ᠡᠷᠳᠡᠨᠢᠭᠤᠪᠢ ᠭᠠᠴᠠᠭ᠎ᠠ᠄  ᠬᠢᠵᠢᠭ ᠤᠨ ᠰᠡᠷᠬᠡᠶᠢᠯᠡᠯᠳᠠ ᠪᠠᠨ ᠰᠣᠯᠠᠷᠠᠭᠤᠯᠣᠯ ᠦᠭᠡᠢ᠂ ᠦᠢᠯᠡᠴᠢᠯᠡᠭᠡ  ᠪᠠᠨ ᠣᠯᠠᠮ ᠴᠢᠩᠭᠠᠳᠬᠠᠪᠠ
ᠨᠡᠶᠢᠲᠡᠯᠡᠭᠰᠡᠨ ᠴᠠᠭ᠄
2022/11/15
    ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠡᠷᠳᠡᠨᠢᠭᠤᠪᠢ ᠭᠠᠴᠠᠭ᠎ᠠ ᠶᠢᠨ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠬᠢᠨ ︽ᠺᠠᠳ᠋ᠷᠴᠣᠳ ᠢᠯᠡᠬᠦᠭᠡᠨ ᠬᠦᠶᠦᠵᠦ᠂ ᠣᠯᠠᠨ ᠳᠦᠮᠡᠨ ᠢ ᠳᠣᠳᠠᠭᠤ ᠬᠦᠶᠦᠯᠭᠡᠬᠦ︾ ᠵᠠᠷᠴᠢᠮ ᠢ ᠪᠠᠷᠢᠮᠲᠠᠯᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠴᠠᠭᠠᠨ ᠤ ᠬᠢᠵᠢᠭ ᠢ ᠰᠡᠷᠭᠡᠶᠢᠯᠡᠬᠦ ᠠᠵᠢᠯ ᠢ ᠪᠣᠳᠠᠲᠤ ᠠᠵᠢᠯᠯᠠᠭ᠎ᠠ ᠪᠠᠷ ᠢᠶᠠᠨ ᠨᠠᠶᠢᠳᠠᠪᠤᠷᠢᠵᠢᠭᠤᠯᠬᠤ ᠶᠢᠨ ᠬᠠᠮᠲᠤ᠂ ᠮᠠᠯᠴᠢᠨ ᠲᠦᠮᠡᠨ ᠳᠤ ᠳᠣᠳᠣᠨᠣ ᠦᠢᠯᠡᠴᠢᠯᠡᠭᠡ ᠬᠦᠷᠭᠡᠭᠰᠡᠨ ᠪᠠᠶᠢᠨ᠎ᠠ᠃
    ᠥᠷᠯᠥᠭᠡ ᠶᠢᠨ 6 ᠴᠠᠭ 30 ᠮᠢᠨᠦ᠋ᠲ ᠲᠤ᠂ ᠥᠷᠯᠥᠭᠡ ᠶᠢᠨ ᠲᠤᠶᠠᠭ᠎ᠠ ᠲᠠᠯ᠎ᠠ ᠨᠤᠲᠤᠭ ᠲᠤ ᠳᠤᠰᠤᠮᠠᠭᠴᠠ ᠡᠷᠳᠡᠨᠢᠭᠤᠪᠢ ᠭᠠᠴᠠᠭ᠎ᠠ ᠶᠢᠨ ︽ᠬᠤᠶᠠᠷ ᠵᠥᠪᠯᠡᠯ︾ ᠤᠨ ᠪᠠᠭ ᠨᠢ ᠪᠥᠭᠡᠮ ᠬᠦᠴᠢᠯ ᠤᠨ ᠪᠠᠶᠢᠴᠠᠭᠠᠯᠳᠠ ᠬᠢᠬᠦ ᠬᠥᠮᠥᠰ ᠢ ᠲᠤᠰᠴᠤ ᠰᠣᠮᠣᠨ ᠠᠴᠠ ᠮᠣᠷᠳᠠᠨ᠂ ᠠᠶᠢᠯ ᠡᠷᠦᠬᠡ ᠳᠠᠷᠠᠭᠠᠯᠠᠨ ᠮᠠᠯᠴᠢᠨ ᠲᠦᠮᠡᠨ ᠳᠤ ᠪᠥᠭᠡᠮ ᠬᠦᠴᠢᠯ ᠤᠨ ᠪᠠᠶᠢᠴᠠᠭᠠᠯᠳᠠ ᠬᠢᠵᠦ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠭᠡᠭᠡᠭᠳᠡᠬᠦᠯᠬᠦ ᠦᠭᠡᠢ︾ ᠪᠠᠶᠢᠬᠤ ᠶᠢ ᠪᠠᠲᠤᠯᠠᠪᠠ᠃ ᠡᠷᠳᠡᠨᠢᠭᠤᠪᠢ ᠭᠠᠴᠠᠭ᠎ᠠ ᠨᠢ ᠬᠤᠲᠠ ᠶᠢᠨ ᠲᠣᠭᠤᠷᠢᠭ ᠠᠴᠠ ᠪᠠᠷᠤᠭ 28 ᠺᠢᠯᠣᠮᠧᠲᠷ ᠵᠠᠶᠢᠲᠠᠢ᠂ ᠮᠠᠯᠴᠢᠨ ᠡᠷᠦᠬᠡ ᠲᠠᠷᠠᠬᠠᠢ ᠪᠤᠲᠠᠷᠬᠠᠢ ᠰᠠᠭᠤᠷᠢᠰᠢᠵᠤ᠂ ᠬᠠᠮᠤᠭ ᠤᠨ ᠣᠶᠢᠷ᠎ᠠ ᠪᠠᠶᠢᠭ᠎ᠠ ᠨᠢ ᠪᠠᠰᠠ 6᠂ 7 ᠺᠢᠯᠣᠮᠧᠲᠷ᠂ ᠬᠠᠮᠤᠭ ᠤᠨ ᠬᠤᠯᠠ ᠪᠠᠶᠢᠭ᠎ᠠ ᠨᠢ 20 ᠺᠢᠯᠣᠮᠧᠲᠷ ᠪᠠᠶᠢᠵᠤ᠂ ᠨᠢᠭᠡ ᠡᠭᠡᠯᠵᠢ ᠶᠢᠨ ᠪᠥᠭᠡᠮ ᠬᠦᠴᠢᠯ ᠤᠨ ᠦᠯᠢᠭᠡᠷ ᠢ ᠴᠣᠭᠯᠠᠭᠤᠯᠣᠭᠠᠳ ᠳᠠᠭᠤᠰᠬᠤ ᠳᠤ ᠦᠳᠡ ᠶᠢᠨ ᠬᠤᠶᠢᠨ᠎ᠠ ᠪᠣᠯᠴᠢᠬᠠᠳᠠᠭ᠃
   ᠪᠥᠭᠡᠮ ᠬᠦᠴᠢᠯ ᠤᠨ ᠥᠯᠢᠭᠡᠷ ᠡᠳ᠋ ᠢ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠠᠪᠴᠢᠷᠡᠭᠠᠳ᠂ ᠳᠠᠬᠢᠨ ︽ᠬᠤᠶᠠᠷ ᠵᠥᠪᠯᠡᠯ︾ ᠤᠨ ᠪᠠᠭ ᠤᠨ ᠪᠦᠷᠢᠯᠳᠦᠭᠦᠨ ᠨᠠᠷ ᠬᠤᠳᠠ ᠣᠷᠣᠭᠤ ᠬᠦᠷᠬᠡᠨ᠎ᠡ᠃ ᠬᠤᠳᠠ ᠣᠷᠣᠭᠰᠠᠨ ᠤ ᠳᠠᠷᠠᠭ᠎ᠠ ᠮᠠᠯᠴᠢᠨ ᠲᠦᠮᠡᠨ ᠳᠤ ᠡᠳ᠋ ᠪᠣᠳᠠᠰ ᠬᠤᠳᠠᠯᠳᠤᠨ ᠠᠪᠴᠤ᠂ ᠡᠮ ᠤᠨ ᠵᠦᠢᠯ ᠨᠥᠬᠦᠪᠦᠷᠢᠯᠡᠬᠦ ᠶᠢᠨ ᠬᠠᠮᠲᠤ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠭᠰᠠᠨ ᠪᠠᠶᠢᠳᠠᠯ ᠢᠶᠠᠨ ᠦᠨᠳᠦᠰᠦᠯᠡᠨ᠂ ᠭᠠᠭᠴᠠᠭᠠᠷ ᠰᠠᠭᠤᠵᠤ ᠪᠠᠶᠢᠭ᠎ᠠ ᠬᠦᠴᠢᠷᠳᠡᠯᠲᠡᠢ ᠮᠠᠯᠴᠢᠨ ᠲᠦᠮᠡᠨ ᠳᠤ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠬᠠᠶᠢᠷ᠎ᠠ ᠬᠠᠯᠠᠮᠵᠢ ᠶᠢᠨ ᠡᠳ᠋ ᠪᠣᠳᠠᠰ ᠪᠡᠯᠡᠳᠬᠡᠨ ᠥᠭᠴᠦ᠂ ᠣᠯᠠᠨ ᠤ ᠲᠤᠯᠭᠠᠮ᠎ᠠ ᠠᠰᠠᠭᠤᠳᠠᠯ ᠢ ᠰᠢᠢᠳᠪᠣᠷᠢᠯᠡᠨ᠎ᠡ᠃ ᠬᠤᠳᠠᠯᠳᠤᠨ ᠠᠪᠤᠭᠰᠠᠨ ᠶᠠᠭᠤᠮ᠎ᠠ ᠪᠠᠨ ᠨᠢᠭᠡᠳ ᠨᠢᠭᠡ ᠪᠠᠷ ᠲᠣᠭᠠᠯᠠᠨ ᠠᠷᠢᠭᠤᠳᠬᠠᠭᠰᠠᠨ ᠤ ᠲᠠᠷᠠᠭ᠎ᠠ᠂ ᠳᠦᠭᠦᠷᠡᠩ ᠠᠴᠢᠶ᠎ᠠ ᠲᠠᠢ ᠲᠡᠷᠭᠡ ᠶᠢ ᠵᠢᠯᠣᠭᠤᠳᠤᠨ ᠪᠣᠴᠠᠵᠦ᠂ ᠡᠯ᠎ᠡ ᠡᠷᠤᠭᠡ ᠶᠢᠨ ᠡᠳ᠋ ᠪᠣᠳᠠᠰ ᠢ ᠨᠢᠭᠡᠳ ᠨᠢᠭᠡ ᠪᠠᠷ ᠭᠡᠷ ᠤᠨ ᠡᠭᠦᠳᠡᠨ ᠳᠤ ᠪᠤᠶᠤ ᠬᠠᠮᠤᠭ ᠤᠨ ᠣᠶᠢᠷ᠎ᠠ ᠪᠠᠶᠢᠭ᠎ᠠ ᠪᠠᠷᠠᠭ᠎ᠠ ᠠᠪᠬᠤ ᠭᠠᠵᠠᠷ ᠲᠤ ᠬᠦᠷᠭᠡᠨ᠎ᠡ᠃
   ᠮᠠᠯᠴᠢᠨ ᠬᠠᠰᠭᠤᠸ᠎ᠠ᠄ ︽ᠬᠢᠵᠢᠭ ᠤᠨ ᠪᠠᠶᠢᠳᠠᠯ ᠨᠡᠯᠢᠶᠡᠳ ᠭᠡᠨᠡᠳᠲᠡ ᠪᠠᠷ ᠡᠭᠦᠰᠴᠡᠢ᠂ ᠭᠡᠷ ᠲᠤ ᠪᠠᠰᠠ ᠶᠠᠭᠤᠮ᠎ᠠ ᠨᠥᠭᠡᠴᠡᠯᠡᠭᠰᠡᠨ ᠦᠭᠡᠢ᠂ ᠬᠤᠳᠠ ᠶᠢᠨ ᠲᠣᠭᠤᠷᠢᠭ ᠠᠴᠠ ᠬᠤᠯᠠ ᠪᠠᠶᠢᠭᠰᠠᠨ ᠪᠥᠭᠡᠳ ᠴᠠᠰᠤ ᠣᠷᠣᠬᠤ ᠲᠠᠢ ᠲᠠᠭᠠᠷᠠᠯᠳᠤᠵᠠᠢ᠂ ᠪᠠᠭ᠎ᠠ ᠰᠠᠭ᠎ᠠ ᠡᠳ᠋ ᠪᠣᠳᠠᠰ ᠨᠥᠬᠦᠪᠦᠷᠢᠯᠡᠬᠦ ᠳᠤ ᠦᠨᠡᠬᠡᠷ ᠠᠮᠠᠷ ᠦᠭᠡᠢ ᠶᠤᠮ᠃ ᠪᠢᠳᠡ ᠶᠠᠭ ᠰᠠᠨᠠᠭ᠎ᠠ ᠵᠣᠪᠠᠵᠤ ᠪᠠᠶᠢᠬᠤ ᠳᠤ᠂ ᠭᠠᠴᠠᠭᠠᠨ ᠤ ᠬᠤᠶᠠᠷ ᠵᠥᠪᠯᠡᠯ ᠤᠨ ᠬᠢᠨ ᠡᠳᠦᠷ ᠪᠦᠷᠢ ᠨᠥᠬᠦᠪᠦᠷᠢᠯᠡᠬᠦ ᠴᠢᠬᠤᠯᠠᠲᠠᠢ ᠡᠳ᠋ ᠪᠣᠳᠠᠰ ᠪᠠᠶᠢᠬᠤ ᠡᠰᠡᠬᠦ ᠶᠢ ᠪᠦᠷᠢᠳᠬᠡᠵᠦ᠂ ᠪᠢᠳᠡᠨ ᠢ ᠬᠠᠪᠰᠤᠷᠤᠨ ᠬᠤᠳᠠ ᠠᠴᠠ ᠬᠤᠳᠠᠯᠳᠤᠨ ᠠᠪᠴᠤ᠂ ᠲᠠᠬᠢᠨ ᠭᠡᠷ ᠲᠤᠨᠢ ᠬᠦᠷᠭᠡᠵᠦ ᠥᠭᠬᠦ ᠪᠠᠷ ᠪᠣᠯᠪᠠ᠃ ᠮᠠᠨ ᠤ ᠭᠡᠷ ᠬᠤᠯᠠ ᠰᠠᠭᠤᠵᠤ  ᠪᠠᠶᠢᠨ᠎ᠠ᠂ ᠲᠡᠳᠡ ᠤᠳᠠᠭ᠎ᠠ ᠪᠦᠷᠢ ᠬᠠᠮᠤᠭ ᠤᠨ ᠦᠢᠷ᠎ᠡ ᠭᠠᠵᠠᠷ ᠲᠤ ᠬᠦᠷᠭᠡᠵᠦ ᠥᠭᠲᠡᠭ᠂ ᠦᠨᠡᠬᠡᠷ ᠲᠣᠩ ᠳᠣᠲᠣᠨᠣ᠂ ᠲᠣᠩ ᠶᠡᠭᠡ ᠲᠠᠯᠠᠷᠬᠠᠵᠤ ᠪᠠᠶᠢᠨ᠎ᠠ︾ ᠭᠡᠪᠡ᠃
   ᠡᠳ᠋ ᠪᠠᠷᠠᠭ᠎ᠠ ᠶᠢ ᠲᠣᠬᠢᠷᠠᠭᠤᠯᠤᠨ ᠬᠦᠷᠭᠡᠵᠦ ᠪᠠᠷᠠᠭᠰᠠᠨ ᠤ ᠲᠠᠷᠠᠭ᠎ᠠ ᠠᠵᠢᠯ ᠳᠠᠭᠤᠰᠤᠭ᠎ᠠ ᠦᠭᠡᠢ ᠪᠠᠶᠢᠭᠰᠠᠭᠠᠷ᠃ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠭᠡᠰᠢᠭᠦᠳ ᠪᠠᠰᠠ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠡᠭᠡᠨ ᠪᠤᠴᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠦᠷᠭᠦᠯᠵᠢᠯᠡᠨ ᠣᠷᠣᠯᠴᠠᠵᠤ᠂ ᠡᠬᠡ ᠲᠠᠩᠰᠠ ᠪᠠᠨ ᠡᠮᠬᠢᠯᠡᠵᠦ᠂ ᠬᠢᠵᠢᠭ ᠢ ᠰᠡᠷᠭᠡᠶᠢᠯᠡᠬᠦ ᠮᠡᠳᠡᠭᠡ ᠵᠠᠩᠭᠢ ᠪᠠᠨ ᠳᠡᠭᠡᠭᠰᠢ ᠮᠡᠳᠡᠭᠦᠯᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠪᠦᠷᠢᠳᠬᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠩᠰᠠ ᠡᠪᠬᠡᠮᠡᠯ ᠢ ᠲᠡᠭᠦᠯᠳᠡᠷᠵᠢᠭᠦᠯᠪᠡ ᠁ ᠮᠠᠯᠴᠢᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ᠃    ᠲᠡᠨᠢᠭᠡᠷ ᠠᠭᠤᠳᠠᠮ ᠲᠠᠯ᠎ᠠ ᠨᠤᠲᠤᠭ ᠲᠤ᠂ ᠭᠠᠭᠴᠠᠭᠠᠷ ᠶᠠᠪᠤᠬᠤ ᠡᠳ᠋ ᠪᠣᠳᠠᠰ ᠤᠨ ᠲᠡᠷᠭᠡ᠂ ᠬᠡᠳᠦᠨ ᠳᠤᠯᠠᠭᠠᠨ ᠮᠣᠩᠭᠤᠯ ᠭᠡᠷ᠂ ᠬᠡᠳᠦᠨ ᠶᠠᠭᠠᠷᠠᠯᠲᠠᠢ ᠠᠵᠢᠯᠲᠠᠨ ᠬᠠᠮᠲᠤ ᠪᠠᠷ ᠭᠠᠴᠠᠭᠠᠨ ᠤ ᠺᠠᠳ᠋ᠷ ᠤᠯᠠᠨ ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠭᠰᠠᠨ ᠰᠡᠳᠬᠢᠯ ᠢ ᠳᠤᠯᠠᠭᠠᠴᠠᠭᠤᠯᠬᠤ ︽ᠵᠢᠷᠤᠭ︾  ᠢ ᠪᠦᠷᠢᠯᠳᠦᠭᠦᠯᠵᠦ᠂ ︽ᠵᠢᠷᠤᠭ︾  ᠤᠨ ᠳᠣᠲᠣᠷᠠᠬᠢ ᠬᠥᠮᠥᠨ ᠪᠦᠬᠦᠨ ᠡᠨᠡᠬᠦ ᠬᠠᠶᠢᠷ᠎ᠠ ᠬᠠᠯᠠᠮᠵᠢ ᠲᠠᠢ ᠲᠠᠯ᠎ᠠ ᠨᠤᠲᠤᠭ ᠢᠶᠠᠨ ᠰᠠᠬᠢᠨ ᠬᠠᠮᠠᠭᠠᠯᠠᠵᠤ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号