ᠭᠤᠷᠪᠠᠨ ᠰᠠᠯᠠᠭ᠎ᠠ ᠮᠥᠴᠢᠷ ᠬᠠᠮᠲᠤᠷᠠᠨ ᠤᠷᠠᠯᠢᠭ ᠤᠨ ᠰᠢᠯᠭᠠᠯᠲᠠ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠤᠰᠬᠠᠶᠢᠯᠠᠨ ᠵᠠᠰᠠᠬᠤ ᠠᠵᠢᠯᠯᠠᠭ᠎ᠠ  ᠥᠷᠨᠢᠭᠦᠯᠪᠡ
ᠨᠡᠶᠢᠲᠡᠯᠡᠭᠰᠡᠨ ᠴᠠᠭ᠄
2022/11/22
      ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ ᠶᠢᠨ 10 ᠰᠠᠷ᠎ᠠ ᠶᠢᠨ 26 ᠤ ᠡᠳᠦᠷ ᠤᠨ ᠮᠡᠳᠡᠭᠡ ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠤᠷᠠᠯᠢᠭ ᠤᠨ ᠰᠢᠯᠭᠠᠯᠲᠠ ᠶᠢᠨ  ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠤᠯᠤᠮᠵᠢ ᠵᠢᠴᠢ ᠲᠡᠭᠦᠨ ᠤ ᠠᠵᠢᠯᠲᠠᠨ ᠤ ᠬᠠᠤᠯᠢ ᠶᠢ ᠵᠥᠷᠢᠴᠡᠭᠰᠡᠨ ᠶᠠᠯᠠᠲᠤ  ᠠᠵᠢᠯᠯᠠᠭ᠎ᠠ ᠶᠢ  ᠰᠡᠷᠭᠡᠶᠢᠯᠡᠨ  ᠬᠤᠷᠢᠭᠯᠠᠵᠤ᠂  ᠠᠷᠠᠳ  ᠣᠯᠠᠨ ᠤ  ᠠᠰᠢᠭ  ᠲᠤᠰᠠ ᠶᠢ  ᠦᠨᠡᠨ ᠬᠦ ᠪᠠᠲᠤᠯᠠᠬᠤ ