ᠡᠶᠢᠮᠦ ᠪᠠᠭᠰᠢ ᠶᠢᠨ ᠬᠠᠷᠢᠴᠠᠯ ᠢ 70% ᠠᠴᠠ ᠲᠠᠪᠠᠭᠤᠯᠤᠨ᠎ᠠ
ᠨᠡᠶᠢᠲᠡᠯᠡᠭᠰᠡᠨ ᠴᠠᠭ᠄
2022/11/22
       ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ︽ᠰᠢᠨ᠎ᠡ ᠴᠠᠭ  ᠦᠶ᠎ᠡ ᠶᠢᠨ  ᠳᠤᠮᠳᠠᠳᠤ  ᠪᠠᠭ᠎ᠠ  ᠰᠤᠷᠭᠠᠭᠤᠯᠢ ᠵᠢᠨ‌ᠦᠵᠡᠯ ᠰᠠᠨᠠᠭ᠎ᠠ ᠤᠯᠤᠰ ᠲᠥᠷᠥ ᠶᠢᠨ  ᠬᠢᠴᠢᠶᠡᠯ ᠤᠨ  ᠪᠠᠶᠢᠭᠤᠯᠤᠯᠲᠠ ᠶᠢ  ᠴᠢᠨᠠᠭᠰᠢᠳᠠ  ᠴᠢᠩᠭᠠᠳᠬᠠᠬᠤ  ᠲᠤᠬᠠᠶ  ᠰᠠᠨᠠᠯ︾  ᠢ ᠳᠠᠷᠤᠮᠠᠯᠯᠠᠨ ᠲᠠᠷᠬᠠᠭᠠᠪᠠ᠃  ︽ᠰᠠᠨᠠᠯ︾ ᠳᠤ ᠵᠢᠭᠠᠬᠤ ᠳᠠᠭᠠᠨ᠂ 2025 ᠣᠨ ᠪᠣᠯᠬᠤ ᠳᠤ ᠳᠤᠮᠳᠠᠳᠤ ᠪᠠᠭ᠎ᠠ  ᠰᠤᠷᠭᠠᠭᠤᠯᠢ ᠵᠢᠨ‌ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ  ᠵᠠᠩᠭᠢᠯᠠᠭ᠎ᠠ ᠶᠢᠨ  ᠪᠠᠶᠢᠷᠢ  ᠰᠠᠭᠤᠷᠢ ᠶᠢ  ᠴᠢᠨᠠᠭᠰᠢᠳᠠ  ᠴᠢᠩᠭᠠᠳᠬᠠᠵᠤ᠂ᠪᠥᠲᠥᠭᠡᠨ ᠪᠠᠶᠢᠭᠤᠯᠤᠯᠲᠠ ᠶᠢᠨ ᠬᠢᠷᠢ  ᠲᠦᠪᠰᠢᠨ ᠢ  ᠪᠥᠬᠦ  ᠲᠠᠯ᠎ᠠ ᠪᠠᠷ  ᠳᠡᠭᠡᠭᠰᠢᠯᠡᠭᠦᠯᠦᠨ᠂  ᠰᠢᠯᠢᠳᠡᠭ  ᠬᠢᠴᠢᠶᠡᠯ ᠤᠨ  ᠡᠬᠢ‌‍ᠪᠠᠶᠠᠯᠢᠭ ᠢ  ᠪᠠᠶᠠᠯᠢᠭᠵᠢᠭᠤᠯᠵᠤ᠂  ᠦᠵᠡᠯ  ᠰᠠᠨᠠᠭ᠎ᠠ  ᠤᠯᠤᠰ   ᠲᠥᠷᠥ ᠶᠢᠨ   ᠬᠢᠴᠢᠶᠡᠯ ᠤᠨ   ᠪᠠᠭᠰᠢ ᠶᠢᠨ   ᠡᠩᠨᠡᠭᠡ ᠶᠢᠨ ᠲᠤᠰᠬᠠᠶᠢᠵᠢᠭᠰᠠᠨ ᠬᠢᠷᠢ  ᠲᠦᠪᠰᠢᠨ ᠢ  ᠮᠡᠳᠡᠭᠳᠡᠮ᠎ᠡ  