2021 ᠣᠨ ᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠣᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠠ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠬᠦ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠬᠦᠯᠦᠯᠳᠠ
ᠨᠡᠶᠢᠲᠡᠯᠡᠭᠰᠡᠨ ᠴᠠᠭ᠄
2022/1/7
2021 ᠣᠨ ᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ  ᠶᠠᠪᠣᠳᠠᠯ  ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ  ᠪᠠ2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠬᠦ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠬᠦᠯᠦᠯᠳᠠ                                                                                 — — 2022 ᠣᠨ ᠤ 1 ᠰᠠᠷ᠎ᠠ ᠶᠢᠨ 5 ᠤ ᠡᠳᠦᠷ ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ                                                                                         ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ                                                                                                                                       ᠵᠠᠩ ᠶᠢᠩ ᠵᠢᠶᠧ    ᠲᠥᠯᠥᠭᠡᠯᠡᠭᠴᠢᠳ ᠡ᠄     ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠶᠡᠭᠡ ᠬᠤᠷᠠᠯ ᠳᠤ 2021 ᠣᠨ ᠤ ᠮᠠᠨ ᠤ ᠬᠤᠳᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠣᠯᠤᠨ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠬᠦ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠢ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠃ ᠨᠢᠭᠡ᠂ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ    2021 ᠣᠨ ᠳᠤ᠂ ᠬᠤᠲᠠ ᠶᠢᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠲᠦᠯᠦᠭᠡᠯᠡᠭᠴᠢᠳ ᠠᠴᠠ ᠪᠢᠯᠧᠲ ᠦᠭᠴᠦ ᠪᠠᠳᠣᠯᠠᠬᠤ ᠳᠦᠷᠢᠮ ᠤᠨ ᠱᠠᠭᠠᠷᠳᠠᠯᠭ᠎ᠠ ᠪᠠᠷ ᠴᠢᠩᠭ᠎ᠠ ᠬᠡᠷᠡᠭᠵᠢᠬᠦᠯᠵᠦ᠂ ᠠᠷᠠᠳ ‍ᠤᠨ‌ᠠᠮᠢᠳᠤᠷᠠᠯ ᠤᠨ ᠪᠣᠳᠠᠳᠦ ᠶᠠᠪᠣᠳᠠᠯ ᠤᠨ ᠲᠦᠷᠦᠯ ᠵᠦᠢᠯ ᠢ ︽ᠡᠷᠲᠡ ᠲᠥᠯᠥᠪᠯᠡᠵᠦ᠂ ᠡᠷᠲᠡ ᠪᠠᠶᠢᠷᠢᠯᠠᠭᠤᠯᠵᠤ᠂ ᠡᠷᠲᠡ ᠳᠤᠬᠢᠷᠠᠭᠤᠯᠬᠤ︾ ᠶᠢ ᠪᠠᠷᠢᠮᠳᠠᠯᠠᠨ᠂ ᠪᠡᠯᠡ ᠮᠥᠩᠭᠦ ᠶᠢ ᠤᠷᠢᠳᠴᠢᠯᠠᠨ ᠳᠤᠬᠢᠷᠠᠭᠤᠯᠵᠤ᠂ ᠲᠦᠷᠦᠯ ᠵᠦᠢᠯ ᠢ ᠡᠷᠳᠡ ᠡᠬᠢᠯᠡᠬᠦᠯᠦᠭᠰᠡᠨ ᠠᠴᠠ ᠪᠦᠳᠦᠭᠡᠨ ᠪᠠᠶᠢᠭᠤᠯᠤᠯᠲᠠ ᠶᠢ ᠳᠦᠷᠭᠡᠳᠬᠡᠨ ᠠᠬᠢᠭᠤᠯᠪᠠ᠃︵ᠨᠢᠭᠡ︶ ᠡᠷᠢᠶᠡᠨ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠲᠥᠬᠦᠭᠡᠷᠦᠮᠵᠢ ᠶᠢ ᠳᠡᠰ ᠳᠡᠪᠰᠢᠭᠦᠯᠦᠨ ᠦᠭᠡᠷᠡᠴᠢᠯᠡᠨ ᠰᠢᠨᠡᠳᠭᠡᠬᠦ ᠲᠥᠷᠥᠯ ᠵᠦᠢᠯ᠃ 6428 ᠲᠦᠮᠡᠨ ᠲᠥᠭᠦᠷᠢᠭ ᠤᠨ ᠪᠡᠯᠡ ᠣᠷᠣᠭᠤᠯᠣᠯᠳᠠ ᠬᠢᠵᠣ᠂ ᠬᠤᠲᠠ ᠶᠢᠨ ᠡᠮᠨᠡᠯᠭᠡ ᠶᠢᠨ ᠬᠤᠷᠢᠶᠠᠨ ᠤ ᠮᠡᠰᠡ ᠵᠠᠰᠠᠯ ᠤᠨ ᠲᠠᠰᠤᠭ᠂ ᠭᠠᠳᠠᠷ ᠰᠠᠯᠠᠭ᠎ᠠ᠂ ᠳᠣᠲᠣᠷ ᠰᠠᠯᠠᠭ᠎ᠠ᠂ ᠲᠦᠷᠭᠡᠨ ᠠᠪᠤᠷᠠᠯᠳᠠ ᠶᠢᠨ ᠲᠥᠪ ᠵᠡᠷᠭᠡ ᠰᠠᠯᠠᠭ᠎ᠠ ᠲᠠᠰᠤᠭ ᠲᠤ 86 ᠰᠠᠭᠤᠷᠢ ︵ᠢᠵᠢ︶ ᠡᠮᠴᠢᠯᠡᠭᠡᠨ ᠤ ᠲᠥᠬᠦᠭᠡᠷᠦᠮᠵᠢ ᠬᠤᠳᠠᠯᠳᠤᠨ ᠠᠪᠣᠨ᠎ᠠ᠃ 2021 ᠣᠨ ᠤ 10 ᠰᠠᠷ᠎ᠠ ᠳᠤ ᠳᠠᠭᠠᠭᠠᠴᠢᠯᠠᠯᠠᠳᠠ ᠵᠠᠷᠯᠠᠨ ᠳᠣᠨᠤᠭ ᠲᠦᠭᠦᠭᠡᠷᠦᠮᠵᠢ ᠶᠢ ᠬᠤᠳᠠᠯᠳᠣᠨ ᠠᠪᠬᠤ ᠪᠠᠷ ᠲᠦᠯᠦᠪᠯᠡᠵᠣ ᠪᠠᠶᠢᠭᠰᠠᠨ ᠪᠣᠯᠪᠠᠴᠣ᠂ ᠬᠢᠵᠢᠭ ᠤᠨ ᠪᠠᠶᠢᠳᠠᠯ ᠤᠨ ᠨᠥᠯᠥᠭᠡ ᠠᠴᠠ ᠳᠠᠭᠠᠭᠠᠴᠢᠯᠠᠯᠲᠠ ᠦᠨᠡᠯᠡᠭᠴᠢ ᠶᠢᠨ ᠬᠦᠯ ᠬᠤᠷᠢᠯᠳᠠ ᠠᠴᠠ ᠰᠢᠯᠳᠠᠭᠠᠯᠠᠵᠦ᠂ ᠲᠣᠰ ᠲᠥᠷᠥᠯ ᠵᠦᠢᠯ ᠢ 2022 ᠣᠨ ᠤ 1 ᠰᠠᠷ᠎ᠠ ᠶᠢᠨ 6 ᠳᠤ ᠳᠠᠭᠠᠭᠠᠴᠢᠯᠠᠯᠳᠠ ᠵᠠᠷᠯᠠᠯᠳᠠ ᠶᠢ ᠶᠠᠪᠣᠭᠳᠠᠭᠤᠯᠵᠦ ᠳᠠᠭᠤᠰᠬᠠᠨ᠂ 2 ᠰᠠᠷ᠎ᠠ ᠶᠢᠨ ᠰᠡᠬᠦᠯᠴᠢ ᠪᠠᠷ ᠳᠣᠨᠤᠭ ᠳᠦᠬᠦᠬᠡᠷᠣᠮᠵᠢ ᠶᠢ ᠬᠤᠳᠠᠯᠳᠣᠨ ᠠᠪᠬᠤ ᠠᠵᠢᠯ ᠢ ᠳᠠᠭᠤᠰᠬᠠᠬᠤ ᠪᠠᠷ ᠪᠠᠶᠢᠨ᠎ᠠ᠃︵ᠬᠤᠶᠠᠷ︶ 2021 ᠣᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠭᠡᠬᠦ ᠲᠥᠷᠥᠯ ᠵᠦᠢᠯ᠃ ᠳᠣᠰ ᠲᠦᠷᠦᠯ ᠵᠦᠢᠯ ᠨᠢᠭᠡᠨᠳᠠ ᠠᠵᠢᠯ ᠳᠠᠭᠤᠰᠪᠠ᠃ 2568.8 ᠲᠦᠮᠡᠨ ᠲᠥᠭᠦᠷᠢᠭ ᠤᠨ ᠪᠡᠯᠡ ᠣᠷᠣᠭᠤᠯᠣᠯᠳᠠ ᠬᠢᠵᠣ᠂ ᠲᠠᠢ ᠾᠧ ᠰᠠᠭᠤᠭᠠᠯᠢ ᠲᠣᠭᠤᠷᠢᠭ᠂ ᠲᠤᠤ ᠶᠤᠸᠠᠨ ᠰᠠᠭᠤᠭᠠᠯᠢ ᠲᠣᠭᠤᠷᠢᠭ᠂ ᠳ᠋ᠦᠩ ᠵᠢᠶᠠᠨ ᠰᠠᠭᠤᠭᠠᠯᠢ ᠲᠣᠭᠤᠷᠢᠭ ᠵᠡᠷᠭᠡ 8 ᠰᠠᠭᠤᠭᠠᠯᠢ ᠲᠣᠭᠤᠷᠢᠭ ᠤᠨ 716 ᠡᠷᠦᠬᠡ ᠶᠢᠨ ᠳᠣᠯᠠᠭᠠᠯᠭ᠎ᠠ ᠬᠠᠩᠭᠠᠬᠤ᠂ ᠤᠰᠤ ᠬᠠᠩᠭᠠᠬᠤ᠂ ᠤᠰᠤ ᠭᠠᠳᠠᠭᠰᠢᠯᠠᠭᠤᠯᠬᠤ ᠵᠡᠷᠭᠡ ᠲᠦᠭᠦᠭᠡᠷᠦᠮᠵᠢ ᠶᠢ ᠦᠭᠡᠷᠡᠴᠢᠯᠡᠨ ᠰᠢᠨᠡᠳᠬᠡᠵᠦ᠂  ᠬᠠᠭᠤᠴᠢᠨ ᠰᠠᠭᠤᠭᠠᠯᠢ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠪᠠ ᠠᠮᠢᠳᠤᠷᠠᠯ ᠤᠨ ᠨᠥᠬᠦᠴᠡᠯ ᠢ ᠣᠯᠠᠮ ᠨᠢᠭᠡ ᠠᠯᠬᠤᠮ ᠰᠠᠶᠢᠵᠢᠷᠠᠭᠤᠯᠪᠠ᠃︵ᠭᠤᠷᠪᠠ︶ 2021 ᠣᠨ ᠤ ᠬᠤᠲᠠ ᠶᠢᠨ ᠰᠠᠭᠤᠷᠢ ᠲᠦᠭᠦᠭᠡᠷᠦᠮᠵᠢ ᠶᠢ ᠰᠡᠯᠪᠢᠨ ᠵᠠᠰᠠᠬᠤ ᠲᠥᠷᠥᠯ ᠵᠦᠢᠯ᠃ ᠳᠣᠰ ᠲᠦᠷᠦᠯ ᠵᠦᠢᠯ ᠨᠢᠭᠡᠨᠳᠠ ᠠᠵᠢᠯ ᠳᠠᠭᠤᠰᠪᠠ᠃ 1100 ᠲᠦᠮᠡᠨ ᠲᠥᠭᠦᠷᠢᠭ ᠤᠨ ᠪᠡᠯᠡ ᠣᠷᠣᠭᠤᠯᠣᠯᠳᠠ ᠬᠢᠵᠣ᠂ ᠠᠪᠤᠷᠭᠤ ᠭᠦᠷᠪᠡᠯ ᠶᠡᠭᠡ ᠵᠡᠭᠡᠯᠢ᠂ ᠨᠥᠬᠦᠷᠯᠡᠯ ᠵᠠᠮ᠂ ᠤᠷᠤᠭᠰᠢᠯᠠᠯᠲᠠ ᠵᠠᠮ ᠵᠡᠷᠭᠡ ᠬᠤᠳᠠ ᠶᠢᠨ ᠭᠤᠣᠯ ᠵᠠᠮ ᠱᠣᠭᠤᠮ ᠢ ᠵᠠᠰᠠᠨ ᠰᠠᠶᠢᠵᠢᠷᠠᠭᠤᠯᠵᠦ ︵ᠭᠤᠣᠯᠳᠠᠭᠤ ᠵᠠᠮ ᠤᠨ ᠭᠠᠳᠠᠷᠭᠤ ᠶᠢ ᠬᠠᠳᠠᠭᠤᠵᠢᠭᠤᠯᠬᠤ᠂ ᠵᠠᠮ ᠤᠨ ᠬᠤᠶᠠᠷ ᠬᠠᠵᠠᠭᠤ ᠶᠢᠨ ᠬᠠᠰᠢᠯᠭ᠎ᠠ ᠴᠢᠯᠠᠭᠤ ᠶᠢ ᠰᠡᠯᠪᠢᠨ ᠵᠠᠰᠠᠬᠤ᠂ ᠵᠡᠭᠡᠯᠢ ᠳᠠᠭᠠᠭᠰᠠᠨ ᠠᠰᠠᠷ ᠤᠨ ᠭᠠᠳᠠᠷ ᠳᠠᠯ᠎ᠠ ᠶᠢ ᠰᠢᠷᠳᠡᠬᠦ᠂ ᠵᠠᠮ ᠤᠨ ᠱᠤᠭᠤᠮ ᠵᠢᠷᠤᠬᠤ ᠵᠡᠷᠭᠡ︶᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃︵ᠳᠥᠷᠪᠡ︶ ᠬᠤᠭ ᠨᠣᠪᠰᠢ ᠶᠢ ᠰᠢᠢᠳᠪᠦᠷᠢᠯᠡᠬᠦ ᠵᠢᠴᠢ ᠰᠦᠷᠴᠢᠨ ᠴᠡᠪᠡᠷᠯᠡᠬᠦ ᠨᠡᠶᠢᠲᠡ ᠶᠢᠨ ᠵᠣᠷᠯᠣᠩ ᠢ ᠦᠬᠡᠷᠡᠴᠢᠯᠡᠨ ᠰᠢᠨᠡᠳᠭᠡᠬᠦ ᠲᠥᠷᠥᠯ ᠵᠦᠢᠯ᠃ ᠳᠣᠰ ᠲᠦᠷᠦᠯ ᠵᠦᠢᠯ ᠨᠢᠭᠡᠨᠳᠠ ᠠᠵᠢᠯ ᠳᠠᠭᠤᠰᠪᠠ᠃ 879 ᠲᠦᠮᠡᠨ ᠲᠥᠭᠦᠷᠢᠭ ᠤᠨ ᠪᠡᠯᠡ ᠣᠷᠣᠭᠤᠯᠣᠯᠳᠠ ᠬᠢᠵᠣ᠂ 2 ᠰᠠᠭᠤᠷᠢ ᠠᠪᠴᠢᠭᠤᠯᠬᠤ ᠮᠠᠶ᠋ᠢᠭ ᠤᠨ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠣᠨ᠂ 5 ᠰᠠᠭᠤᠷᠢ ᠰᠢᠯᠵᠢᠮᠡᠯ ᠮᠠᠶ᠋ᠢᠭ ᠤᠨ ᠰᠦᠷᠴᠢᠨ ᠴᠡᠪᠡᠷᠯᠡᠬᠦ ᠨᠡᠶᠢᠲᠡ ᠶᠢᠨ ᠵᠣᠷᠯᠣᠩ ᠢ ᠰᠢᠨ᠎ᠡ ᠪᠠᠷ ᠬᠤᠳᠠᠯᠳᠣᠨ ᠠᠪᠴᠦ ᠣᠭᠰᠠᠷᠠᠨ᠂ ᠣᠲᠣ ᠶᠢᠨ ᠪᠠᠶᠢᠭ᠎ᠠ 12 ᠰᠠᠭᠤᠷᠢ ᠰᠦᠷᠴᠢᠨ ᠴᠡᠪᠡᠷᠯᠡᠬᠦ ᠨᠡᠶᠢᠲᠡ ᠶᠢᠨ ᠵᠣᠷᠯᠣᠩ ᠳᠤ ᠬᠦᠭᠵᠢᠯ ᠤᠨ ᠪᠡᠷᠬᠡᠰᠢᠶᠡᠯ ᠲᠠᠢ ᠬᠦᠮᠦᠰ ᠲᠤ ᠳᠣᠬᠢᠷᠠᠭᠤᠯᠣᠭᠰᠠᠨ ᠵᠠᠰᠠᠯᠳᠠ ᠬᠢᠵᠣ᠂ ᠮᠠᠨ ᠤ ᠬᠤᠲᠠ ᠶᠢᠨ ᠨᠡᠶᠢᠲᠡ ᠶᠢᠨ ᠵᠣᠷᠯᠣᠩ᠂ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢᠨ ᠬᠡᠷᠡᠭᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠪᠡ᠃ᠬᠤᠶᠠᠷ᠂ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠬᠦ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ    ︽ᠨᠢᠭᠡᠳᠦᠯᠲᠡᠢ ᠲᠥᠯᠥᠪᠵᠢᠭᠦᠯᠦᠨ ᠨᠡᠶᠢᠳᠡᠮ ᠳᠤᠨᠢ ᠬᠠᠷᠠᠭᠠᠯᠵᠠᠬᠤ᠂ ᠭᠤᠣᠯᠳᠠᠯᠭ᠎ᠠ ᠶᠢ ᠡᠵᠡᠮᠳᠡᠬᠦ᠂ ᠠᠷᠠᠳ ᠤᠨ ᠰᠠᠨᠠᠭ᠎ᠠ ᠶᠢ ᠬᠦᠨᠳᠦᠳᠬᠡᠬᠦ᠂ ᠠᠷᠠᠳ ᠤᠨ ᠠᠮᠢᠳᠤᠷᠠᠯ ᠢ ᠲᠤᠪᠤᠶᠢᠯᠭᠠᠬᠤ᠂ ᠴᠢᠳᠠᠯ ᠤᠨ ᠴᠢᠨᠡᠭᠡ ᠪᠠᠷ ᠬᠢᠬᠦ᠂ ᠦᠷ᠎ᠡ ᠠᠰᠢᠭ ᠢ ᠴᠢᠬᠤᠯᠠᠴᠢᠯᠠᠬᠤ︾ ᠵᠠᠷᠴᠢᠮ ᠶᠣᠰᠣᠭᠠᠷ᠂ ᠪᠥᠬᠦ ᠨᠡᠶᠢᠭᠡᠮ ᠳᠤ ᠬᠠᠨᠳᠣᠨ᠂ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠡᠯᠰᠡᠨ ᠴᠣᠭᠯᠠᠭᠤᠯᠵᠣ᠂ ᠰᠤᠷᠭᠠᠨ ᠬᠥᠮᠦᠵᠢᠯ ᠤᠨ ᠦᠢᠯᠡᠰ᠂ ᠵᠠᠮ ᠬᠠᠷᠢᠯᠴᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ᠂ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠶᠢᠨ ᠪᠠᠲᠤᠯᠠᠭ᠎ᠠ᠂ ᠰᠣᠶᠣᠯ ᠤᠨ ᠪᠠᠶᠢᠭᠤᠯᠤᠯᠲᠠ ᠵᠡᠷᠭᠡ ᠨᠡᠶᠢᠲᠡ 7 ᠶᠡᠭᠡ ᠲᠥᠷᠥᠯ ᠤᠨ 27 ᠵᠦᠢᠯ ᠤᠨ ᠲᠦᠷᠦᠯ ᠵᠦᠢᠯ ᠤᠨ ᠰᠠᠨᠠᠭᠤᠯᠭ᠎ᠠ ᠶᠢ ᠴᠤᠭᠯᠠᠭᠤᠯᠪᠠ᠃ 2021 ᠣᠨ ᠤ 12 ᠰᠠᠷ᠎ᠠ ᠶᠢᠨ 22 ᠤᠨ ᠡᠳᠦᠷ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠯ ᠤᠨ ᠲᠦᠷᠦᠯ ᠵᠦᠢᠯ ᠤᠨ ᠲᠤᠬᠠᠶ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠡᠶᠢᠭᠡᠮ ᠲᠣᠭᠤᠷᠢᠭ ᠤᠨ ᠰᠠᠨᠠᠯ ᠰᠠᠨᠠᠭᠤᠯᠭ᠎ᠠ ᠶᠢ ᠬᠤᠷᠢᠶᠠᠪᠠ᠃ 12 ᠰᠠᠷ᠎ᠠ ᠶᠢᠨ 24 ᠤ ᠡᠳᠦᠷ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠬᠤ ᠶᠢᠨ ᠬᠠᠮᠲᠤ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠳᠤ ᠮᠡᠳᠡᠭᠦᠯᠦᠨ ᠬᠢᠨᠠᠨ ᠶᠠᠷᠢᠯᠴᠠᠭᠤᠯᠬᠤ ᠪᠠᠷ ᠳᠠᠮᠵᠢᠨ᠂ ᠬᠡᠷᠡᠭᠵᠢᠭᠦᠯᠬᠦ ᠨᠥᠬᠦᠴᠡᠯ ᠢ ᠪᠦᠷᠢᠯᠳᠦᠭᠦᠯᠦᠭᠰᠡᠨ 6 ᠲᠦᠷᠦᠯ ᠵᠦᠢᠯ ᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠬᠦ ᠲᠦᠷᠦᠯ ᠵᠦᠢᠯ ᠪᠣᠯᠭᠠᠵᠤ᠂ ᠤᠳᠤ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠤ ᠳᠡᠪᠰᠢᠭᠦᠯᠵᠦ ᠪᠢᠯᠧᠲ ᠥᠭᠴᠦ ᠪᠠᠳᠣᠯᠠᠭᠤᠯᠬᠤ ᠪᠠᠷ ᠪᠠᠶᠢᠨ᠎ᠠ᠃ ︵ᠨᠢᠭᠡ︶ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠶᠢᠷᠠᠯᠠᠨ ᠬᠯᠠᠮᠵᠢᠯᠠᠬᠤ ᠠᠵᠢᠯᠯᠠᠭ᠎ᠠ᠃ 300 ᠲᠦᠮᠡᠨ ᠲᠥᠭᠦᠷᠢᠭ ᠤᠨ ᠪᠡᠯᠡ ᠣᠷᠣᠭᠤᠯᠣᠯᠳᠠ ᠬᠢᠬᠦ ᠪᠠᠷ ᠲᠦᠯᠦᠪᠯᠡᠵᠣ᠂ ᠪᠥᠬᠦ ᠬᠤᠲᠠ ᠶᠢᠨ 8000 ᠰᠢᠬᠠᠮ ᠡᠮᠡᠭᠲᠡᠶᠢᠴᠦᠳ ᠲᠤ ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠬᠢᠨ᠎ᠡ᠃ ᠳᠣᠰ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ ᠤᠷᠢᠳᠴᠢᠯᠠᠨ ᠰᠡᠷᠭᠡᠶᠢᠯᠡᠬᠦ ᠵᠣᠷᠢᠯᠭ᠎ᠠ ᠳᠤ ᠬᠦᠷᠴᠦ᠂ ᠪᠥᠬᠦ ᠬᠤᠲᠠ ᠶᠢᠨ ᠡᠮᠡᠭᠳᠡᠶᠢᠴᠣᠳ ᠲᠤ ᠡᠷᠡᠭᠦᠯ ᠮᠡᠨᠳᠦ ᠶᠢᠨ ᠪᠠᠲᠤᠯᠠᠭ᠎ᠠ ᠬᠠᠩᠭᠠᠬᠤ ᠪᠣᠯᠤᠨ᠎ᠠ᠃ ︵ᠬᠤᠶᠠᠷ︶ ᠡᠷᠢᠶᠡᠨ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠃ 1298 ᠲᠦᠮᠡᠨ ᠲᠥᠭᠦᠷᠢᠭ ᠤᠨ ᠪᠡᠯᠡ ᠣᠷᠣᠭᠤᠯᠣᠯᠳᠠ ᠬᠢᠬᠦ ᠪᠠᠷ ᠳᠦᠯᠦᠪᠯᠡᠵᠦ᠂ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠬᠦᠷᠢᠶᠡᠨ ᠳᠤ ᠲᠠᠯᠠᠪᠠᠶ ᠨᠢ ᠪᠠᠷᠤᠭ 2800 ᠲᠡᠭᠰᠢ ᠳᠥᠷᠪᠡᠯᠵᠢᠨ ᠮᠧᠲᠷ ᠤᠨ ᠵᠢᠭᠠᠨ ᠰᠣᠷᠭᠠᠯᠳᠠ  ᠶᠢᠨ ᠠᠰᠠᠷ ᠢ ᠪᠠᠶᠢᠭᠤᠯᠵᠦ᠂ 6 ᠵᠢᠭᠠᠨ ᠰᠤᠷᠭᠠᠯᠲᠠ ᠶᠢᠨ ᠠᠩᠭᠢ᠂ 2 ᠴᠢᠳᠠᠮᠵᠢ ᠶᠢᠨ ᠲᠠᠰᠤᠭ ᠵᠢᠴᠢ ᠳᠠᠭᠠᠯᠲᠠ ᠲᠦᠭᠦᠭᠡᠷᠦᠮᠵᠢ ᠶᠢ ᠳᠣᠬᠢᠷᠠᠭᠤᠯᠵᠦ᠂ ᠮᠠᠨ ᠤ ᠬᠤᠲᠠ ᠶᠢᠨ ᠰᠣᠷᠭᠠᠭᠤᠯᠢ ᠡᠷᠬᠢᠯᠡᠬᠦ ᠨᠦᠬᠦᠴᠡᠯ ᠢ ᠣᠯᠠᠮ ᠨᠢᠭᠡ ᠠᠯᠬᠤᠮ ᠰᠠᠶᠢᠵᠢᠷᠠᠭᠤᠯᠵᠦ᠂ ᠴᠡᠴᠡᠷᠯᠢᠭ ᠲᠤ ᠣᠷᠣᠬᠤ ᠨᠠᠰᠣᠨ ᠤ ᠬᠡᠣᠬᠡᠳ ᠤᠨ ᠴᠡᠴᠡᠷᠯᠢᠭ ᠲᠤ ᠣᠷᠣᠬᠤ   ᠳᠤ ᠬᠦᠴᠢᠷᠳᠠᠢ ᠠᠰᠠᠭᠤᠳᠠᠯ ᠢ ᠨᠠᠮᠳᠠᠭᠤᠯᠣᠨ᠎ᠠ᠃︵ᠭᠤᠷᠪᠠ︶ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠠᠷᠠᠳ ᠲᠤ ᠠᠰᠢᠭ ᠬᠦᠷᠲᠡᠭᠡᠬᠦ ᠲᠦᠷᠦᠯ ᠵᠦᠢᠯ᠃ 1639 ᠲᠦᠮᠡᠨ ᠲᠥᠭᠦᠷᠢᠭ ᠤᠨ ᠪᠡᠯᠡ ᠣᠷᠣᠭᠤᠯᠣᠯᠳᠠ ᠬᠢᠬᠦ ᠪᠠᠷ ᠳᠦᠯᠦᠪᠯᠡᠵᠦ᠂ ᠬᠢᠯᠢ ᠬᠢᠵᠠᠭᠠᠷ ᠬᠥᠷᠬᠦ ᠵᠠᠰᠠᠮᠠᠯ ᠵᠠᠮ᠂ ᠮᠠᠯᠴᠢᠨ ᠲᠠᠷᠢᠶᠠᠴᠢᠳ ᠤᠨ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ᠂ ᠠᠮᠢ ᠠᠬᠤᠶ ᠶᠢᠨ ᠳᠤᠯᠠᠭᠠᠨ ᠫᠧᠩ᠂ ᠣᠨᠴᠠᠯᠢᠠᠠᠳᠣ ᠲᠡᠵᠢᠭᠡᠨ ᠦᠷᠡᠵᠢᠭᠦᠯᠬᠦ ᠵᠡᠷᠭᠡ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠣᠷᠢᠯᠡᠯ ᠤᠨ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ  ᠳᠤ ᠬᠡᠷᠡᠭᠯᠡᠨ᠎ᠡ᠃ ᠳᠣᠰ ᠲᠦᠷᠦᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠴᠡᠷᠢᠭ ᠠᠷᠠᠳ ᠤᠨ ᠶᠠᠪᠤᠵᠤ ᠰᠠᠭᠤᠬᠤ ᠨᠥᠬᠦᠴᠡᠯ ᠢ ᠪᠦᠲᠦᠮᠵᠢᠲᠡᠢ ᠰᠠᠶᠢᠵᠢᠷᠠᠭᠤᠯᠵᠤ᠂ ᠮᠠᠯᠵᠢᠬᠤ ᠣᠷᠣᠨ ᠤ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠦᠨ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ︵ᠳᠥᠷᠪᠡ︶ 