ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠦᠭᠰᠢᠭᠦᠷᠢ ᠶᠢᠨ ᠰᠠᠨᠠᠭᠤᠯᠤᠮᠵᠢ ᠨᠡᠶᠢᠲᠡᠯᠡᠪᠡ
ᠨᠡᠶᠢᠲᠡᠯᠡᠭᠰᠡᠨ ᠴᠠᠭ᠄
2022/11/18
      ᠣᠶᠢᠷ᠎ᠠ ᠳᠤ᠂ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠢᠲᠡᠭᠡᠮᠵᠢ ᠶᠢᠨ ᠺᠠᠷᠲ ᠤᠨ ᠲᠤᠰᠬᠠᠶ ᠪᠠᠶᠢᠴᠠᠭᠠᠯᠲᠠ ᠥᠷᠨᠢᠭᠦᠯᠬᠦ ᠳᠤᠮᠳᠠ᠂ ᠵᠠᠷᠢᠮ ᠺᠠᠷᠲ ᠤᠨ ᠡᠵᠡᠨ ᠳᠤ ᠢᠲᠡᠭᠡᠮᠵᠢ ᠶᠢᠨ ᠺᠠᠷᠲ ᠢᠶᠠᠨ ᠲᠦᠷᠢᠶᠡᠰᠦᠯᠡᠭᠦᠯᠬᠦ᠂ ᠵᠢᠭᠡᠯᠡᠭᠦᠯᠬᠦ ᠵᠡᠷᠭᠡ ᠣᠶᠢᠯᠡ ᠠᠵᠢᠯᠯᠠᠭ᠎ᠠ ᠣᠷᠣᠰᠢᠵᠤ ᠪᠠᠶᠢᠬᠤ  ᠶᠢ ᠤᠯᠵᠤ ᠮᠡᠲᠡᠪᠡ᠂ ᠡᠨᠡ ᠨᠢ ︽ᠪᠠᠩᠬᠢ ᠶᠢᠨ ᠺᠠᠷᠲ ᠤᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠷᠭ᠎ᠠ ︾ ᠶᠢᠨ ︽ᠪᠠᠩᠬᠢ ᠶᠢᠨ ᠺᠠᠷᠲ ᠢᠶᠠᠨ ᠵᠥᠪᠬᠡᠨ ᠺᠠᠷᠲ ᠤᠨ ᠡᠵᠡᠨ ᠥᠪᠡᠷ ᠢᠶᠠᠨ ᠯᠡ ᠬᠡᠷᠡᠭᠯᠡᠬᠦ ᠬᠡᠷᠡᠭᠲᠡᠢ᠂ ᠲᠦᠷᠢᠶᠡᠰᠦᠯᠡᠭᠦᠯᠬᠦ ᠪᠠ ᠰᠢᠯᠵᠢᠭᠦᠯᠦᠨ ᠵᠢᠭᠡᠯᠡᠭᠦᠯᠵᠦ ᠪᠣᠯᠬᠤ ᠥᠬᠡᠶ︾ ᠭᠡᠬᠦ ᠲᠣᠭᠲᠠᠭᠠᠯ ᠢ ᠵᠥᠷᠢᠴᠡᠭᠰᠡᠨ ᠪᠥᠭᠡᠳ ᠺᠠᠷᠲ ᠤᠨ ᠡᠵᠡᠨ ᠤ ᠪᠠᠯᠠ ᠮᠥᠩᠭᠦ ᠪᠠ ᠢᠲᠡᠭᠡᠮᠵᠢ ᠵᠢᠭᠡᠯᠡᠯᠭᠡ ᠤᠯᠬᠤ ᠳᠤ ᠮᠠᠰᠢ ᠠᠮᠠᠷᠬᠠᠨ ᠬᠤᠬᠢᠷᠠᠯ ᠤᠴᠠᠷᠠᠭᠤᠯᠳᠠᠭ ᠃ ᠥᠷᠭᠡᠨ ᠣᠯᠠᠨ ᠢᠲᠡᠭᠡᠮᠵᠢ ᠶᠢᠨ ᠺᠠᠷᠲ ᠤᠨ ᠡᠵᠡᠳ ᠲᠤ ᠰᠠᠨᠠᠭᠤᠯᠬᠤ ᠨᠢ᠂ ᠥᠪᠡᠷ ᠤᠨ ᠨᠡᠷ᠎ᠡ ᠳᠤᠤᠷᠠᠬᠢ ᠢᠲᠡᠭᠡᠮᠵᠢ ᠶᠢᠨ ᠺᠠᠷᠲ ᠢᠶᠠᠨ ᠪᠤᠰᠤᠳ ᠲᠤ ᠲᠦᠷᠢᠶᠡᠰᠦᠯᠡᠭᠦᠯᠬᠦ᠂ ᠵᠢᠭᠡᠯᠡᠭᠦᠯᠬᠦ ᠪᠤᠶᠤ ᠪᠤᠰᠤᠳ ᠲᠤ ᠲᠤᠰᠢᠶᠠᠨ ᠬᠠᠳᠠᠭᠠᠯᠠᠭᠤᠯᠵᠤ ᠪᠣᠯᠬᠤ ᠥᠬᠡᠶ᠂ ᠬᠤᠪᠢ ᠬᠥᠮᠦᠨ ᠵᠢᠴᠢ ᠬᠡᠷ ᠪᠦᠯᠢ ᠳᠤ ᠴᠢᠨᠢ ᠬᠤᠬᠢᠷᠠᠯ ᠤᠴᠠᠷᠠᠬᠤ  ᠠᠴᠠ ᠵᠠᠶᠢᠯᠠᠰᠬᠢᠬᠦ ᠬᠡᠷᠡᠭᠲᠡᠶ᠃ᠨᠢᠭᠡ᠂ ᠢᠲᠡᠭᠡᠮᠵᠢ ᠶᠢᠨ ᠺᠠᠷᠲ ᠢᠶᠠᠨ ᠲᠦᠷᠢᠶᠡᠰᠦᠯᠡᠭᠦᠯᠬᠦ ᠠᠴᠠ ᠪᠣᠯᠤᠭᠰᠠᠨ ᠠᠶᠤᠯ ᠲᠦᠭᠰᠢᠭᠦᠷᠢ᠄ ᠲᠦᠭᠰᠢᠭᠦᠷᠢ ᠨᠢᠭᠡ᠄ ᠬᠡᠲᠦᠷᠡᠲᠡᠯ᠎ᠡ ᠵᠠᠷᠤᠬᠤ ᠵᠢᠴᠢ ᠢᠲᠡᠭᠡᠮᠵᠢ ᠶᠢᠨ ᠮᠡᠳᠡᠭᠡ ᠵᠠᠩᠭᠢ ᠬᠤᠬᠢᠷᠠᠯ ᠳᠤ ᠤᠴᠠᠷᠠᠬᠤ ᠲᠦᠭᠰᠢᠭᠦᠷᠢ ᠬᠤᠶᠠᠷ᠄ ᠢᠲᠡᠭᠡᠮᠵᠢ ᠶᠢᠨ ᠺᠠᠷᠲ ᠢ ᠲᠣᠭᠲᠠᠭᠠᠯ ᠠᠴᠠ ᠵᠥᠷᠢᠴᠡᠨ ᠬᠡᠷᠡᠭᠯᠡᠬᠦ ᠲᠦᠭᠰᠢᠭᠦᠷᠢ ᠭᠤᠷᠪᠠ᠄ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ ᠳᠠᠯᠳᠠ ᠬᠡᠮ ᠪᠤᠢ ᠪᠣᠯᠬᠤ ᠬᠤᠶᠠᠷ᠂ ᠢᠲᠡᠭᠡᠮᠵᠢ ᠶᠢᠨ ᠺᠠᠷᠲ ᠢ ᠵᠥᠪ ᠬᠦᠢᠴᠡᠳᠭᠡᠵᠦ ᠬᠡᠷᠡᠭᠯᠡᠬᠦ ᠬᠡᠷᠡᠭᠲᠡᠢ 1. ᠬᠡᠷᠡᠭᠴᠡᠭᠡ ᠪᠠᠨ ᠦᠨᠳᠦᠰᠦᠯᠡᠨ ᠺᠠᠷᠲ ᠭᠦᠢᠴᠡᠳᠭᠡᠬᠦ ᠬᠡᠷᠡᠭᠲᠡᠶ᠃2. ᠲᠣᠭᠲᠠᠭᠠᠯ ᠳᠤ ᠨᠡᠶᠢᠴᠡᠭᠦᠯᠦᠨ ᠺᠠᠷᠲ ᠠᠪᠬᠤ ᠬᠡᠷᠡᠭᠲᠡᠶ᠃ 3. ᠺᠠᠷᠲ ᠢ ᠵᠥᠪ ᠬᠡᠷᠡᠭᠯᠡᠬᠦ ᠬᠡᠷᠡᠭᠲᠡᠶ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号