ᠳᠡᠭᠡᠭᠰᠢᠯᠡᠭᠦᠯᠵᠦ᠂  ︽ᠦᠵᠡᠯ  ᠰᠠᠨᠠᠭ᠎ᠠ  ᠤᠯᠤᠰ  ᠲᠥᠷᠥ ᠶᠢᠨ  ᠶᠡᠭᠡ ᠬᠢᠴᠢᠶᠡᠯ︾ ᠤᠨ ᠰᠢᠰᠲ᠋ᠧᠮ ᠢ ᠨᠠᠩ ᠲᠡᠭᠦᠯᠳᠡᠷᠵᠢᠭᠦᠯᠵᠦ᠂ ᠦᠨᠡᠯᠡᠬᠦ ᠲᠣᠭᠲᠠᠴᠠ ᠶᠢ  ᠦᠨᠳᠦᠰᠦᠨ ᠳᠡᠭᠡᠨ  ᠲᠡᠭᠦᠯᠳᠡᠷᠵᠢᠭᠦᠯᠦᠨ᠎ᠡ  ᠭᠡᠵᠠᠢ᠃                           ︽ᠰᠠᠨᠠᠯ︾  ᠳᠤ ᠳᠤᠷᠠᠳᠬᠤ ᠳᠠᠭᠠᠨ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ  ᠡᠩᠨᠡᠭᠡ ᠵᠢᠨ‌‍ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠡᠯ᠎ᠡ ᠲᠥᠷᠥᠯ ᠤᠨ ᠰᠤᠷᠭᠠᠨ  ᠬᠥᠮᠦᠵᠢᠯ ᠤᠨ  ᠡᠬᠢ  ᠪᠠᠶᠠᠯᠢᠭ ᠢ  ᠨᠢᠭᠡᠳᠦᠯᠲᠡᠶ‌‍ᠲ᠋ᠦ᠋ᠯᠦᠪᠵᠢᠬᠦᠯᠦᠨ ᠰᠠᠶᠢᠲᠤᠷ ᠬᠡᠷᠡᠭᠯᠡᠵᠦ᠂ 2025 ᠣᠨ ᠪᠣᠯᠬᠤ ᠳᠤ᠂ ᠦᠵᠡᠯ ᠰᠠᠨᠠᠭ᠎ᠠ ᠤᠯᠤᠰ  ᠲᠥᠷᠥ ᠶᠢᠨ  ᠬᠢᠴᠢᠶᠡᠯ ᠤᠨ ᠪᠠᠭᠰᠢ ᠶᠢᠨ ᠡᠩᠨᠡᠭᠡ ᠶᠢᠨ ᠲᠤᠰᠬᠠᠶᠢᠵᠢᠭᠰᠠᠨ ᠬᠢᠷᠢ ᠲᠦᠪᠰᠢᠨ ᠢ ᠮᠡᠳᠡᠭᠳᠡᠮ᠎ᠡ ᠳᠡᠭᠡᠭᠰᠢᠯᠡᠭᠦᠯᠵᠦ᠂ ᠪᠠᠭ᠎ᠠ ᠰᠤᠷᠭᠠᠭᠤᠯᠢ ᠳᠤ ᠦᠵᠡᠯ‌‍ᠰᠠᠨᠠᠭ᠎ᠠ ᠤᠯᠤᠰ ᠲᠥᠷᠥ ᠶᠢᠨ ᠬᠢᠴᠢᠶᠡᠯ ᠵᠢᠭᠠᠬᠤ ᠲᠤᠰᠬᠠᠶ ᠪᠠᠭᠰᠢ ᠲᠣᠬᠢᠷᠠᠭᠤᠯᠬᠤ  ᠬᠠᠷᠢᠴᠠᠯ ᠢ  70% ᠠᠴᠠ  ᠲᠠᠪᠠᠭᠤᠯᠤᠨ᠎ᠠ ᠭᠡᠵᠡᠢ᠃    
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号