᠂ ᠭᠦᠢᠴᠡᠳᠭᠡᠬᠦ ᠶᠠᠪᠤᠴᠠ ᠳᠤ ᠪᠢᠴᠢᠭ ᠤᠨ ᠬᠡᠯᠪᠡᠷᠢ ᠪᠠᠷ ᠰᠢᠮᠳᠠᠭᠤᠯᠤᠨ | ᠭᠦᠢᠴᠡᠳᠭᠡᠯᠭᠡᠬᠦ᠂ ᠤᠳᠠᠰᠦ ᠪᠠᠷ ᠰᠢᠮᠳᠠᠭᠤᠯᠤᠨ ᠭᠦᠢᠴᠡᠳᠭᠡᠯᠭᠡᠬᠦ᠂ ᠲᠤᠰᠬᠠᠶ ᠲᠦᠷᠦᠯ ᠤᠨ ᠰᠢᠮᠳᠠᠭᠤᠯᠤᠨ | ᠪᠠᠶᠢᠴᠠᠭᠠᠬᠤ ᠵᠡᠷᠭᠡ ᠤᠯᠠᠨ ᠵᠦᠢᠯ ᠤᠨ ᠬᠡᠯᠪᠡᠷᠢ ᠶᠢ ᠠᠪᠴᠤ᠂ ᠰᠠᠨᠠᠭᠤᠯᠭ᠎ᠠ ᠶᠢ ᠭᠦᠢᠴᠡᠳᠭᠡᠬᠦ ᠠᠵᠢᠯ ᠢ | ᠦᠷᠭᠦᠯᠵᠢᠯᠡᠨ ᠮᠥᠷᠳᠡᠬᠦ ᠶᠢ ᠴᠢᠩᠭᠠᠳᠬᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠶᠢ ᠭᠦᠢᠴᠡᠳᠭᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ | ᠂ ᠡᠯ᠎ᠡ ᠬᠠᠷᠢᠭᠤᠴᠠᠨ ᠭᠦᠢᠴᠡᠳᠭᠡᠬᠦ ᠪᠠᠶᠢᠭᠤᠯᠭ᠎ᠠ ᠨᠢᠭᠡᠴᠡ ᠶᠢ ᠰᠠᠨᠠᠭᠤᠯᠭ᠎ᠠ ᠶᠢ ᠭᠦᠢᠴᠡᠳᠭᠡᠵᠦ ᠬᠠᠷᠢᠭᠤᠯᠲᠠ | ᠥᠭᠭᠦᠭᠰᠡᠨ ᠤ ᠲᠠᠷᠠᠭ᠎ᠠ᠂ ᠤᠯᠠᠨ ᠵᠦᠢᠯ ᠤᠨ ᠠᠷᠭ᠎ᠠ ᠮᠠᠶ᠋ᠢᠭ ᠢᠶᠠᠷ ᠲᠦᠯᠦᠭᠡᠯᠡᠭᠴᠢ ᠶᠢᠨ ᠰᠠᠨᠠᠯ ᠪᠠ ᠰᠠᠨᠠᠭᠤᠯᠭ᠎ᠠ ᠶᠢ | ᠬᠤᠷᠢᠶᠠᠵᠤ᠂ ᠲᠥᠯᠥᠭᠡᠯᠡᠭᠴᠢᠳ ᠢ ᠦᠨᠡᠨ ᠬᠦ ᠰᠡᠳᠬᠢᠯ ᠬᠠᠨᠤᠮᠵᠢᠲᠠᠶ ᠪᠣᠯᠭᠠᠬᠤ ᠶᠢ ᠱᠠᠭᠠᠷᠳᠠᠪᠠ᠃ ᠵᠠᠰᠠᠭ ᠤᠨ | ᠣᠷᠳᠣᠨ ᠤ ᠠᠯᠪᠠᠨ ᠰᠦᠯᠵᠢᠶ᠎ᠡ ᠳᠤ ︽ᠰᠠᠨᠠᠭᠤᠯᠭ᠎ᠠ ᠪᠠ ᠰᠠᠨᠠᠯ ᠵᠥᠪᠯᠡᠯᠭᠡ ᠶᠢ ᠭᠦᠢᠴᠡᠳᠭᠡᠬᠦ︾ ᠲᠤᠰᠬᠠᠶ ᠪᠤᠯᠤᠩ | ᠭᠠᠷᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠳᠤ ᠬᠠᠷᠢᠭᠤᠯᠲᠠ ᠥᠭᠬᠦ ᠰᠠᠨᠠᠯ ᠢ | ᠢᠯᠡ ᠪᠣᠯᠭᠠᠵᠤ᠂ ᠰᠠᠨᠠᠭᠤᠯᠭ᠎ᠠ ᠶᠢ ᠭᠦᠢᠴᠡᠳᠭᠡᠬᠦ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ | | ᠭᠤᠷᠪᠠ᠂ ᠣᠷᠣᠰᠢᠵᠦ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ | ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠵᠢᠯᠤᠭᠤᠳᠤᠯᠭ᠎ᠠ ᠪᠠ ᠬᠠᠷᠢᠭᠤᠴᠠᠨ ᠬᠦᠢᠴᠡᠳᠬᠡᠬᠦ ᠪᠠᠶᠢᠭᠤᠯᠭ᠎ᠠ ᠨᠢᠭᠡᠴᠡ ᠨᠦᠭᠦᠳ ᠤᠨ ᠬᠠᠮᠲᠤ ᠶᠢᠨ | ᠴᠢᠷᠮᠠᠶᠢᠯᠭ᠎ᠠ ᠪᠠᠷ᠂ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠶᠢ ᠬᠦᠢᠴᠡᠳᠬᠡᠬᠦ ᠠᠵᠢᠯ ᠢ ᠶᠡᠷᠦᠩᠬᠡᠶ ᠳᠡᠭᠡᠨ ᠨᠡᠯᠢᠶᠡᠳ ᠤᠷᠤᠭᠰᠢᠲᠠᠶ | ᠥᠷᠨᠢᠭᠦᠯᠦᠭᠰᠡᠨ ᠪᠣᠯᠪᠠᠴᠤ ᠬᠦᠢᠴᠡᠳᠬᠡᠬᠦ ᠶᠠᠪᠤᠴᠠ ᠳᠤ ᠪᠠᠰᠠ ᠡᠳᠦᠶ ᠲᠡᠳᠦᠶ ᠬᠦᠴᠢᠷᠳᠡᠯ ᠣᠷᠣᠰᠢᠵᠤ ᠪᠠᠶᠢᠨ᠎ᠠ᠃ | ᠨᠢᠭᠡ ᠳᠤ᠂ ᠠᠵᠢᠯᠳᠠᠨ ᠤ ᠣᠷᠣᠨ ᠲᠤᠭ᠎ᠠ ᠶᠢᠨ ᠲᠠᠯ᠎ᠠ ᠪᠠᠷ ᠬᠢ ᠠᠰᠠᠭᠤᠳᠠᠯ ᠤᠨ ᠲᠤᠬᠠᠶ ᠰᠠᠨᠠᠭᠤᠯᠭ᠎ᠠ᠃ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠠᠵᠢᠯ ᠦᠢᠯᠡᠰ ᠤᠨ ᠨᠢᠭᠡᠴᠡ ᠠᠴᠠ ᠰᠢᠨ᠎ᠡ ᠪᠠᠷ ᠤᠷᠢᠨ | ᠬᠡᠷᠡᠭᠯᠡᠬᠦ ᠬᠥᠮᠦᠰ ᠢ ᠨᠡᠶᠢᠭᠡᠮ ᠨᠡᠶᠢᠲᠡ ᠠᠴᠠ ᠢᠯᠡ ᠪᠠᠷ ᠤᠷᠢᠨ ᠬᠡᠷᠡᠭᠯᠡᠬᠦ ᠬᠡᠷᠡᠭᠲᠡᠢ ᠪᠥᠭᠡᠳ ᠠᠵᠢᠯᠲᠠᠨ | ᠡᠯᠰᠡᠬᠦ ᠳᠡᠭᠡᠨ ᠣᠷᠣᠨ ᠲᠣᠭᠠᠨ ᠤ ᠲᠥᠯᠥᠪᠯᠡᠭᠡ ᠠᠴᠠ ᠬᠡᠲᠦᠷᠡᠭᠦᠯᠵᠦ ᠪᠣᠯᠬᠤ ᠦᠭᠡᠢ᠂ ᠠᠵᠢᠯᠲᠠᠨ ᠡᠯᠰᠡᠬᠦ ᠳᠤ | ᠬᠤᠯᠪᠣᠭᠳᠠᠭᠰᠠᠨ ᠬᠡᠰᠡᠭ ᠠᠰᠠᠭᠤᠳᠠᠯ ᠢ ᠮᠠᠨ ᠤ ᠬᠤᠲᠠ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠠᠵᠢᠯ ᠤᠨ | ᠲᠥᠯᠥᠪᠯᠡᠭᠡ ᠳᠡᠭᠡᠨ ᠣᠷᠣᠭᠤᠯᠵᠤ᠂ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ ᠬᠤᠶᠠᠷ ᠲᠤ᠂ ᠪᠡᠯᠡ ᠮᠥᠩᠭᠦᠨ ᠤ | ᠲᠥᠰᠦᠪ ᠤᠨ ᠲᠠᠯ᠎ᠠ ᠪᠠᠷ ᠬᠢ ᠠᠰᠠᠭᠤᠳᠠᠯ ᠤᠨ ᠲᠤᠬᠠᠶ ᠰᠠᠨᠠᠭᠤᠯᠭ᠎ᠠ᠃ ᠮᠠᠨ ᠤ ᠬᠤᠲᠠ ᠶᠢᠨ ᠣᠷᠣᠨ ᠨᠤᠲᠤᠭ ᠤᠨ | ᠬᠡᠷᠡᠭᠯᠡᠵᠦ ᠪᠣᠯᠬᠤ ᠡᠳ᠋ ᠤᠨ ᠬᠦᠴᠦᠨ ᠲᠦᠢᠯ ᠤᠨ ᠪᠠᠴᠢᠮ ᠪᠠᠶᠢᠨ᠎ᠠ᠂ ᠢᠯᠠᠩᠭᠤᠶ᠎ᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠠᠴᠠ ᠨᠠᠭᠠᠰᠢ᠂ ᠪᠦᠬᠦ ᠬᠤᠲᠠ ᠶᠢᠨ ᠡᠳ᠋ ᠤᠨ ᠵᠠᠰᠠᠭ ᠤᠨ ᠳᠠᠷᠤᠯᠲᠠ ᠤᠯᠠᠮ ᠨᠢᠭᠡ | ᠠᠯᠬᠤᠮ ᠨᠡᠮᠡᠭᠳᠡᠵᠦ᠂ ᠶᠡᠭᠡ ᠬᠡᠮᠵᠢᠶᠡᠨ ᠤ ᠪᠡᠯᠡ ᠮᠥᠩᠭᠦ ᠶᠢᠨ ᠵᠠᠷᠤᠯᠭ᠎ᠠ ᠳᠤ ᠬᠤᠯᠪᠣᠭᠳᠠᠭᠰᠠᠨ ᠬᠡᠰᠡᠭ | ᠰᠠᠨᠠᠭᠤᠯᠭ᠎ᠠ ᠶᠢ ᠬᠤᠲᠠ ᠶᠢᠨ ᠵᠠᠰᠠᠭ ᠤᠨ ᠣᠷᠳᠣᠨ ᠬᠤᠶᠢᠰᠢᠳᠠ ᠭᠤᠣᠯᠳᠠᠯᠭ᠎ᠠ ᠲᠠᠢ ᠠᠵᠢᠯ ᠪᠣᠯᠭᠠᠨ᠂ ᠣᠯᠠᠨ | ᠵᠦᠢᠯ ᠤᠨ ᠠᠷᠭ᠎ᠠ ᠬᠡᠯᠪᠡᠷᠢ ᠪᠠᠷ ᠪᠡᠯᠡ ᠮᠥᠩᠭᠦ ᠴᠤᠭᠯᠠᠭᠤᠯᠤᠨ ᠰᠢᠢᠳᠪᠦᠷᠢᠯᠡᠬᠦ ᠶᠢ ᠠᠬᠢᠭᠤᠯᠬᠤ ᠪᠣᠯᠤᠨ᠎ᠠ᠃ | ᠶᠡᠷᠦᠩᠬᠡᠶ ᠪᠠᠶᠢᠳᠠᠯ ᠠᠴᠠ ᠦᠵᠡᠪᠡᠯ᠂ ᠰᠠᠨᠠᠭᠤᠯᠭ᠎ᠠ ᠶᠢ ᠬᠦᠢᠴᠡᠳᠬᠡᠬᠦ ᠠᠵᠢᠯ ᠵᠣᠬᠢᠬᠤ ᠦᠷ᠎ᠡ ᠪᠦᠲᠦᠮᠵᠢ ᠣᠯᠤᠭᠰᠠᠨ | ᠪᠣᠯᠪᠠᠴᠤ ᠪᠠᠰᠠ ᠡᠳᠦᠶ ᠲᠡᠳᠦᠶ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠃ ᠨᠢᠭᠡ ᠳᠤ᠂ ᠣᠨᠴᠠ ᠵᠠᠷᠢᠮ | ᠪᠠᠶᠢᠭᠤᠯᠭ᠎ᠠ ᠨᠢᠭᠡᠴᠡ ᠶᠢᠨ ᠰᠠᠨᠠᠭᠤᠯᠭ᠎ᠠ ᠶᠢ ᠬᠦᠢᠴᠡᠳᠬᠡᠬᠦ ᠠᠵᠢᠯᠲᠠᠨ ᠤ ᠤᠯᠤᠰ ᠲᠥᠷᠥ ᠶᠢᠨ ᠵᠣᠭᠰᠣᠯᠲᠠ ᠨᠢ | ᠥᠨᠳᠥᠷ ᠪᠢᠰᠢ᠂ ᠦᠢᠯᠡᠴᠢᠯᠡᠭᠡᠨ ᠤ ᠤᠬᠠᠮᠰᠠᠷ ᠨᠢ ᠴᠢᠩᠭ᠎ᠠ ᠪᠢᠰᠢ᠂ ᠨᠠᠵᠠᠭᠠᠢ ᠪᠠᠷ ᠠᠷᠭᠠᠴᠠᠬᠤ ᠦᠵᠡᠭᠳᠡᠯ | ᠣᠷᠣᠰᠢᠵᠦ ᠪᠠᠶᠢᠨ᠎ᠠ᠃ ᠬᠤᠶᠠᠷ ᠲᠤ᠂ ᠬᠡᠰᠡᠭ ᠪᠠᠶᠢᠭᠤᠯᠭ᠎ᠠ ᠨᠢᠭᠡᠴᠡ ᠪᠣᠯᠤᠨ ᠲᠥᠯᠥᠭᠡᠯᠡᠭᠴᠢᠳ ᠤᠨ | ᠬᠤᠭᠤᠷᠣᠨᠳᠣᠬᠢ ᠣᠶᠢᠯᠠᠭᠠᠯᠴᠠᠭ᠎ᠠ ᠨᠡᠪᠲᠡᠷᠡᠯᠴᠡᠭᠡ ᠶᠢ ᠪᠠᠰᠠ ᠪᠠᠶᠢᠩᠭᠤᠵᠢᠭᠤᠯᠬᠤ ᠴᠢᠬᠤᠯᠠᠲᠠᠶ ᠪᠠᠶᠢᠵᠤ᠂ ᠰᠠᠯᠠᠭ᠎ᠠ | ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠨᠡᠪᠲᠡᠷᠡᠯᠴᠡᠭᠡ ᠶᠢ ᠪᠠᠰᠠ ᠴᠢᠩᠭᠠᠳᠬᠠᠬᠤ ᠴᠢᠬᠤᠯᠠᠲᠠᠶ ᠪᠠᠶᠢᠨ᠎ᠠ᠃ | ᠭᠤᠷᠪᠠ ᠳᠤ᠂ ᠵᠠᠷᠢᠮ ᠪᠠᠶᠢᠭᠤᠯᠭ᠎ᠠ ᠨᠢᠭᠡᠴᠡ ᠶᠢᠨ ᠠᠵᠢᠯᠳᠠᠨ ᠨᠢ ᠰᠢᠯᠵᠢᠨ ᠶᠠᠪᠣᠵᠦ᠂ ᠰᠢᠨ᠎ᠡ ᠪᠠᠷ ᠭᠠᠷᠳᠠᠭᠰᠠᠨ | ᠠᠵᠢᠯᠳᠠᠨ ᠤ ᠲᠤᠬᠠᠶᠢᠯᠠᠭᠰᠠᠨ ᠠᠵᠢᠯ ᠤᠨ ᠪᠣᠯᠪᠠᠰᠣᠷᠠᠯ ᠢ ᠴᠠᠭ ᠲᠤᠬᠠᠶ ᠳᠤᠨᠢ ᠦᠷᠨᠢᠬᠦᠯᠵᠦ ᠴᠢᠳᠠᠭᠰᠠᠨ | ᠦᠭᠡᠢ ᠠᠴᠠ ᠪᠤᠯᠵᠤ᠂ ᠰᠠᠨᠠᠭᠤᠯᠭ᠎ᠠ ᠶᠢ ᠬᠦᠢᠴᠡᠳᠬᠡᠬᠦ ᠠᠵᠢᠯ ᠤᠨ ᠪᠣᠳᠠᠲᠤ ᠦᠷ᠎ᠡ ᠪᠦᠲᠦᠮᠵᠢ ᠶᠢ ᠨᠦᠯᠦᠬᠡᠯᠡᠭᠰᠡᠨ | ᠪᠠᠶᠢᠨ᠎ᠠ᠃ | ᠳᠡᠭᠡᠷ᠎ᠡ ᠳᠤᠷᠠᠳᠤᠭᠰᠠᠨ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠰᠢᠢᠳᠪᠣᠷᠢᠯᠡᠬᠦ ᠶᠢᠨ | ᠳᠣᠯᠠᠳᠠ᠂ ᠲᠠᠷᠠᠭᠠᠴᠢ ᠶᠢᠨ ᠠᠯᠬᠤᠮ ᠳᠤ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠪᠠᠷ | ᠴᠢᠩᠭᠠᠳᠬᠠᠨ᠎ᠠ᠄ | | ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠦᠢᠴᠡᠳᠬᠡᠬᠦ ᠪᠣᠳᠠᠲᠤ ᠦᠷ᠎ᠡ | ᠪᠦᠲᠦᠮᠵᠢ ᠪᠠᠨ ᠨᠡᠮᠡᠭᠳᠡᠭᠦᠯᠦᠨ᠎ᠡ᠃ ᠬᠤᠳᠠ ᠶᠢᠨ ᠵᠠᠰᠠᠭ ᠤᠨ ᠣᠷᠳᠣᠨ ᠠᠴᠠ ᠡᠯ᠎ᠡ ᠬᠠᠷᠢᠭᠤᠴᠠᠨ ᠬᠦᠢᠴᠡᠳᠬᠡᠬᠦ | ᠨᠢᠭᠡᠴᠡ ᠶᠢ ᠨᠡᠩ ᠴᠢᠩᠭ᠎ᠠ ᠱᠠᠭᠠᠷᠳᠠᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠬᠦᠢᠴᠡᠳᠬᠡᠬᠦ ᠤᠯᠤᠰ | ᠲᠦᠷᠦ ᠶᠢᠨ ᠬᠠᠷᠢᠭᠤᠴᠠᠯᠭ᠎ᠠ ᠶᠢ ᠬᠢᠨᠠᠮᠠᠭᠠᠶ ᠳᠣᠣᠱᠯᠠᠭᠤᠯᠣᠨ᠂ ︽ᠨᠠᠳᠠ ᠪᠠᠷ ᠬᠢᠯᠭᠡᠬᠦ︾ ᠪᠠᠶᠢᠭᠰᠠᠨ ᠢ ︽ᠪᠢ ᠬᠢᠬᠦ︾ | ᠪᠣᠯᠭᠠᠨ ᠬᠤᠪᠢᠷᠠᠭᠤᠯᠤᠨ᠎ᠠ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠡᠨᠡ ᠬᠦ ᠵᠠᠩᠭᠢᠯᠠᠭ᠎ᠠ ᠶᠢᠨ ᠭᠤᠭᠴᠤᠭ᠎ᠠ ᠶᠢ | ᠴᠢᠩᠭ᠎ᠠ ᠠᠳᠬᠤᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ | ᠬᠦᠢᠴᠡᠳᠬᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠶᠢᠨ ᠬᠠᠮᠲᠤ | ᠴᠢᠩᠭ᠎ᠠ ᠬᠡᠷᠡᠭᠵᠢᠭᠦᠯᠵᠦ᠂ ᠭᠦᠢᠴᠡᠳᠬᠡᠬᠦ ᠠᠵᠢᠯᠯᠠᠭᠠᠨ ᠤ ᠲᠣᠭᠲᠠᠴᠠ ᠶᠢ ᠵᠢᠷᠤᠮᠵᠢᠭᠤᠯᠤᠨ᠂ ᠡᠭᠦᠷᠭᠡ ᠶᠢᠨ | ᠠᠵᠢᠯ ᠤᠨ ᠬᠤᠪᠢᠶᠠᠷᠢᠯᠠᠯ᠂ ᠠᠵᠢᠯ ᠤᠨ ᠶᠠᠪᠤᠴᠠ᠂ ᠴᠠᠭ ᠤᠨ ᠬᠢᠵᠠᠭᠠᠷ ᠤᠨ ᠱᠠᠭᠠᠷᠳᠠᠯᠭ᠎ᠠ ᠪᠠ ᠶᠠᠰᠤ ᠴᠢᠨᠠᠷ ᠤᠨ | ᠪᠠᠷᠢᠮᠵᠢᠶ᠎ᠠ ᠶᠢ ᠤᠯᠠᠮ ᠨᠢᠭᠡ ᠠᠯᠬᠤᠮ ᠲᠣᠳᠣᠷᠬᠠᠶ ᠪᠣᠯᠭᠠᠨ᠎ᠠ᠃ | | ᠬᠤᠶᠠᠷ ᠲᠤ᠂ ᠬᠦᠢᠴᠡᠳᠬᠡᠬᠦ ᠠᠯᠬᠤᠮ ᠶᠠᠪᠣᠴᠠ ᠶᠢ ᠴᠢᠩᠳᠠᠯᠠᠵᠤ᠂ ᠮᠥᠷᠳᠡᠵᠦ ᠰᠢᠮᠳᠠᠭᠤᠯᠤᠨ ᠬᠦᠢᠴᠡᠳᠬᠡᠬᠦ ᠶᠢ | ᠴᠢᠩᠭᠠᠳᠬᠠᠨ᠎ᠠ᠃ ᠰᠠᠨᠠᠭᠤᠯᠭ᠎ᠠ ᠶᠢ ᠬᠦᠢᠴᠡᠳᠬᠡᠬᠦ ᠳᠤ ︽ᠪᠥᠬᠦ ᠶᠠᠪᠤᠴᠠ ᠳᠤ ᠣᠶᠢᠯᠠᠭᠠᠯᠴᠠᠨ ᠨᠡᠪᠲᠡᠷᠡᠯᠴᠡᠬᠦ︾ | ᠣᠶᠢᠯᠠᠭᠠᠭᠳᠠᠬᠤᠨ ᠢ ᠪᠣᠶ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠠᠨᠠᠭᠤᠯᠭ᠎ᠠ ᠶᠢ ᠬᠦᠢᠴᠡᠳᠬᠡᠬᠦ ᠶᠠᠪᠤᠴᠠ ᠶᠢ ᠴᠢᠩᠭ᠎ᠠ ᠵᠢᠷᠤᠮᠯᠠᠨ᠂ ︽ᠭᠤᠷᠪᠠᠨ ᠬᠦᠰᠦᠨᠦᠭᠲᠦ︾ ᠶᠢ ᠰᠠᠶᠢᠳᠣᠷ | ᠲᠠᠭᠯᠠᠵᠤ᠂ ᠬᠦᠢᠴᠡᠳᠬᠡᠬᠦ ᠠᠴᠠ ᠡᠮᠦᠨ᠎ᠡ ᠰᠠᠨᠠᠭ᠎ᠠ ᠵᠣᠷᠢᠯᠳᠠ ᠶᠢ ᠨᠢ ᠣᠶᠢᠯᠠᠭᠠᠵᠤ᠂ ᠬᠦᠢᠴᠡᠳᠬᠡᠬᠦ ᠶᠠᠪᠣᠴᠠ ᠳᠤ | ᠪᠠᠨ ᠠᠷᠭ᠎ᠠ ᠪᠣᠳᠣᠯᠭ᠎ᠠ ᠪᠠᠨ ᠵᠦᠪᠳᠡᠯᠴᠡᠨ᠂ ᠬᠦᠢᠴᠡᠳᠬᠡᠭᠰᠡᠨ ᠤ ᠳᠠᠷᠠᠭ᠎ᠠ ᠬᠠᠷᠢᠭᠤ ᠲᠤᠰᠬᠠᠯ ᠢ ᠰᠣᠨᠣᠰᠴᠤ᠂ | ᠯᠠᠪᠳᠠᠭᠤᠨ ᠪᠠᠲᠤᠲᠠᠶ᠂ ᠬᠦᠰᠡᠭᠰᠡᠨ ᠵᠣᠷᠢᠯᠳᠠ ᠳᠤ ᠪᠠᠨ ᠬᠦᠷᠬᠦ ᠶᠢ ᠪᠠᠳᠣᠯᠠᠬᠤ ᠬᠡᠷᠡᠭᠳᠠᠢ᠃ ᠨᠡᠪᠲᠡᠷᠡᠯᠴᠡᠨ | ᠵᠣᠬᠢᠴᠠᠭᠤᠯᠬᠤ ᠳᠣᠭᠳᠠᠯᠴᠠᠭ᠎ᠠ ᠶᠢ ᠪᠠᠶᠢᠭᠤᠯᠤᠨ ᠳᠡᠬᠦᠯᠳᠡᠷᠵᠢᠬᠦᠯᠵᠦ᠂ ︽ᠵᠠᠰᠠᠭ ᠤᠨ ᠣᠷᠳᠣᠨ ᠣᠳᠣᠷᠢᠳᠴᠦ᠂ | ᠵᠠᠰᠠᠭ ᠤᠨ ᠣᠷᠳᠣᠨ ᠤ ᠠᠯᠪᠠᠨ ᠬᠡᠷ ᠠᠴᠠ ᠨᠢᠭᠡᠳᠦᠯᠲᠡᠶ ᠳᠦᠯᠦᠪᠯᠡᠨ᠂ ᠰᠠᠯᠠᠭ᠎ᠠ ᠮᠥᠴᠢᠷ ᠤᠳ ᠬᠠᠮᠲᠤᠷᠠᠨ | ᠬᠥᠳᠡᠯᠦᠯᠴᠡᠬᠦ︾ ᠠᠵᠢᠯ ᠤᠨ ᠬᠡᠪ ᠪᠠᠶᠢᠳᠠᠯ ᠢ ᠪᠣᠶ ᠪᠣᠯᠭᠠᠨ᠎ᠠ᠃ ᠶᠡᠷᠦᠩᠬᠡᠶᠢᠯᠡᠭᠰᠡᠨ ᠴᠢᠨᠠᠷᠲᠠᠶ᠂ ᠲᠥᠷᠥ ᠶᠢᠨ | ᠪᠣᠳᠣᠯᠭᠠᠳᠦ ᠴᠢᠨᠠᠷ ᠢᠶᠠᠷ ᠴᠢᠩᠭ᠎ᠠ ᠰᠠᠨᠠᠭᠤᠯᠭ᠎ᠠ ᠶᠢ ᠬᠦᠢᠴᠡᠳᠬᠡᠬᠦ ᠳᠤ ᠪᠠᠨ᠂ ᠭᠤᠤᠯᠯᠠᠨ ᠬᠦᠢᠴᠡᠳᠬᠡᠬᠦ ᠪᠠᠶᠢᠭᠤᠯᠭ᠎ᠠ | ᠨᠢᠭᠡᠴᠡ ᠠᠴᠠ ᠬᠠᠮᠵᠢᠯᠴᠠᠨ ᠬᠦᠢᠴᠡᠳᠬᠡᠬᠦ ᠨᠢᠭᠡᠴᠡ ᠲᠠᠢ ᠰᠠᠨᠠᠭᠠᠴᠢᠯᠠᠭ᠎ᠠ ᠠᠴᠠ ᠪᠠᠨ ᠵᠥᠪᠳᠡᠯᠴᠡᠵᠦ᠂ ᠬᠠᠮᠲᠤᠪᠠᠷ | ᠰᠤᠳᠤᠯᠤᠨ ᠬᠦᠢᠴᠡᠳᠬᠡᠵᠦ᠂ ᠴᠢᠬᠤᠯᠠ ᠲᠠᠢ ᠦᠶ᠎ᠡ ᠳᠤ ᠬᠠᠮᠲᠤᠷᠠᠨ ᠪᠠᠶᠢᠴᠠᠭᠠᠨ ᠰᠤᠳᠤᠯᠤᠯᠲᠠ ᠬᠢᠵᠦ᠂ | ᠬᠦᠢᠴᠡᠳᠬᠡᠬᠦ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠰᠠᠨᠠᠭᠤᠯᠭ᠎ᠠ ᠶᠢ ᠬᠦᠢᠴᠡᠳᠬᠡᠬᠦ ᠪᠥᠬᠦ | ᠶᠠᠪᠤᠴᠠ ᠶᠢ ᠮᠥᠷᠳᠡᠨ ᠬᠢᠨᠠᠨ ᠵᠢᠯᠣᠭᠤᠳᠬᠤ ᠠᠵᠢᠯ ᠢ ᠴᠢᠩᠭᠠᠳᠬᠠᠵᠤ᠂ ᠠᠬᠢᠴᠠ ᠶᠢᠨ ᠪᠠᠶᠢᠳᠠᠯ ᠢ ᠴᠠᠭ | ᠲᠤᠬᠠᠶ ᠳᠤᠨᠢ ᠵᠠᠷᠯᠠᠨ ᠨᠠᠶᠢᠳᠠᠯᠠᠵᠦ᠂ ᠰᠠᠨᠠᠭᠤᠯᠭ᠎ᠠ ᠶᠢ ᠬᠦᠢᠴᠡᠳᠬᠡᠬᠦ ᠠᠬᠢᠴᠠ ᠶᠢ ᠳᠦᠯᠬᠢᠨ ᠠᠬᠢᠭᠤᠯᠤᠨ᠎ᠠ᠃ | ᠬᠤᠶᠢᠰᠢᠯᠠᠭᠤᠯᠣᠨ ᠬᠦᠢᠴᠡᠳᠬᠡᠬᠦ ᠦᠭᠡᠢ᠂ ᠬᠤᠶᠢᠰᠢᠯᠠᠭᠤᠯᠣᠨ ᠬᠠᠷᠢᠭᠤᠯᠳᠠ ᠦᠭᠬᠦ ᠦᠭᠡᠢ᠂ ᠬᠠᠰᠢ ᠶᠠᠰᠢ ᠪᠠᠷ | ᠠᠷᠭᠠᠴᠠᠬᠤ ᠵᠡᠷᠭᠡ ᠦᠵᠡᠭᠳᠡᠯ ᠭᠠᠷᠬᠤ ᠶᠢ ᠡᠷᠡᠰ ᠬᠤᠷᠢᠭᠯᠠᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ︽ᠶᠠᠪᠤᠳᠠᠯ ᠪᠦᠬᠦᠨ ᠨᠢ ᠮᠦᠷ ᠰᠣᠷᠠᠭ ᠲᠠᠢ︾᠂ ︽ | ᠰᠠᠨᠠᠭᠤᠯᠭ᠎ᠠ ᠪᠣᠯᠭᠠᠨ ᠳᠤ ᠬᠠᠷᠢᠭᠤᠯᠳᠠ ᠲᠠᠢ ᠪᠠᠶᠢᠬᠤ︾ ᠶᠢ ᠪᠠᠲᠤᠯᠠᠨ᠎ᠠ᠃ | | ᠭᠤᠷᠪᠠ ᠳᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠦᠢᠴᠡᠳᠬᠡᠬᠦ ᠶᠠᠰᠦ ᠴᠢᠨᠠᠷ ᠢ ᠳᠡᠭᠡᠭᠰᠢᠯᠡᠭᠦᠯᠦᠨ᠎ᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ ᠬᠦᠢᠴᠡᠳᠬᠡᠬᠦ | ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠬᠠᠷᠢᠭᠤᠴᠠᠨ | ᠬᠦᠢᠴᠡᠳᠬᠡᠬᠦ ᠨᠢᠭᠡᠴᠡ ᠶᠢᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠤᠪᠤᠶᠢᠮ᠎ᠠ | ᠰᠠᠶᠢᠲᠤᠷ ᠠᠳᠬᠤᠵᠤ᠂ ᠰᠠᠨᠠᠭᠤᠯᠭ᠎ᠠ ᠶᠢ ᠬᠦᠢᠴᠡᠳᠬᠡᠬᠦ ᠠᠵᠢᠯ ᠤᠨ ᠡᠭᠦᠷᠭᠡ ᠶᠢ ᠪᠣᠳᠠᠲᠠᠶᠢᠵᠢᠭᠤᠯᠬᠤ ᠶᠢ ᠱᠠᠭᠠᠷᠳᠠᠨ᠎ᠠ | ᠃ ᠰᠢᠨ᠎ᠡ ᠪᠠᠷ ᠲᠣᠬᠢᠷᠠᠭᠤᠯᠤᠯᠲᠠ ᠬᠢᠭᠰᠡᠨ ᠬᠦᠢᠴᠡᠳᠬᠡᠬᠦ ᠠᠵᠢᠯᠲᠠᠨ ᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠣ | ᠰᠤᠷᠤᠯᠴᠠᠭᠤᠯᠤᠨ ᠪᠣᠯᠪᠠᠰᠤᠷᠠᠭᠤᠯᠵᠤ᠂ ᠠᠵᠢᠯ ᠢᠶᠠᠨ ᠲᠠᠰᠤᠯᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠵᠤ᠂ | ᠠᠵᠢᠯᠲᠠᠨ ᠤ ᠬᠤᠪᠢᠷᠠᠯᠲᠠ ᠠᠴᠠ ᠪᠣᠯᠵᠣ ᠬᠦᠢᠴᠡᠳᠬᠡᠬᠦ ᠶᠠᠰᠦ ᠴᠢᠨᠠᠷ ᠢ ᠪᠠᠭᠤᠷᠠᠭᠤᠯᠵᠦ ᠪᠣᠯᠬᠤ ᠦᠭᠡᠢ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠯᠦᠬᠡᠯᠡᠭᠴᠢᠳ ᠤᠨ ᠰᠠᠨᠠᠭᠤᠯᠭ᠎ᠠ ᠶᠢ ᠬᠢᠨᠠᠮᠠᠭᠠᠶ | ᠬᠦᠢᠴᠡᠳᠬᠡᠬᠦ ᠪᠣᠯ ᠠᠷᠠᠳ ᠤᠨ ᠵᠠᠰᠠᠭ ᠤᠨ ᠣᠷᠳᠣᠨ ᠤ ᠬᠠᠤᠯᠢ ᠳᠤ ᠳᠣᠭᠳᠠᠭᠰᠠᠨ ᠡᠬᠦᠷᠭᠡ ᠬᠠᠷᠢᠭᠤᠴᠠᠯᠭ᠎ᠠ | ᠪᠣᠯᠣᠨ᠎ᠠ᠂ ᠮᠦᠨᠴᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠯᠦᠬᠡᠯᠡᠭᠴᠢᠳ ᠤᠨ | ᠡᠬᠦᠷᠭᠡ ᠳᠣᠰᠢᠶᠠᠯ ᠢᠶᠠᠨ ᠬᠦᠢᠴᠡᠳᠬᠡᠬᠦ ᠶᠢ ᠪᠠᠳᠣᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠶᠤᠮ᠃ ᠪᠢᠳᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠣᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠬᠦᠢᠴᠡᠳᠬᠡᠬᠦ | ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ ᠲᠠᠨᠢᠯᠲᠠ ᠪᠣᠯᠤᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ | ᠳᠡᠭᠡᠭᠰᠢᠯᠡᠭᠦᠯᠦᠨ᠎ᠡ᠃ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠳᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ | ᠵᠢᠯᠤᠭᠤᠳᠤᠯᠭ᠎ᠠ ᠶᠢᠨ ᠳᠣᠣᠷ᠎ᠠ᠂ ᠲᠥᠯᠥᠭᠡᠯᠡᠭᠴᠢᠳ ᠤᠨ ᠬᠠᠯᠠᠮᠵᠢᠯᠠᠯ ᠳᠡᠮᠵᠢᠯᠭᠡ ᠳᠣᠣᠷ᠎ᠠ᠂ ᠠᠷᠠᠳ ᠲᠦᠮᠡᠨ ᠢᠶᠠᠷ | ᠭᠤᠣᠯ ᠪᠣᠯᠭᠠᠬᠤ ᠠᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠠᠵᠢᠯ ᠤᠨ ᠰᠤᠷᠲᠠᠯ ᠢᠶᠠᠨ ᠤᠯᠠᠮ | ᠨᠢᠭᠡ ᠠᠯᠬᠤᠮ ᠬᠤᠪᠢᠷᠠᠭᠤᠯᠵᠤ᠂ ᠨᠡᠩ ᠪᠣᠳᠠᠲᠠᠢ ᠶᠢ ᠡᠷᠬᠢᠮᠯᠡᠬᠦ ᠣᠪᠣᠷ᠂ ᠨᠡᠩ ᠴᠢᠩᠭ᠎ᠠ ᠪᠠᠷᠢᠮᠵᠢᠶ᠎ᠠ᠂ ᠨᠡᠩ | ᠥᠨᠳᠥᠷ ᠪᠦᠲᠦᠮᠵᠢᠲᠡᠢ ᠶᠠᠰᠤ ᠴᠢᠨᠠᠷ ᠢᠶᠠᠷ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠨᠢᠭᠡᠪᠦᠷᠢ ᠶᠢ | ᠯᠠᠪᠳᠠᠭᠤᠨ ᠪᠠᠲᠤᠲᠠᠢ ᠰᠠᠶᠢᠲᠤᠷ ᠭᠦᠢᠴᠡᠳᠬᠡᠵᠦ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠪᠦᠬᠦ ᠲᠠᠯ᠎ᠠ ᠪᠠᠷ ᠳᠦᠯᠬᠢᠨᠠᠬᠢᠭᠤᠯᠤᠨᠠ᠃ | ᠳᠡᠭᠡᠷᠡᠬᠢ ᠮᠡᠳᠡᠭᠦᠯᠦᠯᠲᠡ ᠶᠢ ᠬᠢᠨᠠᠨ ᠵᠦᠪᠯᠡᠬᠦ ᠪᠣᠯᠪᠠᠤ᠃ | |