ᠨᠡᠶᠢᠲᠡ ᠶᠢᠨ ᠮᠠᠰᠢᠨ ᠲᠡᠷᠭᠡ᠂ ᠭᠠᠵᠠᠷ ᠳᠣᠣᠷᠠᠬᠢ ᠲᠡᠮᠦᠷ ᠵᠠᠮ᠂ ᠴᠡᠴᠡᠷᠯᠢᠭ ᠵᠡᠷᠭᠡ ᠣᠯᠠᠨ ᠨᠡᠶᠢᠲᠡ ᠶᠢᠨ | ᠭᠠᠵᠠᠷ ᠲᠤ ᠪᠤᠰᠤᠳ ᠬᠥᠮᠦᠨ ᠤ ᠰᠠᠭᠤᠭᠰᠠᠨ ᠰᠠᠨᠳᠠᠯᠢ ᠲᠡᠭᠡᠷ᠎ᠡ ᠰᠠᠭᠤᠬᠤ ᠨᠢ ᠵᠠᠶᠢᠯᠠᠰᠢ ᠦᠭᠡᠢ ᠶᠤᠮ᠃ ᠡᠭᠦᠨ | ᠳᠤ ᠶᠠᠭᠤ ᠶᠢ ᠠᠩᠬᠠᠷᠪᠠᠯ ᠵᠣᠬᠢᠬᠤ ᠪᠣᠶ︖ | ᠬᠡᠷᠪᠡ ᠲᠡᠬᠦᠨ ᠤ ᠠᠷᠠᠰᠤ ᠨᠢ ᠰᠠᠨᠳᠠᠯᠢ ᠪᠤᠶᠤ ᠰᠠᠨᠳᠠᠯᠢ ᠶᠢᠨ ᠲᠦᠰᠢᠯᠭᠡ ᠳᠡᠭᠡᠷ᠎ᠡ ᠰᠢᠭᠤᠳ ᠬᠦᠷᠦᠯᠴᠡᠭᠰᠡᠨ | ᠪᠠᠶᠢᠪᠠᠯ᠂ ᠰᠠᠨᠳᠠᠯᠢ ᠳᠡᠭᠡᠷ᠎ᠡ ᠲᠡᠬᠦᠨ ᠤ ᠬᠠᠭ᠂ ᠬᠥᠯᠥᠰᠥ ᠵᠡᠷᠭᠡ ᠨᠢ ᠦᠯᠡᠳᠡᠬᠦ ᠪᠣᠯᠤᠯᠴᠠᠭ᠎ᠠ ᠲᠠᠢ᠃ ᠰᠠᠨᠳᠠᠯᠢ | ᠳᠡᠭᠡᠷᠡᠬᠢ ᠡᠳᠡᠭᠡᠷ ᠦᠢᠯᠡᠳᠦᠭᠳᠡᠯ ᠪᠣᠳᠠᠰ ᠨᠢ ᠬᠤᠪᠢ ᠬᠥᠮᠦᠨ ᠤ ᠡᠷᠡᠭᠦᠯ ᠮᠡᠨᠳᠦ ᠳᠤ ᠰᠦᠷᠳᠡᠭᠦᠯᠦᠯ ᠪᠣᠯᠬᠤ ᠦᠭᠡᠢ | ᠶᠤᠮ᠃ ᠭᠡᠪᠡᠴᠦ ᠵᠠᠷᠢᠮ ᠡᠪᠡᠳᠴᠢᠨ ᠡᠭᠦᠰᠭᠡᠭᠴᠢ᠂ ᠵᠢᠱᠢᠶᠡᠯᠡᠪᠡᠯ ᠪᠠᠺᠲ᠋ᠧᠷᠢ ᠂ ᠬᠠᠮᠠᠭᠤ᠂ ᠢᠯᠢᠳᠦ ᠵᠡᠷᠭᠡ ᠶᠢᠨ | ᠡᠪᠡᠳᠴᠢᠲᠡᠨ ᠤ ᠡᠪᠡᠳᠴᠢᠯᠡᠭᠰᠡᠨ ᠬᠡᠰᠡᠭ ᠨᠢ ᠪᠦᠷᠢᠮᠦᠰᠦᠨ ᠡᠳᠡᠭᠡᠷᠡᠭᠡᠳᠦᠢ ᠨᠥᠬᠦᠴᠡᠯ ᠳᠣᠣᠷ᠎ᠠ ᠰᠢᠭᠤᠳ ᠰᠠᠨᠳᠠᠯᠢ | ᠳᠡᠭᠡᠷ᠎ᠡ ᠬᠦᠷᠦᠯᠴᠡᠭᠰᠡᠨ ᠪᠣᠯ ᠳᠠᠷᠠᠭ᠎ᠠ ᠰᠠᠭᠤᠭᠰᠠᠨ ᠬᠥᠮᠦᠨ ᠤ ᠠᠷᠠᠰᠤᠨ ᠳᠤ ᠬᠦᠷᠦᠯᠴᠡᠪᠡᠯ ᠳᠠᠷᠤᠢ ᠬᠠᠯᠳᠠᠪᠤᠷᠢᠯᠠᠬᠤ | ᠪᠣᠯᠤᠯᠴᠠᠭ᠎ᠠ ᠲᠠᠢ᠃ ᠰᠠᠨᠳᠠᠯᠢ ᠳᠡᠭᠡᠷ᠎ᠡ ᠰᠠᠭᠤᠬᠤ ᠨᠢ ᠬᠤᠰᠬᠢᠨᠠᠭ ᠪᠤᠶᠤ ᠰᠢᠭᠡᠰᠦᠨ ᠰᠦᠪᠡ ᠪᠠᠷ ᠳᠠᠮᠵᠢᠬᠤ | ᠡᠪᠡᠳᠴᠢᠨ ᠢ ᠠᠮᠠᠷᠬᠠᠨ ᠲᠠᠷᠬᠠᠭᠠᠬᠤ ᠦᠭᠡᠢ᠃ ᠥᠩᠭᠡᠨ ᠡᠪᠡᠳᠴᠢᠨ᠂ ᠵᠢᠱᠢᠶᠡᠯᠡᠪᠡᠯ ᠲᠡᠮᠪᠤᠤ ᠡᠪᠡᠳᠴᠢᠨ᠂ ᠠᠶᠢᠽ | ᠡᠪᠡᠳᠴᠢᠨ ᠵᠡᠷᠭᠡ᠂ ᠲᠡᠳᠡᠭᠡᠷ ᠤᠨ ᠬᠠᠯᠳᠠᠪᠤᠷᠢᠯᠠᠬᠤ ᠵᠠᠮ ᠨᠢ ᠭᠤᠣᠯᠳᠠᠭᠤ ᠭᠤᠷᠪᠠᠨ ᠵᠦᠢᠯ ᠪᠠᠶᠢᠳᠠᠭ᠄ | ᠬᠤᠷᠢᠴᠠᠯ ᠤᠨ ᠠᠵᠢᠯᠯᠠᠭ᠎ᠠ᠂ ᠴᠢᠰᠤ᠂ ᠡᠬᠡ ᠨᠢᠯᠬᠠᠰ ᠢᠶᠠᠷ ᠰᠢᠭᠤᠳ ᠲᠠᠷᠬᠠᠭᠠᠨ᠎ᠠ᠃ ᠰᠠᠨᠳᠠᠯᠢ ᠲᠡᠭᠡᠷ᠎ᠡ | ᠰᠠᠭᠤᠬᠤ ᠨᠢ ᠦᠩᠭᠡᠨ ᠤ ᠡᠪᠡᠳᠴᠢᠨ ᠬᠠᠯᠳᠠᠪᠤᠷᠢᠯᠠᠬᠤ ᠦᠭᠡᠢ᠃ | ᠪᠤᠰᠤᠳ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠯᠠᠪᠤᠷ᠂ ᠵᠢᠱᠢᠶᠡᠯᠡᠪᠡᠯ ᠵᠣᠷᠯᠣᠩ ᠤᠨ ᠰᠠᠭᠤᠳᠠᠯ᠂ | ᠴᠠᠬᠢᠯᠭᠠᠨ ᠱᠠᠲᠤ ᠪᠠ ᠭᠠᠵᠠᠷ ᠳᠤᠤᠷᠠᠬᠢ ᠲᠡᠮᠦᠷ ᠵᠠᠮ ᠤᠨ ᠲᠦᠰᠢᠭᠦᠷ᠂ ᠤᠮᠪᠠᠯᠲᠠ ᠶᠢᠨ ᠭᠠᠵᠠᠷ ᠵᠡᠷᠭᠡ ᠨᠢ ᠴᠥᠮ | ᠣᠯᠠᠨ ᠨᠡᠶᠢᠲᠡ ᠶᠢᠨ ᠲᠠᠯᠠᠪᠤᠷ ᠪᠣᠯᠤᠨ᠎ᠠ᠃ ᠠᠷᠢᠭᠤᠨ ᠴᠡᠪᠡᠷ ᠤᠨ ᠨᠥᠬᠦᠴᠡᠯ ᠢᠶᠠᠷ ᠠᠨᠠᠶ ᠵᠣᠷᠯᠣᠩ ᠢ ᠠᠯᠢ | ᠴᠢᠳᠠᠬᠤ ᠪᠠᠷ ᠬᠡᠷᠡᠭᠯᠡᠬᠦ ᠥᠬᠡᠶ ᠪᠠᠶᠢᠪᠠᠯ ᠵᠤᠬᠢᠨ᠎ᠠ᠃ | |