| | ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠫᠨᠣᠮ ᠪᠧᠩ ᠤᠨ ᠨᠠᠢᠷᠠᠮᠳᠠᠯ ᠲᠣᠮᠣ ᠠᠰᠠᠷ ᠲᠤ | ᠺᠠᠮᠪᠤᠵᠠ ᠶᠢᠨ ᠲᠡᠷᠢᠭᠦᠨ ᠰᠠᠶᠢᠳ ᠡᠾᠦ᠋ᠨᠰᠧᠨ ᠲᠠᠢ ᠬᠡᠯᠡᠯᠴᠡᠭᠡ ᠬᠢᠪᠡ᠃ ᠬᠡᠯᠡᠯᠴᠡᠭᠡ ᠬᠢᠬᠦ ᠠᠴᠠ ᠡᠮᠦᠨ᠎ᠡ ᠡᠾᠦ᠋ᠨᠰᠧᠨ | ᠨᠠᠢᠷᠠᠮᠳᠠᠯ ᠲᠣᠮᠣ ᠠᠰᠠᠷ ᠲᠤ ᠯᠢ ᠺᠧ ᠴᠢᠶᠠᠩ ᠢ ᠤᠭᠲᠤᠬᠤ ᠦᠪᠡᠳᠡᠭᠰᠢ ᠶᠡᠭᠡ ᠤᠭᠲᠤᠯᠭ᠎ᠠ ᠶᠢᠨ | ᠶᠣᠰᠣᠯᠠᠯ ᠶᠠᠪᠤᠭᠤᠯᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ | | ᠰᠢᠨᠬᠤᠸᠠ ᠬᠤᠷᠢᠶᠠᠨ ᠤ ᠫᠨᠤᠮ ᠪᠧᠩ ᠤᠨ 11 ᠳ᠋ᠦ᠋ᠭᠡᠷ ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ | ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠫᠨᠤᠮ ᠪᠧᠩ ᠤᠨ ᠨᠠᠶᠢᠷᠠᠮᠳᠠᠯ ᠲᠣᠮᠣ ᠠᠰᠠᠷ ᠲᠤ | ᠺᠠᠮᠪᠤᠵᠠ ᠶᠢᠨ ᠲᠡᠷᠢᠭᠦᠨ ᠰᠠᠶᠢᠳ ᠡᠾᠦ᠋ᠨᠰᠧᠨ ᠲᠠᠢ ᠬᠡᠯᠡᠯᠴᠡᠭᠡ ᠬᠢᠪᠡ᠃ | ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠺᠠᠮᠪᠤᠵᠠ ᠭᠦᠨ ᠵᠤᠵᠠᠭᠠᠨ ᠤᠯᠠᠮᠵᠢᠯᠠᠯᠲᠤ | ᠨᠥᠬᠦᠷᠯᠡᠯ ᠲᠠᠢ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠢᠲᠡᠭᠡᠯᠴᠡᠭᠡ ᠲᠠᠢ᠂ ᠡᠯ᠎ᠡ ᠬᠦᠷᠢᠶᠡᠨ ᠤ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠶᠢᠨ ᠦᠷ᠎ᠡ ᠪᠦᠲᠦᠭᠡᠯ ᠲᠠᠢ ᠪᠠᠶᠢᠳᠠᠭ᠃ ᠲᠡᠷᠢᠭᠦᠯᠡᠭᠴᠢ ᠰᠢ ᠶᠢᠨ ᠫᠢᠩ 2016 ᠣᠨ ᠳᠤ | ᠺᠠᠮᠪᠤᠵᠠ ᠳᠤ ᠠᠮᠵᠢᠯᠲᠠ ᠲᠠᠢ ᠠᠶᠢᠯᠴᠢᠯᠠᠯᠲᠠ ᠬᠢᠵᠦ᠂ 2020 ᠣᠨ ᠳᠤ ᠮᠦᠨᠢᠯᠢᠶᠧ ᠲᠠᠶᠢᠬᠡᠦ ᠳᠤ ︽ᠨᠥᠬᠦᠷᠯᠡᠯ ᠤᠨ | ᠭᠠᠪᠢᠶᠠᠨ ᠲᠡᠮᠳᠡᠭ︾ ᠣᠯᠭᠤᠵᠤ᠂ ᠬᠤᠶᠠᠷ ᠤᠯᠤᠰ ᠤᠨ ᠨᠥᠬᠦᠷᠯᠡᠯ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠪᠡ | ᠃ ᠲᠡᠷᠢᠭᠦᠨ ᠰᠠᠶᠢᠳ ᠠᠪᠤᠭᠠᠢ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠡᠨᠡᠳᠲᠡ | ᠡᠭᠦᠰᠦᠭᠰᠡᠨ ᠦᠶ᠎ᠡ ᠳᠤ ᠳᠤᠮᠳᠠᠳᠤ ᠤᠯᠤᠰ ᠲᠤ ᠠᠶᠢᠯᠴᠢᠯᠠᠭᠰᠠᠨ ᠠᠩᠬᠠᠳᠠᠭᠴᠢ ᠭᠠᠳᠠᠭᠠᠳᠤ | ᠤᠯᠤᠰ ᠤᠨ ᠤᠳᠤᠷᠢᠳᠬᠤ ᠬᠥᠮᠥᠨ ᠪᠠᠶᠢᠵᠤ᠂ ᠳᠤᠮᠳᠠᠳᠤ ᠤᠯᠤᠰ ᠤᠨ ᠠᠷᠠᠳ ᠲᠦᠮᠡᠨ ᠳᠤ ᠭᠦᠨ ᠰᠠᠭᠤᠭᠳᠠᠯ | ᠦᠯᠡᠳᠡᠭᠡᠵᠡᠢ᠃ ᠬᠢᠵᠢᠭ ᠤᠨ ᠪᠠᠶᠢᠳᠠᠯ ᠡᠭᠦᠰᠦᠭᠰᠡᠨ ᠭᠤᠷᠪᠠᠨ ᠵᠢᠯ ᠰᠢᠬᠠᠮ ᠤᠨ ᠲᠤᠷᠰᠢ᠂ ᠪᠢ ᠠᠩᠬ᠎ᠠ ᠤᠳᠠᠭ᠎ᠠ ᠫᠨᠣᠮ | ᠪᠧᠩ ᠳᠤ ᠬᠦᠷᠴᠦ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ | ᠣᠷᠣᠯᠴᠠᠭᠰᠠᠨ ᠤ ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠬᠦ | ᠪᠣᠯᠣᠭᠰᠠᠨ ᠳᠤ ᠪᠠᠨ ᠮᠠᠰᠢ ᠪᠠᠶᠠᠷ ᠲᠠᠢ ᠪᠠᠶᠢᠨ᠎ᠠ᠃ ᠺᠠᠮᠪᠤᠵᠠ ᠶᠢᠨ ᠠᠵᠤ ᠠᠬᠤᠢ ᠨᠡᠶᠢᠭᠡᠮ ᠰᠢᠨ᠎ᠡ ᠬᠥᠭᠵᠢᠯᠲᠡ ᠲᠠᠢ | ᠪᠣᠯᠤᠭᠰᠠᠨ ᠳᠤ ᠳᠤᠮᠳᠠᠳᠤ ᠤᠯᠤᠰ ᠪᠠᠶᠠᠷ ᠬᠦᠷᠭᠡᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠶᠡᠷᠦ ᠠᠴᠠ ᠶᠡᠭᠡ ᠪᠠᠭ᠎ᠠ | ᠤᠯᠤᠰ ᠭᠡᠰᠡᠨ ᠦᠭᠡᠢ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠡᠯ᠎ᠡ ᠤᠯᠤᠰ ᠪᠦᠷ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠵᠠᠷᠴᠢᠮ ᠢ ᠵᠢᠷᠤᠮᠯᠠᠵᠤ᠂ ᠺᠠᠮᠪᠤᠵᠠ ᠶᠢᠨ ᠲᠠᠯ᠎ᠠ ᠶᠢᠨ | ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠡᠮᠵᠢᠵᠦ᠂ | ᠺᠠᠮᠪᠤᠵᠠ ᠶᠢᠨ ᠳᠡᠯᠡᠬᠡᠢ ᠶᠢᠨ ᠪᠠ ᠭᠠᠵᠠᠷ ᠣᠷᠣᠨ ᠤ ᠲᠠᠪᠴᠠᠩ ᠳᠤ ᠨᠡᠩ ᠴᠢᠬᠤᠯᠠ ᠦᠢᠯᠡᠳᠦᠯ ᠦᠵᠡᠭᠦᠯᠬᠦ ᠶᠢ ᠳᠡᠮᠵᠢᠵᠦ᠂ | ᠳᠤᠷᠠᠲᠠᠶ᠎ᠠ ᠺᠠᠮᠪᠤᠵᠠ ᠶᠢᠨ ᠲᠠᠯ᠎ᠠ ᠶᠢᠨ ᠬᠢᠨ ᠲᠠᠢ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠣᠯᠣᠯᠴᠠᠭ᠎ᠠ ᠪᠠᠨ ᠨᠢᠭᠲᠠᠷᠠᠭᠤᠯᠵᠤ | ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ | ᠲᠠᠯ᠎ᠠ ᠪᠠᠷ ᠬᠠᠷᠢᠯᠴᠠᠨ ᠳᠡᠮᠵᠢᠯᠴᠡᠵᠦ᠂ ᠳᠤᠮᠳᠠᠳᠤ ᠺᠠᠮᠪᠤᠵᠠ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠴᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠬᠤᠶᠠᠷ | ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠡᠢ᠃ | ᠯᠢ ᠺᠧ ᠴᠢᠶᠠᠩ ᠵᠢᠭᠠᠬᠤ ᠳᠤ ᠪᠠᠨ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠺᠠᠮᠪᠤᠵᠠ ᠶᠢᠨ | ᠲᠠᠯ᠎ᠠ ᠶᠢᠨ ᠬᠢᠨ ᠲᠠᠢ ᠢᠷᠡᠬᠦ ᠵᠢᠯ ᠤᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠠᠷ ᠠᠵᠠ | ᠲᠣᠬᠢᠶᠠᠯ ᠪᠣᠯᠭᠠᠨ᠂ ︽ᠳᠤᠮᠳᠠᠳᠤ ᠺᠠᠮᠪᠤᠵᠠ ᠶᠢᠨ ᠨᠥᠬᠦᠷᠯᠡᠯ ᠤᠨ ᠣᠨ︾ ᠤ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠨ᠎ᠡ | ᠃ ᠺᠠᠮᠪᠤᠵᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨᠴᠢᠯᠠᠯᠲᠠ᠂ ᠠᠵᠤ ᠦᠶᠢᠯᠡᠰᠵᠢᠯᠲᠡ ᠶᠢᠨ ᠬᠢᠷᠢ ᠲᠦᠪᠰᠢᠨ ᠢᠶᠠᠨ | ᠳᠡᠭᠡᠭᠰᠢᠯᠡᠭᠦᠯᠬᠦ ᠶᠢ ᠳᠡᠮᠵᠢᠵᠦ᠂ ᠺᠠᠮᠪᠤᠵᠠ ᠶᠢᠨ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ | ᠣᠷᠣᠭᠤᠯᠬᠤ ᠶᠢ ᠥᠷᠭᠡᠳᠬᠡᠨ᠂ ᠲᠣᠮᠣ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠺᠠᠮᠪᠤᠵᠠ ᠶᠢᠨ | ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠬᠤ ᠶᠢ ᠳᠡᠮᠵᠢᠨ᠎ᠡ᠃ ᠺᠠᠮᠪᠤᠵᠠ ᠶᠢ ᠬᠠᠪᠰᠤᠷᠤᠨ ᠮᠢᠨ᠎ᠠ ᠠᠷᠢᠯᠭᠠᠬᠤ | ᠠᠵᠢᠯᠯᠠᠭ᠎ᠠ ᠶᠢ ᠥᠷᠨᠢᠭᠦᠯᠵᠦ᠂ ᠺᠠᠮᠪᠤᠵᠠ ᠶᠢ ᠲᠤᠰᠠᠯᠠᠬᠤ ᠵᠠᠮ᠂ ᠡᠮ ᠡᠮᠨᠡᠯᠭᠡ᠂ ᠤᠰᠤ ᠬᠠᠩᠭᠠᠬᠤ ᠵᠡᠷᠭᠡ ᠲᠦᠷᠦᠯ ᠵᠦᠢᠯ ᠢ | ᠰᠠᠶᠢᠲᠤᠷ ᠨᠠᠶᠢᠳᠠᠪᠤᠷᠢᠵᠢᠭᠤᠯᠵᠤ ᠂ ᠺᠠᠮᠪᠤᠵᠠ ᠶᠢᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠴᠢᠳᠠᠯ ᠤᠨ | ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ | ᠰᠣᠶᠣᠯ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠰᠢᠭᠤᠳ ᠬᠦᠷᠬᠦ ᠡᠭᠡᠯᠵᠢ ᠶᠢᠨ | ᠨᠢᠰᠬᠡᠯ ᠢ ᠨᠡᠮᠡᠭᠳᠡᠭᠦᠯᠵᠦ᠂ ᠺᠠᠮᠪᠤᠵᠠ ᠶᠢᠨ ᠰᠤᠷᠤᠭᠴᠢᠳ ᠤᠨ ᠳᠤᠮᠳᠠᠳᠤ ᠤᠯᠤᠰ ᠲᠤ ᠢᠷᠡᠵᠤ ᠰᠤᠷᠤᠯᠴᠠᠬᠤ ᠶᠢ ᠪᠠᠶᠠᠷᠯᠠᠨ | ᠤᠭᠲᠤᠨ᠎ᠠ ᠭᠡᠵᠡᠢ᠃ | ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠲᠣᠭᠲᠠᠭᠤᠨ᠂ ᠬᠥᠭᠵᠢᠭᠰᠡᠨ᠂ ᠴᠡᠴᠡᠭᠯᠡᠭᠰᠡᠨ ᠺᠠᠮᠪᠤᠵᠠ ᠨᠢ | ᠭᠠᠵᠠᠷ ᠣᠷᠣᠨ ᠤ ᠲᠣᠭᠲᠠᠭᠤᠨ ᠪᠠ ᠬᠥᠭᠵᠢᠯᠲᠡ ᠶᠢ ᠬᠠᠮᠠᠭᠠᠯᠠᠬᠤ᠂ ᠳᠤᠮᠳᠠᠳᠤ ᠤᠯᠤᠰ ᠪᠣᠯᠣᠨ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠠᠷᠢᠯᠴᠠᠭ᠎ᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ | ᠺᠠᠮᠪᠤᠵᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ | ᠬᠤᠷᠠᠯ ᠢ ᠰᠠᠶᠢᠲᠤᠷ ᠡᠷᠬᠢᠯᠡᠬᠦ ᠶᠢ ᠳᠤᠮᠳᠠᠳᠤ ᠤᠯᠤᠰ ᠪᠦᠬᠦ ᠬᠦᠴᠦᠨ ᠢᠶᠠᠷ ᠢᠶᠠᠨ ᠳᠡᠮᠵᠢᠵᠦ᠂ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ ᠪᠦᠯᠬᠦᠮᠳᠡᠯ ᠪᠠ ᠭᠣᠣᠯᠯᠠᠬᠤ ᠪᠠᠶᠢᠷᠢ ᠰᠠᠭᠤᠷᠢ ᠶᠢ ᠡᠷᠡᠰ ᠳᠡᠮᠵᠢᠵᠦ᠂ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠠᠷ ᠭᠤᠣᠯ ᠤᠳᠤᠷᠢᠳᠤᠮᠵᠢ ᠪᠣᠯᠭᠠᠭᠰᠠᠨ ᠣᠷᠣᠨ ᠪᠦᠰᠡ ᠶᠢᠨ | ᠬᠠᠮᠲᠤᠷᠠᠯᠴᠠᠭᠠᠨ ᠤ ᠪᠣᠷᠣ ᠲᠥᠰᠥᠪ ᠢ ᠳᠡᠮᠵᠢᠵᠦ᠂ ᠵᠡᠭᠦᠨ ᠡᠮᠦᠨᠡᠲᠦ ᠠᠽᠢᠶ᠎ᠠ ᠶᠢᠨ ᠣᠯᠠᠨ ᠤᠯᠤᠰ ᠤᠨ ᠭᠠᠵᠠᠷ ᠣᠷᠣᠨ ᠤ | ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠦᠢᠯᠡᠳᠦᠯ ᠦᠵᠡᠭᠦᠯᠬᠦ ᠶᠢ ᠳᠡᠮᠵᠢᠨ᠎ᠡ ᠭᠡᠵᠡᠢ᠃ | ᠡᠾᠦ᠋ᠨᠰᠧᠨ ᠢᠯᠡᠷᠬᠡᠶᠢᠯᠡᠬᠦ ᠳᠤ ᠪᠠᠨ᠂ ᠺᠠᠮᠪᠤᠵᠠ ᠪᠠ ᠳᠤᠮᠳᠠᠳᠤ ᠤᠯᠤᠰ ᠪᠣᠯ ᠳᠣᠲᠣᠨᠣᠰᠤᠭ ᠬᠠᠷᠢᠴᠠᠭ᠎ᠠ | ᠲᠠᠢ ᠨᠠᠶᠢᠵᠠ ᠶᠤᠮ᠂ ᠺᠠᠮᠪᠤᠵᠠ ᠳᠤᠮᠳᠠᠳᠤ ᠶᠢᠨ ᠨᠥᠬᠦᠷᠯᠡᠯ ᠨᠢ ᠺᠠᠮᠪᠤᠵᠠ ᠶᠢᠨ ᠠᠷᠠᠳ ᠲᠦᠮᠡᠨ ᠤ ᠬᠦᠷᠢᠶᠡᠯᠡᠯ ᠳᠡᠮᠵᠢᠯᠭᠡ ᠶᠢ | ᠣᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠦ ᠮᠠᠰᠢ ᠶᠡᠭᠡ ᠬᠦᠰᠡᠯ ᠡᠷᠡᠮᠡᠯᠵᠡᠯ ᠲᠠᠢ ᠪᠠᠶᠢᠨ᠎ᠠ᠃ ᠺᠠᠮᠪᠤᠵᠠ ᠶᠢᠨ | ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠺᠠᠮᠪᠤᠵᠠ | ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠳᠡᠮᠵᠢᠵᠦ᠂ ᠳᠤᠷᠠᠲᠠᠶ᠎ᠠ | ᠳᠤᠮᠳᠠᠳᠤ ᠶᠢᠨ ᠲᠠᠯ᠎ᠠ ᠶᠢᠨ ᠬᠢᠨ ᠲᠠᠢ ᠬᠠᠮᠲᠤ ᠪᠠᠷ ᠢᠷᠡᠬᠦ ᠵᠢᠯ ᠤᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 65 | ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠠᠷᠠᠯᠵᠢᠶ᠎ᠠ᠂ ᠪᠡᠯᠡ ᠣᠷᠣᠭᠤᠯᠤᠯᠲᠠ᠂ ᠬᠥᠳᠡᠭᠡ | ᠠᠵᠤ ᠠᠬᠤᠢ᠂ ᠡᠨᠧᠷᠭᠢ᠂ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠰᠣᠶᠣᠯ ᠢᠷᠭᠡᠨᠰᠢᠯ | ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠡᠨ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠪᠣᠯᠣᠨ | ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ ᠺᠠᠮᠪᠤᠵᠠ ᠶᠢᠨ ᠲᠠᠯ᠎ᠠ ᠶᠢᠨ ᠬᠢᠨ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠳᠠᠬᠢ ᠡᠯ᠎ᠡ ᠤᠯᠤᠰ ᠤᠨ ᠡᠷᠬᠡ ᠮᠡᠳᠡᠯ ᠪᠣᠯᠣᠨ ᠨᠤᠲᠤᠭ | ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠵᠠᠷᠴᠢᠮ ᠢ ᠬᠦᠨᠳᠦᠳᠬᠡᠵᠦ᠂ ᠳᠤᠷᠠᠲᠠᠶ᠎ᠠ ᠳᠤᠮᠳᠠᠳᠤ ᠶᠢᠨ | ᠲᠠᠯ᠎ᠠ ᠶᠢᠨ ᠬᠢᠨ ᠲᠠᠢ ᠤᠯᠠᠨ ᠲᠠᠯ᠎ᠠ ᠶᠢᠨ ᠪᠦᠳᠦᠭᠦᠪᠴᠢ ᠲᠥᠰᠥᠪ ᠤᠨ ᠳᠣᠣᠷ᠎ᠠ ᠨᠢᠭᠲᠠ ᠵᠣᠬᠢᠴᠠᠭᠤᠯᠤᠨ ᠬᠠᠮᠵᠢᠯᠴᠠᠵᠤ᠂ | ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠠᠮᠤᠷ ᠲᠣᠭᠲᠠᠭᠤᠨ ᠪᠠᠶᠢᠳᠠᠯ ᠪᠣᠯᠣᠨ ᠬᠥᠭᠵᠢᠯᠲᠡ ᠶᠢ ᠬᠠᠮᠲᠤ ᠪᠠᠷ | ᠬᠠᠮᠠᠭᠠᠯᠠᠨ᠎ᠠ ᠭᠡᠵᠡᠢ᠃ | ᠬᠤᠶᠠᠷ ᠲᠠᠯ᠎ᠠ ᠪᠠᠷ ᠢᠶᠠᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ | ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠯᠢ ᠺᠧ ᠴᠢᠶᠠᠩ ᠶᠡᠷᠦᠩᠬᠡᠢ ᠰᠠᠶᠢᠳ ᠪᠤᠯᠤᠨ ᠡᠾᠦ᠋ᠨᠰᠧᠨ ᠲᠡᠷᠢᠭᠦᠨ | ᠰᠠᠶᠢᠳ ᠬᠠᠮᠲᠤ ᠪᠠᠷ ᠳᠤᠮᠳᠠᠳᠤ ᠺᠠᠮᠪᠤᠵᠠ ᠶᠢᠨ ᠬᠥᠳᠡᠭᠡ ᠠᠵᠤ ᠠᠬᠤᠢ᠂ ᠰᠠᠭᠤᠷᠢ ᠲᠥᠬᠦᠭᠡᠷᠦᠮᠵᠢ᠂ ᠰᠤᠷᠭᠠᠨ ᠬᠥᠮᠦᠵᠢᠯ᠂ | ᠬᠢᠲᠠᠳ ᠡᠮ ᠡᠮᠨᠡᠯᠭᠡ᠂ ᠪᠣᠭᠤᠮᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠵᠡᠷᠭᠡ ᠬᠦᠷᠢᠶᠡᠨ ᠳᠠᠬᠢ ᠬᠤᠶᠠᠷ ᠲᠠᠯ᠎ᠠ ᠶᠢᠨ ᠬᠢᠨ ᠦ ᠠᠷᠪᠠᠨ ᠬᠡᠳᠦᠨ ᠵᠦᠢᠯ ᠤᠨ ᠬᠠᠮᠲᠤᠷᠠᠯᠴᠠᠭᠠᠨ ᠤ | ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠵᠦ᠂ ᠫᠨᠣᠮ ᠪᠧᠩ ᠠᠴᠠ ᠰᠢᠾᠠᠨᠦ᠋ᠺ ᠭᠠᠷᠠᠮ ᠬᠦᠷᠬᠦ | ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡ ᠨᠡᠪᠲᠡᠷᠡᠬᠦ ᠵᠢᠴᠢ ᠢᠵᠢ ᠪᠦᠷᠢᠳᠦᠭᠰᠡᠨ ᠠᠷᠠᠳ ᠤᠨ ᠠᠮᠢᠳᠤᠷᠠᠯ ᠤᠨ | ᠢᠨᠵᠧᠨᠧᠷᠢᠩ ᠤᠨ ᠲᠦᠷᠦᠯ ᠵᠦᠢᠯ ᠢ ᠰᠢᠯᠵᠢᠭᠦᠯᠦᠨ ᠲᠤᠰᠢᠶᠠᠬᠤ ᠶᠣᠰᠣᠯᠠᠯ ᠳᠤ ᠣᠷᠣᠯᠴᠠᠪᠠ᠃ ᠳᠤᠮᠳᠠᠳᠤ ᠺᠠᠮᠪᠤᠵᠠ | ᠬᠤᠶᠠᠷ ᠲᠠᠯ᠎ᠠ ᠪᠠᠷ ᠢᠶᠠᠨ ᠬᠠᠮᠲᠤᠷᠠᠭᠰᠠᠨ ᠠᠯᠪᠠᠨ ᠮᠡᠳᠡᠭᠡ ᠨᠡᠶᠢᠲᠡᠯᠡᠬᠦ ᠪᠣᠯᠣᠨ᠎ᠠ᠃ | ᠬᠡᠯᠡᠯᠴᠡᠭᠡ ᠬᠢᠬᠦ ᠠᠴᠠ ᠡᠮᠦᠨ᠎ᠡ᠂ ᠡᠾᠦ᠋ᠨᠰᠧᠨ ᠨᠠᠶᠢᠷᠠᠮᠳᠠᠯ ᠲᠣᠮᠣ ᠠᠰᠠᠷ ᠲᠤ ᠯᠢ ᠺᠧ ᠴᠢᠶᠠᠩ ᠢ | ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠪᠠ᠃ ᠯᠢ ᠺᠧ ᠴᠢᠶᠠᠩ ᠶᠡᠷᠦᠩᠬᠡᠢ ᠰᠠᠶᠢᠳ ᠪᠤᠯᠤᠨ ᠡᠾᠦ᠋ᠨᠰᠧᠨ ᠲᠡᠷᠢᠭᠦᠨ | ᠰᠠᠶᠢᠳ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠠᠩᠭᠢ ᠶᠢᠨ ᠬᠢᠨ ᠳᠤᠮᠳᠠᠳᠤ | ᠺᠠᠮᠪᠤᠵᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠯᠢ ᠺᠧ ᠴᠢᠶᠠᠩ ᠡᠾᠦ᠋ᠨᠰᠧᠨ ᠤ ᠪᠠᠷ᠎ᠠ | ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ᠃ | ᠲᠤᠰ ᠡᠳᠦᠷ ᠤᠨ ᠦᠳᠡ ᠶᠢᠨ ᠬᠤᠶᠢᠨ᠎ᠠ ᠯᠢ ᠺᠧ ᠴᠢᠶᠠᠩ ᠺᠠᠮᠪᠤᠵᠠ ᠶᠢᠨ ᠲᠤᠰᠠᠭᠠᠷ ᠲᠣᠭᠲᠠᠨᠢᠯ ᠤᠨ | ᠳᠤᠷᠠᠰᠬᠠᠯ ᠤᠨ ᠬᠥᠰᠢᠶ᠎ᠡ ᠪᠣᠯᠣᠨ ᠤᠯᠤᠰ ᠤᠨ ᠸᠠᠩ ᠰᠢᠾᠠᠨᠦ᠋ᠺ ᠤᠨ ᠱᠤᠭᠤᠮᠠᠯ ᠳᠤ ᠴᠠᠭᠠᠷᠢᠭᠲᠤ ᠴᠡᠴᠡᠭ ᠬᠦᠷᠭᠡᠪᠡ᠃ | ᠰᠢᠶᠣᠣ ᠵᠢᠶᠧ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | |