ᠡᠷᠢᠶᠡᠨ ᠬᠤᠲᠠ ᠶᠢᠨ ᠬᠤᠯᠤᠭᠠᠨ᠎ᠠ ᠶᠢᠨ ᠬᠢᠵᠢᠭ ᠢ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠦᠰᠦᠭ ᠪᠢᠴᠢᠭ ᠤᠨ ᠲᠠᠶᠢᠯᠤᠮᠵᠢ
ᠨᠡᠶᠢᠲᠡᠯᠡᠭᠰᠡᠨ ᠴᠠᠭ᠄
2022/11/21
ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠵᠣᠷᠢᠯᠭ᠎ᠠ     ᠬᠤᠯᠤᠭᠠᠨ᠎ᠠ ᠶᠢᠨ ᠬᠢᠵᠢᠭ ᠤᠨ ᠭᠡᠨᠡᠳᠲᠡ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠵᠦ᠂ ᠲᠦᠷᠭᠡᠨ ᠠᠷᠭᠠᠴᠠᠵᠤ᠂ ᠴᠠᠭ ᠲᠤᠬᠠᠢ ᠳᠤᠨᠢ ᠬᠢᠵᠠᠭᠠᠷᠯᠠᠵᠤ᠂ ᠬᠢᠵᠢᠭ ᠤᠨ ᠬᠤᠣᠷ ᠬᠥᠨᠥᠭᠡᠯ ᠢ ᠴᠠᠭ ᠲᠤᠬᠠᠢ ᠳᠤᠨᠢ ᠠᠷᠢᠯᠭᠠᠵᠤ᠂ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠵᠤ᠂ ᠨᠡᠶᠢᠭᠡᠮ ᠤᠨ ᠤᠯᠤᠰ ᠲᠦᠷᠦ᠂ ᠠᠵᠤ ᠠᠬᠤᠢ ᠶᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ ᠣᠷᠣᠨ ᠲᠣᠭᠠᠨ ᠤ ᠦᠨᠳᠦᠰᠦᠯᠡᠯ     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ︵2022 ᠣᠨ ᠤ ᠬᠡᠪᠯᠡᠯ︶︾     ︽ᠰᠢᠯᠢ ᠶᠢᠨ ᠭᠤᠣᠯ ᠠᠶᠢᠮᠠᠭ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ︵2022 ᠣᠨ ᠤ ᠬᠡᠪᠯᠡᠯ︶︾ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠳᠡᠰ ᠬᠤᠪᠢᠶᠠᠬᠤ    ᠬᠤᠯᠤᠭᠠᠨ᠎ᠠ ᠶᠢᠨ ᠬᠢᠵᠢᠭ ᠡᠭᠦᠰᠬᠦ ᠭᠠᠵᠠᠷ ᠣᠷᠣᠨ᠂ ᠡᠪᠡᠳᠴᠢᠨ ᠤ ᠬᠡᠯᠪᠡᠷᠢ᠂ ᠲᠣᠭᠲᠠᠭᠰᠠᠨ ᠲᠤᠭ᠎ᠠ᠂ ᠳᠡᠯᠭᠡᠷᠡᠬᠦ ᠬᠡᠪᠴᠢᠶ᠎ᠡ ᠪᠠ ᠬᠠᠨᠳᠤᠰᠢ ᠬᠢᠭᠡᠳ ᠨᠡᠶᠢᠭᠡᠮ ᠳᠤ ᠤᠴᠠᠷᠠᠭᠤᠯᠬᠤ ᠬᠤᠣᠷ ᠬᠥᠨᠥᠭᠡᠯ ᠤᠨ ᠬᠡᠮᠵᠢᠶ᠎ᠡ ᠶᠢ ᠦᠨᠳᠦᠰᠦᠯᠡᠨ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠣᠨᠴᠠ ᠬᠦᠨᠳᠦ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ  ︵1 ᠳᠡᠰ︶᠂ ᠬᠦᠨᠳᠦ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅱ ᠳᠡᠰ︶᠂ ᠨᠡᠯᠢᠶᠡᠳ ᠶᠡᠭᠡ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅲ ᠳᠡᠰ︶᠂ ᠡᠩ ᠤᠨ ᠬᠤᠯᠤᠭᠠᠨ᠎ᠠ ᠶᠢᠨ ᠬᠢᠵᠢᠭ ᠤᠨ ᠪᠠᠶᠢᠳᠠᠯ ︵Ⅳ ᠳᠡᠰ︶᠂ ᠠᠮᠢᠳᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ︵V ᠳᠡᠰ︶ ᠭᠡᠵᠦ ᠬᠤᠪᠢᠶᠠᠨ᠎ᠠ᠃ᠠᠵᠢᠯ ᠤᠨ ᠵᠠᠷᠴᠢᠮ     ᠠᠷᠠᠳ ᠲᠦᠮᠡᠨ ᠤ ᠡᠷᠡᠭᠦᠯ ᠮᠡᠨᠳᠤ ᠪᠠᠷ ᠭᠤᠣᠯ ᠪᠣᠯᠭᠠᠨ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ᠂ ᠰᠢᠨᠵᠢᠯᠡᠬᠦ ᠤᠬᠠᠭᠠᠨᠴᠢ ᠪᠠᠷ ᠠᠷᠭᠠᠴᠠᠬᠤ᠂ ᠬᠠᠤᠯᠢ ᠶᠣᠰᠣᠭᠠᠷ ᠰᠡᠷᠭᠡᠶᠢᠯᠡᠨ ᠡᠵᠡᠮᠳᠡᠬᠦ᠂ ᠵᠠᠰᠠᠭ ᠤᠨ ᠣᠷᠳᠣᠨ ᠤᠳᠤᠷᠢᠳᠬᠤ᠂ ᠰᠠᠯᠠᠭ᠎ᠠ ᠮᠥᠴᠢᠷ ᠬᠠᠮᠵᠢᠯᠴᠠᠬᠤ᠂ ᠬᠠᠷᠢᠶ᠎ᠠ ᠣᠷᠣᠨ  ᠳᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠨᠡᠶᠢᠭᠡᠮ ᠨᠡᠶᠢᠲᠡ ᠪᠠᠷ ᠢᠶᠠᠨ ᠣᠷᠤᠯᠴᠠᠬᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ᠂ ᠲᠦᠷᠭᠡᠨ ᠲᠤᠰᠬᠠᠯ ᠭᠠᠷᠭᠠᠬᠤ᠂ ᠬᠦᠴᠦᠲᠡᠢ ᠪᠠᠲᠤᠯᠠᠬᠤ ᠵᠠᠷᠴᠢᠮ ᠢ ᠪᠠᠷᠢᠮᠲᠠᠯᠠᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号