| ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 8 ᠤ ᠣᠷᠣᠢ ᠺᠠᠮᠪᠤᠵᠠ ᠸᠠᠩᠲᠤ | ᠤᠯᠤᠰ ᠤᠨ ᠲᠡᠷᠢᠭᠦᠨ ᠰᠠᠶᠢᠳ ᠡᠾᠦ᠋ᠨᠰᠧᠨ ᠤ ᠤᠷᠢᠯᠭ᠎ᠠ ᠪᠠᠷ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ | ᠯᠢ ᠺᠧ ᠴᠢᠶᠠᠩ ᠲᠤᠰᠬᠠᠢ ᠨᠢᠰᠬᠡᠯ ᠢᠶᠠᠷ ᠫᠨᠣᠮ ᠪᠧᠩ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠵᠤ᠂ | ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯᠳᠤᠭᠠᠨ ᠳᠤ ᠣᠷᠣᠯᠴᠠᠭᠰᠠᠨ ᠤ ᠬᠠᠮᠲᠤ | ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ | | ᠰᠢᠨᠬᠤᠸᠠ ᠬᠤᠷᠢᠶᠠᠨ ᠤ ᠫᠨᠣᠮ ᠪᠧᠩ ᠤᠨ 11 ᠳ᠋ᠦ᠋ᠭᠡᠷ ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ | ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 8 ᠤ ᠡᠳᠦᠷ ᠤᠨ ᠣᠷᠣᠢ᠂ ᠺᠠᠮᠪᠤᠵᠠ ᠸᠠᠩᠲᠤ ᠤᠯᠤᠰ ᠤᠨ | ᠲᠡᠷᠢᠭᠦᠨ ᠰᠠᠶᠢᠳ ᠾᠦᠨᠰᠧᠨ ᠤ ᠤᠷᠢᠯᠭ᠎ᠠ ᠪᠠᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ | ᠴᠢᠶᠠᠩ ᠲᠤᠰᠬᠠᠢ ᠨᠢᠰᠬᠡᠯ ᠢᠶᠠᠷ ᠫᠨᠣᠮ ᠪᠧᠩ ᠤᠨ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠵᠤ᠂ ᠵᠡᠭᠦᠨ | ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ ᠣᠷᠣᠯᠴᠠᠭᠰᠠᠨ ᠤ ᠬᠠᠮᠲᠤ ᠺᠠᠮᠪᠤᠵᠠ ᠳᠤ | ᠠᠯᠪᠠᠨ ᠶᠣᠰᠣᠨ ᠤ ᠠᠶᠢᠯᠴᠢᠯᠠᠯᠲᠠ ᠬᠢᠪᠡ᠃ ᠶᠡᠷᠦᠩᠬᠡᠢ ᠰᠠᠶᠢᠳ ᠯᠢ ᠺᠧ ᠴᠢᠶᠠᠩ ᠤᠨ ᠬᠠᠳᠤᠨ ᠴᠧᠩ ᠬᠤᠩ᠂ | ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠲᠦᠷᠦ ᠶᠢᠨ ᠶᠠᠪᠤᠳᠠᠯ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ | ᠰᠢᠶᠣᠣ ᠵᠢᠶᠧ ᠵᠡᠷᠭᠡ ᠪᠠᠷ᠎ᠠ ᠪᠣᠯᠣᠭᠰᠠᠳ ᠬᠠᠮᠲᠤ ᠪᠠᠢᠯᠴᠠᠵᠠᠢ᠃ | ᠺᠠᠮᠪᠤᠵᠠ ᠶᠢᠨ ᠳᠡᠳ᠋ ᠲᠡᠷᠢᠭᠦᠨ ᠰᠠᠶᠢᠳ ᠡᠾᠥ᠋ᠷᠨᠠᠮᠾᠤᠩ ᠵᠠᠰᠠᠭ ᠤᠨ ᠣᠷᠳᠣᠨ ᠤ ᠳᠡᠭᠡᠳᠦ ᠵᠡᠷᠭᠡ ᠶᠢᠨ | ᠲᠤᠰᠢᠶᠠᠯᠲᠠᠳ ᠢᠶᠠᠨ ᠳᠠᠭᠠᠭᠤᠯᠤᠨ ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ᠃ | ᠶᠣᠰᠣᠯᠠᠯ ᠤᠨ ᠴᠡᠷᠢᠭ ᠤᠯᠠᠭᠠᠨ ᠬᠡᠪᠢᠰ ᠤᠨ ᠬᠤᠶᠠᠷ ᠲᠠᠯ᠎ᠠ ᠪᠠᠷ ᠮᠥᠷᠯᠡᠨ ᠶᠣᠰᠣᠯᠠᠪᠠ᠃ ᠲᠤᠬᠠᠢ ᠶᠢᠨ ᠭᠠᠵᠠᠷ ᠤᠨ | ᠵᠠᠯᠠᠭᠤᠴᠤᠳ ᠯᠢ ᠺᠧ ᠴᠢᠶᠠᠩ ᠪᠣᠯᠣᠨ ᠲᠡᠭᠦᠨ ᠤ ᠬᠠᠳᠤᠨ ᠴᠧᠩ ᠬᠤᠩ ᠳᠤ ᠰᠣᠷᠭᠤᠭ ᠴᠡᠴᠡᠭ ᠬᠦᠷᠭᠡᠪᠡ᠃ | ᠺᠠᠮᠪᠤᠵᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠸᠠᠩ ᠸᠧᠨ ᠲᠢᠶᠠᠨ ᠪᠣᠯᠣᠨ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠳᠤ ᠰᠠᠭᠤᠭ᠎ᠠ ᠡᠯᠴᠢᠨ ᠰᠠᠶᠢᠳ ᠳ᠋ᠧᠩ ᠰᠢ ᠵᠢᠶᠦ᠋ᠨ ᠪᠠᠰᠠ ᠨᠢᠰᠬᠡᠯ ᠤᠨ | ᠪᠠᠭᠤᠳᠠᠯ ᠳᠤ ᠬᠦᠷᠴᠦ ᠤᠭᠲᠤᠪᠠ᠃ | ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠪᠣᠯ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠠ ᠬᠠᠮᠤᠭ ᠤᠨ ᠲᠣᠮᠣ | ᠠᠷᠠᠯᠵᠢᠶᠠᠨ ᠤ ᠬᠠᠨᠢᠲᠠᠨ ᠮᠥᠨ᠃ ᠣᠳᠣᠬᠠᠨ ᠳᠤ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠨᠠᠷᠢᠨ ᠪᠤᠳᠤᠯᠢᠶᠠᠨᠲᠠᠢ | ᠪᠥᠭᠡᠳ ᠭᠦᠨᠵᠡᠭᠡᠢ ᠤᠯᠠᠷᠢᠨ ᠬᠤᠪᠢᠰᠴᠤ᠂ ᠡᠯ᠎ᠡ ᠵᠦᠢᠯ ᠤᠨ ᠲᠣᠭᠲᠠᠪᠤᠷᠢ ᠦᠭᠡᠢ ᠮᠥᠷᠲᠡᠭᠡᠨ ᠲᠣᠭᠲᠠᠭᠤᠨ ᠪᠤᠰᠤ | ᠬᠦᠴᠦᠨ ᠵᠦᠢᠯ ᠣᠯᠠᠰᠢᠷᠠᠵᠤ᠂ ᠪᠦᠬᠦ ᠪᠥᠮᠪᠥᠷᠴᠡᠭ ᠤᠨ ᠬᠥᠭᠵᠢᠯᠲᠡ ᠤᠷᠢᠳᠤ ᠡᠮᠦᠨ᠎ᠡ ᠪᠠᠶᠢᠭ᠎ᠠ ᠦᠭᠡᠢ | ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ | ᠤᠳᠤᠷᠢᠳᠬᠤ ᠬᠥᠮᠥᠰ ᠤᠨ ᠰᠢᠷᠢᠰ ᠬᠤᠷᠠᠯ ᠤᠨ ᠬᠥᠭᠵᠢᠯᠲᠡ ᠪᠠ ᠬᠠᠮᠲᠤᠷᠠᠯᠴᠠᠭ᠎ᠠ ᠳᠤ ᠤᠯᠠᠨ ᠲᠠᠯᠠᠲᠤ ᠦᠵᠡᠯ ᠪᠠ | ᠴᠢᠯᠦᠭᠡᠲᠦ ᠠᠷᠠᠯᠵᠢᠶ᠎ᠠ ᠶᠢ ᠪᠠᠷᠢᠮᠲᠠᠯᠠᠵᠤ᠂ ᠨᠡᠭᠡᠭᠡᠯᠲᠡ ᠲᠠᠢ ᠪᠠᠷ ᠬᠠᠮᠲᠤᠷᠠᠯᠴᠠᠬᠤ ᠪᠠ ᠬᠠᠷᠢᠯᠴᠠᠨ ᠠᠰᠢᠭ ᠣᠯᠭᠤᠵᠤ | ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ | ᠬᠡᠯᠬᠢᠶ᠎ᠡ ᠶᠢᠨ ᠠᠮᠤᠷ ᠲᠦᠪᠰᠢᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠲᠤ ᠪᠠᠷ ᠬᠠᠮᠠᠭᠠᠯᠠᠵᠤ᠂ ᠪᠦᠬᠦ ᠪᠥᠮᠪᠥᠷᠴᠡᠭ ᠤᠨ | ᠴᠢᠨᠠᠷᠲᠠᠢ ᠥᠷᠢᠰᠦᠯᠳᠦᠭᠡᠨ ᠢ ᠭᠠᠷ ᠭᠠᠷ ᠢᠶᠠᠨ ᠬᠤᠯᠪᠣᠯᠴᠠᠨ ᠠᠷᠭᠠᠴᠠᠭᠠᠵᠤ᠂ ᠣᠷᠣᠨ ᠪᠦᠰᠡ ᠶᠢᠨ ᠠᠵᠤ ᠠᠬᠤᠢ ᠶᠢᠨ ᠨᠢᠭᠡ | ᠴᠣᠭᠵᠢᠭᠤᠯᠣᠯᠳᠠ ᠶᠢ ᠠᠬᠢᠭᠤᠯᠬᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠠᠮᠤᠷ ᠲᠣᠭᠲᠠᠭᠤᠨ ᠪᠠᠶᠢᠳᠠᠯ ᠪᠠ | ᠬᠥᠭᠵᠢᠯ ᠴᠡᠴᠡᠭᠯᠡᠯ ᠢ ᠬᠠᠮᠠᠭᠠᠯᠠᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠡᠷ ᠬᠦᠰᠡᠨ ᠡᠷᠡᠮᠡᠯᠵᠡᠵᠦ ᠪᠠᠢᠨ᠎ᠠ ᠭᠡᠵᠡᠢ᠃ | ᠯᠢ ᠺᠧ ᠴᠢᠶᠠᠩ ᠵᠢᠭᠠᠬᠤ ᠳᠤ ᠪᠠᠨ᠂ ᠳᠤᠮᠳᠠᠳᠤ ᠺᠠᠮᠪᠤᠵᠠ ᠪᠤᠯ ᠬᠥᠷᠰᠢ ᠵᠡᠷᠭᠡᠯᠡᠳᠡᠭᠡ ᠤᠯᠤᠰ ᠪᠠᠶᠢᠵᠤ᠂ | ᠤᠯᠠᠮᠵᠢᠯᠠᠯᠲᠤ ᠨᠥᠬᠦᠷᠯᠡᠯ ᠭᠦᠨ ᠵᠤᠵᠠᠭᠠᠨ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠨᠢ ᠲᠠᠰᠤᠷᠠᠯᠳᠡ ᠦᠭᠡᠢ ᠰᠢᠨ᠎ᠡ | ᠬᠥᠭᠵᠢᠯᠲᠡ ᠲᠠᠢ ᠪᠣᠯᠪᠠ᠃ ᠳᠤᠮᠳᠠᠳᠤ ᠶᠢᠨ ᠲᠠᠯ᠎ᠠ ᠶᠢᠨ ᠬᠢᠨ ᠲᠤᠰ ᠤᠳᠠᠭ᠎ᠠ ᠶᠢᠨ ᠠᠶᠢᠯᠴᠢᠯᠠᠯᠲᠠ ᠪᠠᠷ ᠳᠠᠮᠵᠢᠭᠤᠯᠤᠨ | ᠺᠠᠮᠪᠤᠵᠠ ᠶᠢᠨ ᠲᠠᠯ᠎ᠠ ᠶᠢᠨ ᠬᠢᠨ ᠲᠠᠢ ᠪᠦᠯᠬᠦᠮᠳᠡᠯ ᠨᠥᠬᠦᠷᠯᠡᠯ ᠢᠶᠠᠨ ᠬᠠᠮᠲᠤ ᠪᠠᠷ ᠶᠠᠷᠢᠯᠴᠠᠵᠤ᠂ ᠬᠠᠮᠲᠤᠷᠠᠯᠴᠠᠭᠠᠨ ᠤ ᠶᠡᠭᠡ | ᠪᠣᠳᠣᠯᠭ᠎ᠠ ᠶᠢ ᠬᠠᠮᠲᠤ ᠪᠠᠷ ᠵᠥᠪᠳᠡᠯᠴᠡᠵᠦ᠂ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠤᠶᠠᠷ ᠤᠯᠤᠰ ᠪᠣᠯᠣᠨ ᠬᠤᠶᠠᠷ | ᠤᠯᠤᠰ ᠤᠨ ᠠᠷᠠᠳ ᠲᠦᠮᠡᠨ ᠳᠤ ᠨᠡᠩ ᠶᠡᠬᠡ ᠪᠤᠶᠠᠨ ᠦᠢᠯᠡᠳᠬᠦ ᠶᠢ ᠬᠦᠰᠡᠵᠦ ᠪᠠᠶᠢᠨ᠎ᠠ ᠭᠡᠵᠡᠢ᠃ | ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ ᠣᠷᠤᠯᠴᠠᠬᠤ | ᠬᠤᠭᠤᠴᠠᠭᠠᠨ ᠳᠤ᠂ ᠯᠢ ᠺᠧ ᠴᠢᠶᠠᠩ 25 ᠳ᠋ᠤᠭᠠᠷ ᠤᠳᠠᠭ᠎ᠠ ᠶᠢᠨ ᠳᠤᠮᠳᠠᠳᠤ ᠤᠯᠤᠰ ︱ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ︵10 + 1︶ ᠤᠳᠤᠷᠢᠳᠬᠤ ᠬᠥᠮᠥᠰ ᠤᠨ ᠬᠤᠷᠠᠯ᠂ 25 ᠳ᠋ᠤᠭᠠᠷ ᠤᠳᠠᠭ᠎ᠠ ᠶᠢᠨ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯᠣᠨ ᠳᠤᠮᠳᠠᠳᠤ ᠶᠠᠫᠤᠨ ᠺᠣᠷᠢᠶᠠ ᠶᠢᠨ ︵10 + 3︶ | ᠤᠳᠤᠷᠢᠳᠬᠤ ᠬᠥᠮᠥᠰ ᠤᠨ ᠬᠤᠷᠠᠯ ᠪᠣᠯᠣᠨ 17 ᠳ᠋ᠤᠭᠠᠷ ᠬᠤᠭᠤᠴᠠᠭᠠᠨ ᠤ ᠵᠡᠭᠦᠨ ᠠᠽᠢᠶ᠎ᠠ ᠶᠢᠨ ᠤᠯᠤᠰ ᠤᠳ ᠤᠨ | ᠲᠦᠷᠦᠭᠦᠴᠦᠳ ᠤᠨ ᠬᠤᠷᠠᠯ ᠳᠤ ᠣᠷᠣᠯᠴᠠᠬᠤ ᠪᠣᠯᠣᠨ᠎ᠠ᠃ | ᠺᠠᠮᠪᠤᠵᠠ ᠳᠤ ᠠᠶᠢᠯᠴᠢᠯᠠᠬᠤ ᠬᠤᠭᠤᠴᠠᠭᠠᠨ ᠳᠤ ᠪᠠᠨ᠂ ᠯᠢ ᠺᠧ ᠴᠢᠶᠠᠩ ᠤᠯᠤᠰ ᠤᠨ ᠸᠠᠩ | ᠰᠢᠾᠠᠮᠦ᠋ᠨᠢ ᠲᠠᠢ ᠠᠭᠤᠯᠵᠠᠨ᠂ ᠲᠡᠷᠢᠭᠦᠨ ᠰᠠᠶᠢᠳ ᠾᠦᠨᠰᠧᠨ ᠲᠠᠢ ᠬᠡᠯᠡᠯᠴᠡᠭᠡ ᠬᠢᠵᠦ᠂ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠵᠦ᠂ ᠫᠨᠣᠮ | ᠪᠧᠩ ᠠᠴᠠ ᠰᠢᠾᠠᠨᠦ᠋ᠺ ᠭᠠᠷᠠᠮ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡ ᠨᠡᠪᠲᠡᠷᠡᠬᠦ᠂ ᠳᠤᠮᠳᠠᠳᠤ | ᠤᠯᠤᠰ ᠤᠨ ᠺᠠᠮᠪᠤᠵᠠ ᠶᠢ ᠲᠤᠰᠠᠯᠠᠭᠰᠠᠨ ᠤᠩᠭᠤ᠋ ᠶᠢᠨ ᠡᠷᠲᠡᠨ ᠤ ᠳ᠋ᠡᠭᠧᠤ᠋ ᠰᠦᠮ᠎ᠡ ᠶᠢ ᠰᠡᠯᠪᠢᠨ ᠵᠠᠰᠠᠬᠤ ᠲᠦᠷᠦᠯ ᠵᠦᠢᠯ ᠤᠨ | ᠪᠣᠳᠠᠲᠤ ᠴᠣᠭᠴᠠ ᠶᠢ ᠰᠢᠯᠵᠢᠭᠦᠯᠦᠨ ᠲᠤᠰᠢᠶᠠᠬᠤ ᠵᠡᠷᠭᠡ ᠠᠵᠢᠯᠯᠠᠭ᠎ᠠ ᠳᠤ ᠣᠷᠣᠯᠴᠠᠨ᠎ᠠ᠃ | | |