︽ᠡᠷᠢᠶᠡᠨ ᠬᠤᠲᠠ ᠶᠢᠨ ᠪᠥᠬᠦ ᠠᠷᠠᠳ ᠤᠨ ᠪᠡᠶ᠎ᠡ  ᠴᠢᠬᠢᠷᠠᠭᠵᠢᠭᠤᠯᠣᠯᠳᠠ ᠶᠢᠨ ᠬᠡᠷᠡᠭᠵᠢᠭᠦᠯᠬᠦ ᠲᠥᠯᠥᠪᠯᠡᠭᠡ ︵2021 ︱ 2025 ᠣᠨ︶︾ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/11/21
ᠬᠥᠭᠵᠢᠯᠲᠡ ᠶᠢᠨ ᠬᠠᠷᠠᠯᠲᠠ     2025 ᠣᠨ ᠪᠣᠯᠬᠤ ᠳᠤ᠂ ᠨᠠᠩ ᠥᠨᠳᠥᠷ ᠬᠢᠷᠢ ᠲᠦᠪᠰᠢᠨ ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠣᠯᠠᠨ ᠲᠦᠮᠡᠨ ᠤ ᠪᠡᠶ᠎ᠡ ᠴᠢᠬᠢᠷᠠᠭᠵᠢᠭᠤᠯᠣᠯᠳᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃1. ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠤᠯᠴᠠᠬᠤ ᠬᠥᠮᠥᠨ ᠤ ᠲᠤᠭ᠎ᠠ ᠶᠢᠨ ᠬᠠᠷᠢᠴᠠᠯ 38.5% ᠳᠤ ᠬᠦᠷᠭᠡᠨ᠎ᠡ᠃2. ᠡᠯ᠎ᠡ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠳᠤ ᠣᠷᠤᠯᠴᠠᠬᠤ ᠬᠥᠮᠥᠨ ᠤ ᠲᠤᠭ᠎ᠠ ᠶᠢ ᠦᠷᠭᠦᠯᠵᠢᠯᠡᠨ ᠳᠡᠭᠡᠭᠰᠢᠯᠡᠬᠦᠯᠦᠨ᠎ᠡ᠃3. ᠬᠤᠲᠠ ᠲᠣᠭᠤᠷᠢᠭ᠂ ᠰᠤᠮᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠪᠠ ᠬᠤᠲᠠ ᠶᠢᠨ ᠨᠡᠶᠢᠭᠡᠮ ᠲᠣᠭᠤᠷᠢᠭ ᠤᠨ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃4. ᠬᠥᠮᠥᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠳᠠᠯᠠᠪᠣᠷ ᠤᠨ ᠲᠠᠯᠠᠪᠠᠶ 2.8 ᠲᠡᠭᠰᠢ ᠳᠥᠷᠪᠡᠯᠵᠢᠨ ᠮᠧᠲᠷ ᠲᠤ ᠬᠦᠷᠭᠡᠨ᠎ᠡ᠃5. ᠤᠯᠤᠰ ᠠᠷᠠᠳ ᠤᠨ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠶᠢᠨ ᠬᠢᠷᠢ ᠲᠡᠩᠴᠡᠭᠰᠡᠨ ᠨᠣᠷᠮ᠎ᠠ ᠶᠢ 90%   ᠠᠴᠠ ᠳᠡᠭᠡᠭᠰᠢ ᠪᠣᠯᠭᠠᠨ᠎ᠠ᠃6. ᠮᠢᠩᠭᠠᠨ ᠬᠥᠮᠥᠨ ᠪᠦᠷᠢ ᠳᠤ 3.2 ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠲᠠᠢ ᠪᠣᠯᠭᠠᠨ᠎ᠠ 7. ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠲᠤ ᠡᠵᠡᠯᠡᠬᠦ ᠪᠡᠶ᠎ᠡ ᠶᠢᠨ ᠲᠠᠮᠢᠷ ᠤᠨ ᠠᠵᠤ ᠦᠢᠯᠡᠰ ᠤᠨ ᠨᠡᠮᠡᠭᠳᠡᠯ ᠥᠷᠳᠡᠭ ᠤᠨ ᠬᠤᠪᠢ ᠶᠢᠨ ᠵᠢᠩ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ᠭᠤᠣᠯ ᠡᠭᠦᠷᠭᠡ1. ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ ᠲᠠᠰ ᠳᠡᠪᠰᠢᠬᠦ ᠶᠢ ᠠᠬᠢᠭᠤᠯᠤᠨ᠎ᠠ2. ᠲᠠᠷᠢᠶᠠᠯᠠᠬᠤ ᠮᠠᠯᠵᠢᠬᠤ ᠣᠷᠣᠨ ᠤ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ3. ᠮᠥᠰᠥ ᠴᠠᠰᠤᠨ ᠤ ᠲᠠᠯᠠᠪᠤᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ4. ᠰᠤᠯᠠ ᠭᠠᠵᠠᠷ ᠢ ᠠᠮᠢᠳᠤᠯᠢᠭ ᠢᠶᠠᠷ ᠬᠦᠢᠴᠡᠳ ᠠᠰᠢᠭᠯᠠᠨ᠎ᠠ᠃5. ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠬᠦᠯᠦᠨ᠎ᠡ᠃6. ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃7. ᠰᠢᠶᠠᠨ ᠤ ᠬᠡᠪᠴᠢᠶᠡᠨ ᠤ ᠬᠥᠯ ᠪᠥᠮᠪᠦᠭᠡ ᠶᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠠᠬᠢᠭᠤᠯᠤᠨ᠎ᠠ᠃8. ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠭᠠᠨ ᠵᠢᠯᠤᠭᠤᠳᠬᠤ ᠬᠠᠩᠭᠠᠯᠭ᠎ᠠ ᠶᠢᠨ ᠵᠠᠭᠪᠤᠷ ᠢ ᠪᠠᠶᠠᠯᠢᠭᠵᠢᠭᠤᠯᠣᠨ᠎ᠠ᠃9. ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠣᠶᠤᠨᠴᠢᠯᠠᠭᠰᠠᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃10. ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠣᠯᠳᠠ ᠶᠢ ᠴᠢᠩᠭᠠᠳᠬᠠᠨ᠎ᠠ᠃11. ᠭᠤᠣᠯᠳᠠᠯᠭ᠎ᠠ ᠲᠠᠢ ᠬᠥᠮᠥᠰ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠬᠠᠩᠭᠠᠯᠭ᠎ᠠ ᠶᠢ ᠪᠠᠶᠠᠯᠢᠭᠵᠢᠭᠤᠯᠣᠨ᠎ᠠ᠃12. ᠪᠡᠶ᠎ᠡ ᠶᠢᠨ ᠲᠠᠮᠢᠷ ᠤᠨ ᠬᠡᠷᠡᠭᠯᠡᠭᠡᠨ ᠤ ᠳᠠᠯᠳᠠ ᠬᠦᠴᠦᠨ ᠢ ᠬᠦᠢᠴᠡᠳ ᠠᠭᠤᠳᠠᠯᠠᠨ᠎ᠠ᠃13. ᠪᠡᠶ᠎ᠡ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ᠎ᠡ᠃14. ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠨ ᠠᠭᠤᠰᠤᠯᠴᠠᠯ ᠢ ᠠᠬᠢᠭᠤᠯᠣᠨ᠎ᠠ᠃15. ᠪᠡᠶ᠎ᠡ ᠶᠢᠨ ᠲᠠᠮᠢᠷ ᠪᠠ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠣᠨ᠎ᠠ᠃16. ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠰᠣᠶᠣᠯ ᠤᠨ ᠠᠭᠤᠯᠬᠤᠨ   ᠢ ᠵᠤᠵᠠᠭᠠᠳᠬᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号