2022 ᠣᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠭᠡᠬᠦ ᠲᠥᠷᠥᠯ ᠵᠦᠢᠯ᠃ 1390 ᠲᠦᠮᠡᠨ ᠲᠥᠭᠦᠷᠢᠭ ᠤᠨ ᠪᠡᠯᠡ ᠣᠷᠣᠭᠤᠯᠣᠯᠳᠠ ᠬᠢᠬᠦ ᠪᠠᠷ ᠳᠦᠯᠦᠪᠯᠡᠵᠦ᠂ ᠠᠵᠢᠯ ᠣᠯᠭᠤᠯᠳᠠ ᠶᠢᠨ ᠲᠣᠪᠴᠢᠶ᠎ᠠ ᠶᠢᠨ ᠬᠡᠷ ᠪᠦᠯᠢ ᠶᠢᠨ ᠠᠰᠠᠷ᠂ ᠠᠨᠳᠠ ᠲᠣᠮᠣ ᠠᠰᠠᠷ᠂ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠬᠡᠷ ᠪᠦᠯᠢ ᠶᠢᠨ ᠠᠰᠠᠷ ᠵᠡᠷᠭᠡ 7 ᠬᠠᠭᠤᠴᠢᠨ ᠰᠠᠭᠤᠭᠠᠯᠢ ᠲᠣᠭᠤᠷᠢᠭ ᠤᠨ ᠰᠠᠭᠤᠷᠢ ᠲᠦᠭᠦᠭᠡᠷᠦᠮᠵᠢ ᠶᠢ ᠦᠬᠡᠷᠡᠴᠢᠯᠡᠨ ᠰᠢᠨᠡᠳᠭᠡᠨ᠎ᠡ᠃ ᠳᠣᠰ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠬᠠᠭᠤᠴᠢᠨ ᠰᠠᠭᠤᠭᠠᠯᠢ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠪᠠ ᠠᠮᠢᠳᠤᠷᠠᠯ ᠤᠨ ᠨᠥᠬᠦᠴᠡᠯ ᠢ ᠣᠯᠠᠮ ᠨᠢᠭᠡ ᠠᠯᠬᠤᠮ ᠰᠠᠶᠢᠵᠢᠷᠠᠭᠤᠯᠣᠨ᠎ᠠ᠃︵ᠲᠠᠪᠤ︶ 2022 ᠣᠨ ᠤ ᠪᠣᠬᠢᠷ ᠣᠰᠣᠨ ᠤ ᠭᠤᠣᠷᠰᠣ ᠰᠦᠯᠵᠢᠶ᠎ᠡ ᠶᠢ ᠦᠬᠡᠷᠡᠴᠢᠯᠡᠨ ᠰᠢᠨᠡᠳᠭᠡᠬᠦ ᠢᠨᠵᠧᠨᠧᠷᠢᠩ᠃ 2100 ᠲᠦᠮᠡᠨ ᠲᠥᠭᠦᠷᠢᠭ ᠤᠨ ᠪᠡᠯᠡ ᠣᠷᠣᠭᠤᠯᠣᠯᠳᠠ ᠬᠢᠬᠦ ᠪᠠᠷ ᠳᠦᠯᠦᠪᠯᠡᠵᠦ᠂ ᠭᠤᠤᠯᠳᠠᠭᠤ ᠬᠡᠨᠳᠠᠢ ᠵᠡᠭᠡᠯᠢ᠂ ᠤᠷᠤᠭᠰᠢᠯᠠᠯᠲᠠ ᠵᠠᠮ᠂ ᠪᠦᠯᠬᠦᠮᠳᠡᠯ ᠵᠠᠮ᠂ ᠠᠪᠤᠷᠭᠤ ᠭᠦᠷᠪᠡᠯ ᠶᠡᠭᠡ ᠵᠡᠭᠡᠯᠢ᠂ ᠴᠢᠩᠭᠢᠰ ᠬᠠᠭᠠᠨ ᠶᠡᠭᠡ ᠵᠡᠭᠡᠯᠢ᠂ ᠢᠳᠡᠭᠡᠯ ᠵᠠᠮ ᠤᠨ ᠭᠤᠤᠯ ᠱᠤᠭᠤᠮ ᠵᠢᠴᠢ ᠸᠧᠨᠵᠸᠦ ᠬᠤᠳᠠᠯᠳᠤᠭᠠᠨ ᠤ ᠬᠤᠲᠠ ᠶᠢᠨ ᠬᠤᠶᠢᠲᠤ ᠭᠤᠳᠤᠮᠵᠢ ᠵᠡᠷᠭᠡ ᠵᠡᠭᠡᠯᠢ ᠭᠤᠳᠤᠮᠵᠢ ᠶᠢᠨ ᠬᠠᠭᠤᠴᠢᠨ ᠭᠤᠣᠷᠰᠣ ᠰᠦᠯᠵᠢᠶ᠎ᠡ ᠶᠢ ᠦᠬᠡᠷᠡᠴᠢᠯᠡᠨ ᠰᠢᠨᠡᠳᠭᠡᠨ᠎ᠡ᠃ ᠳᠣᠰ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠮᠠᠨ ᠤ ᠬᠤᠲᠠ ᠶᠢᠨ ᠤᠰᠤ ᠭᠠᠳᠠᠭᠰᠢᠯᠠᠭᠤᠯᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠬᠢᠷ ᠢ ᠭᠠᠳᠠᠭᠰᠢᠯᠠᠭᠤᠯᠬᠤ ᠴᠢᠳᠠᠪᠤᠷᠢ ᠣᠯᠠᠮ ᠨᠢᠭᠡ ᠠᠯᠬᠤᠮ ᠳᠡᠭᠡᠭᠰᠢᠯᠡᠬᠦᠯᠦᠨ᠎ᠡ᠃ ︵ᠵᠢᠷᠭᠤᠭ᠎ᠠ︶ ᠡᠷᠢᠶᠡᠨ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠠᠯᠭᠠᠮᠵᠢ ᠢᠨᠵᠧᠨᠧᠷᠢᠩ᠃ 680 ᠲᠦᠮᠡᠨ ᠲᠥᠭᠦᠷᠢᠭ ᠤᠨ ᠪᠠᠯᠠ ᠣᠷᠣᠭᠤᠯᠣᠯᠳᠠ ᠬᠢᠬᠦ ᠪᠠᠷ ᠲᠦᠯᠦᠪᠯᠡᠵᠣ᠂ ᠬᠤᠳᠠ ᠶᠢᠨ ᠡᠮᠨᠡᠯᠭᠡ ᠶᠢᠨ ᠬᠤᠷᠢᠶ᠎ᠠ ᠶᠢᠨ ᠬᠠᠯᠳᠠᠪᠣᠷᠢᠳᠣ ᠡᠪᠡᠳᠴᠢᠨ ᠤ ᠳᠣᠭᠤᠷᠢᠭ ᠤᠨ ᠵᠠᠰᠠᠪᠣᠷᠢ ᠴᠢᠮᠡᠭᠯᠡᠯ ᠵᠢᠴᠢ ᠴᠠᠬᠢᠯᠭᠠᠨ ᠱᠠᠳᠣ ᠶᠢᠨ ᠲᠦᠭᠦᠭᠡᠷᠦᠮᠵᠢ ᠬᠤᠳᠠᠯᠳᠣᠨ ᠠᠪᠬᠤ ᠳᠤ ᠬᠡᠷᠡᠭᠯᠡᠨ᠎ᠡ᠃ ᠳᠣᠰ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠳᠣᠭᠤᠷᠢᠭ ᠤᠨ ᠰᠠᠭᠤᠷᠢ ᠳᠦᠬᠦᠬᠡᠷᠦᠮᠵᠢ ᠶᠢᠨ ᠨᠦᠬᠦᠴᠡᠯ ᠢ ᠣᠯᠠᠮ ᠨᠢᠭᠡ ᠠᠯᠬᠤᠮ ᠰᠠᠶᠢᠵᠢᠷᠠᠭᠤᠯᠣᠨ᠎ᠠ᠃     ᠳᠡᠭᠡᠷᠡᠬᠢ 6 ᠲᠥᠷᠥᠯ ᠵᠦᠢᠯ ᠳᠤ 7407 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠠᠶᠢᠨ᠎ᠠ᠃    ᠲᠥᠯᠥᠭᠡᠯᠡᠭᠴᠢᠳ ᠡ᠂ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠨᠡᠮᠡᠭᠳᠡᠭᠦᠯᠬᠦ ᠪᠣᠯ ᠬᠥᠭᠵᠢᠯᠲᠡ ᠶᠢᠨ ᠦᠨᠳᠦᠰᠦᠨ ᠵᠣᠷᠢᠯᠭ᠎ᠠ ᠮᠥᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠣᠯ ᠠᠷᠠᠳ ᠳᠦᠮᠡᠨ ᠤ ᠬᠦᠰᠡᠯ ᠡᠷᠡᠮᠡᠯᠵᠡᠯ᠂ ᠵᠠᠰᠠᠭ ᠤᠨ ᠣᠷᠳᠣᠨ ᠤ ᠠᠵᠢᠯ ᠤᠨ ᠬᠠᠨᠳᠤᠰᠢ ᠮᠥᠨ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠣᠳᠠᠳᠠᠶᠢᠵᠢᠭᠤᠯᠣᠨ ᠰᠠᠶᠢᠳᠣᠷ ᠬᠢᠵᠣ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠲᠦᠯᠦᠭᠡᠯᠡᠭᠴᠢᠳ ᠠᠴᠠ ᠪᠢᠯᠧᠲ ᠦᠭᠴᠦ ᠪᠠᠳᠣᠯᠠᠬᠤ ᠳᠦᠷᠢᠮ ᠤᠨ ᠠᠵᠢᠯ ᠤᠨ ᠨᠡᠩ ᠰᠠᠶᠢᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠵᠣ᠂ ᠠᠷᠠᠳ ᠤᠨ ᠠᠮᠢᠳᠣᠷᠠᠯ ᠤᠨ ᠪᠣᠳᠠᠳᠦ ᠶᠠᠪᠣᠳᠠᠯ ᠤᠨ ᠳᠦᠷᠦᠯ ᠵᠦᠢᠯ ᠢ ᠵᠢᠩᠬᠢᠨᠢ ᠪᠠᠷ ᠳᠦᠯᠦᠬᠡᠯᠡᠭᠴᠢᠳ ᠰᠡᠳᠬᠢᠯ ᠬᠠᠨᠣᠮᠵᠢᠳᠠᠢ᠂ ᠣᠯᠠᠨ ᠳᠦᠮᠡᠨ ᠠᠰᠢᠭ ᠬᠦᠷᠳᠡᠭᠰᠡᠨ ᠠᠷᠠᠳ ᠤᠨ ᠢᠨᠵᠧᠨᠧᠷᠢᠩ ᠪᠣᠯᠭᠠᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号