︽ᠡᠷᠢᠶᠡᠨ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠣᠨ ᠤ ᠠᠵᠢᠯ ᠤᠨ ᠲᠥᠰᠥᠯ ︵2022︶︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/11/21
     ︽ ᠲᠥᠰᠥᠯ︾  ᠤᠨ ᠭᠤᠣᠯ ᠠᠭᠤᠯᠭ᠎ᠠᠨᠢᠭᠡ ᠳᠤ᠂  ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠬᠡᠷᠡᠭᠵᠢᠭᠦᠯᠵᠦ ᠬᠠᠮᠠᠭᠠᠯᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠤᠰᠬᠠᠢ ᠠᠰᠢᠭ ᠤᠨ ᠲᠠᠸᠠᠷ ᠤᠨ ᠲᠡᠮᠳᠡᠭ ᠤᠨ ᠡᠷᠬᠡ ᠳᠤ ᠬᠠᠯᠳᠠᠬᠤ ᠪᠠ ᠬᠠᠭᠤᠷᠮᠠᠭᠯᠠᠨ ᠬᠡᠷᠡᠭᠯᠡᠬᠦ ᠬᠠᠤᠯᠢ   ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠳᠠ ᠦᠭᠬᠦᠨ᠎ᠡ᠃ᠬᠤᠶᠠᠷ ᠲᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠶᠢᠯᠠᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠦᠴᠦᠷᠬᠡᠭᠵᠢᠭᠦᠯᠬᠦ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ᠮᠠᠨ ᠤ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠪᠠᠶᠢᠷᠢᠯᠠᠭᠤᠯᠣᠯᠳᠠ ᠶᠢᠨ ᠨᠠᠶᠢᠳᠠᠪᠣᠷᠢᠵᠢᠭᠤᠯᠣᠯᠳᠠ ᠶᠢ ᠨᠢᠭᠡᠳᠦᠯᠳᠠᠢ ᠳᠦᠯᠦᠪᠵᠢᠬᠦᠯᠦᠨ᠎ᠡ᠃ᠭᠤᠷᠪᠠ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠲᠤᠰᠬᠠᠢ ᠠᠰᠢᠭ ᠢ ᠲᠤᠰᠬᠠᠢ ᠳᠦᠷᠦᠯ ᠤᠨ ᠲᠥᠯᠥᠪᠯᠡᠭᠡ ᠪᠣᠯᠭᠠᠨ ᠬᠤᠪᠢᠷᠠᠭᠤᠯᠬᠤ ᠠᠵᠢᠯ ᠢ ᠠᠬᠢᠭᠤᠯᠵᠤ᠂ ᠭᠠᠵᠠᠷ ᠣᠷᠣᠨ ᠤ ᠦᠪᠡᠷᠮᠢᠴᠡ ᠣᠨᠴᠠᠯᠢᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠳᠠᠨᠵᠢᠯᠠᠵᠤ ᠪᠡᠯᠡ ᠬᠤᠷᠠᠮᠳᠣᠭᠤᠯᠬᠤ ᠶᠢ ᠠᠬᠢᠭᠤᠯᠣᠨ᠎ᠠ᠃ᠳᠥᠷᠪᠡ ᠳᠤ᠂ ᠣᠷᠣᠯᠠᠨ ᠭᠦᠢᠴᠡᠳᠬᠡᠬᠦ ᠠᠵᠢᠯ ᠲᠦᠷᠦᠯ ᠤᠨ ︽ᠬᠥᠬᠡ ᠣᠭᠲᠠᠷᠭᠤᠢ︾ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠠᠬᠢᠭᠤᠯᠵᠤ᠂ ᠲᠠᠪᠴᠠᠩ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠵᠠᠰᠠᠯᠲᠠ ᠶᠢ ᠴᠢᠩᠭᠠᠳᠬᠠᠨ᠎ᠠ᠃ᠲᠠᠪᠤ ᠳᠤ᠂ ᠤᠬᠠᠭᠤᠯᠤᠨ ᠳᠠᠶᠢᠴᠢᠯᠠᠬᠤ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠬᠥᠮᠥᠵᠢᠭᠦᠯᠬᠦ ᠶᠢ ᠴᠢᠩᠭᠠᠳᠬᠠᠨ᠎ᠠ᠃ᠵᠢᠷᠭᠤᠭ᠎ᠠ ᠳᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠤᠭᠰᠠᠨ ᠦᠷ᠎ᠡ ᠪᠦᠲᠦᠮᠵᠢ ᠶᠢᠨ ᠲᠣᠭᠤᠷᠢᠨ ᠳᠤ᠂ ᠲᠤᠰᠬᠠᠢ ᠠᠰᠢᠭ ᠤᠨ ᠪᠠᠶᠢᠴᠠᠭᠠᠯᠲᠠ ᠶᠢᠨ ᠠᠵᠢᠯ ᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠶᠢᠨ ᠬᠠᠮᠲᠤ ᠭᠦᠨᠵᠡᠭᠡᠢ ᠲᠦᠯᠬᠢᠨ ᠠᠬᠢᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号