【ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠎ᠠ】 ᠮᠠᠨ ᠤ ᠬᠤᠲᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠤᠰᠬᠠᠢ ᠰᠡᠳᠦᠪᠲᠦ ᠨᠣᠮ ᠤᠩᠰᠢᠬᠤ ᠠᠩᠭᠢ ᠵᠢᠴᠢ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 12 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠡᠷᠭᠢᠯᠡᠪᠡ
ᠨᠡᠶᠢᠲᠡᠯᠡᠭᠰᠡᠨ ᠴᠠᠭ᠄
2022/11/22
      ᠣᠶᠢᠷ᠎ᠠ ᠳᠤ᠂ ᠮᠠᠨ ᠤ ᠬᠤᠲᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠨᠣᠮ ᠤᠩᠰᠢᠬᠤ ᠠᠩᠭᠢ ᠵᠢᠴᠢ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 12 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠡᠷᠭᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃         ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠯᠦ ᠪᠦᠦ ᠳ᠋ᠦᠩ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ᠂ ᠬᠤᠳᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾ ᠣᠷᠣᠯᠴᠠᠪᠠ᠃        ᠨᠣᠮ ᠤᠩᠰᠢᠬᠤ ᠠᠩᠭᠢ ᠶᠢ ᠬᠤᠪᠢ ᠬᠥᠮᠥᠨ ᠥᠪᠡᠰᠦᠪᠡᠨ ᠰᠤᠷᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠪᠠᠷ ᠶᠠᠪᠤᠭᠳᠠᠭᠤᠯᠵᠤ᠂ ᠤᠯᠠᠨ ᠢᠶᠠᠷ ᠢᠶᠠᠨ ᠥᠪᠡᠰᠦᠪᠡᠨ ᠰᠤᠷᠤᠯᠴᠠᠪᠠ᠃ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠰᠢ ᠶᠢᠨ ᠫᠢᠩ ᠶᠡᠷᠦᠩᠬᠡᠢ ᠱᠦᠵᠢ ᠶᠢᠨ ᠬᠤᠯᠪᠣᠭᠳᠠᠯ ᠪᠦᠬᠦᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃  ᠬᠤᠷᠠᠯ ᠳᠤ ᠣᠷᠣᠯᠴᠠᠭᠰᠠᠨ ᠨᠥᠬᠦᠳ ᠲᠤᠰᠬᠠᠢ ᠮᠡᠷᠭᠡᠵᠢᠯᠲᠡᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠠᠶᠢᠯᠪᠤᠷᠢᠯᠠᠭᠰᠠᠨ ᠬᠠᠮᠢᠶ᠎ᠠ ᠪᠦᠬᠦᠢ ᠸᠢᠳᠢᠤ᠋ ᠶᠢ ᠦᠵᠡᠪᠡ᠃ ᠬᠤᠳᠠ ᠶᠢᠨ ᠲᠦᠷᠪᠡᠨ ᠶᠡᠭᠡ ᠤᠳᠤᠷᠢᠳᠬᠤ ᠪᠠᠭ ᠤᠨ ᠭᠤᠣᠯ ᠤᠳᠤᠷᠢᠳᠤᠯᠭ᠎ᠠ ᠪᠣᠯᠣᠨ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠰᠠᠨᠠᠯ ᠢᠶᠠᠨ ᠰᠣᠯᠢᠯᠴᠠᠬᠤ ᠦᠭᠡ ᠬᠡᠯᠡᠪᠡ᠃        ᠸᠠᠩ ᠰᠠᠨ ᠱᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠ ᠲᠡᠷᠢᠭᠦᠨ ᠴᠢᠬᠤᠯᠠ ᠶᠡᠭᠡ ᠶᠠᠪᠤᠳᠠᠯ ᠪᠣᠯᠣᠨ᠎ᠠ᠃ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ ᠪᠠ ᠴᠢᠬᠤᠯᠠ ᠶᠡᠭᠡ ᠵᠠᠷᠴᠢᠮ ᠢ ᠭᠦᠨᠵᠡᠭᠡᠢ ᠲᠠᠨᠢᠵᠤ᠂ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠰᠢᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠬᠠᠷᠠᠯᠲᠠ ᠡᠭᠦᠷᠭᠡ ᠶᠢ ᠭᠤᠶᠢᠪᠢᠰᠢ ᠦᠭᠡᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃        ᠸᠠᠩ ᠰᠠᠨ ᠱᠢ᠄ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠨ ᠲᠤᠤᠱᠯᠠᠭᠤᠯᠬᠤ  ᠲᠠᠢ ᠣᠷᠭᠠᠨᠢᠭ ᠢᠶᠠᠷ ᠤᠶᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠭᠤᠮᠲᠠ ᠶᠢᠨ ᠳᠠᠪᠠᠭᠤᠯᠢᠭ ᠲᠤ ᠰᠠᠭᠤᠷᠢᠯᠠᠵᠤ᠂ ︽ᠨᠡᠭᠡᠭᠡᠯᠲᠡ ᠬᠢᠬᠦ︾ ᠶᠢᠨ ᠲᠣᠭᠤᠷᠢᠨ ᠳᠤ ᠠᠷᠭ᠎ᠠ ᠤᠬᠠᠭᠠᠨ ᠭᠠᠷᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠭᠠᠳᠠᠭᠠᠳᠤ ᠨᠡᠭᠡᠭᠡᠯᠲᠡ ᠶᠢ ᠭᠦᠨᠵᠡᠭᠡᠶᠢᠷᠡᠭᠦᠯᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠮᠠᠨ ᠤ ᠬᠤᠲᠠ ᠶᠢᠨ ᠬᠥᠭᠵᠢᠯᠲᠡ ᠶᠢᠨ ᠵᠥᠷᠢᠶ᠎ᠡ ᠶᠢ ᠳᠠᠬᠢᠨ ᠰᠢᠨ᠎ᠡ ᠪᠠᠷ ᠬᠢᠨᠠᠨ ᠦᠵᠡᠵᠦ᠂ ᠡᠯ᠎ᠡ ᠱᠠᠲᠤᠨ ᠤ ᠺᠠᠳ᠋ᠷᠴᠤᠳ ᠤᠨ ᠨᠡᠭᠡᠭᠡᠯᠲᠡ ᠬᠢᠬᠦ ᠶᠢ ᠠᠳᠬᠤᠵᠤ ᠨᠡᠭᠡᠭᠡᠯᠲᠡ ᠬᠢᠬᠦ ᠶᠢ ᠠᠬᠢᠭᠤᠯᠬᠤ ᠴᠢᠳᠠᠪᠤᠷᠢ ᠪᠠ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠠᠳᠠᠭᠠᠳᠤ ᠨᠡᠭᠡᠭᠡᠯᠲᠡ ᠶᠢ ᠣᠷᠳᠣ ᠬᠤᠭᠤᠴᠠᠭ᠎ᠠ ᠪᠠᠷ ᠭᠦᠨᠵᠡᠭᠡᠶᠢᠷᠡᠭᠦᠯᠦᠨ᠂ ᠪᠣᠭᠤᠮᠲᠠ ᠶᠢᠨ ︽ᠬᠥᠭᠵᠢᠶᠡᠨ ᠲᠠᠢ ᠪᠣᠯᠬᠤ︾ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠢᠯᠢᠳᠡᠭᠵᠢᠭᠦᠯᠬᠦ ︽ᠬᠤᠷᠢᠨ ᠵᠦᠢᠯ ᠤᠨ ᠠᠷᠭ᠎ᠠ ᠬᠡᠮᠵᠢᠶ᠎ᠡ︾ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠣᠯᠣᠯᠲᠠ ᠪᠠ ᠠᠯᠳᠠᠰᠢ ᠶᠢ ᠰᠢᠰᠲ᠋ᠧᠮ ᠲᠠᠢ ᠳ᠋ᠦᠩᠨᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠪᠣᠳᠠᠲᠠᠢ ᠨᠠᠷᠢᠯᠢᠭ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︽ᠬᠤᠶᠠᠷ ᠲᠠᠯ᠎ᠠ ᠪᠠᠷ ᠪᠠᠶᠢᠯᠳᠤᠵᠤ ᠬᠤᠶᠠᠷ ᠲᠠᠯ᠎ᠠ ᠪᠠᠷ ᠠᠰᠢᠭ ᠬᠦᠷᠳᠡᠬᠦ︾ ᠶᠢ ᠠᠬᠢᠭᠤᠯᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号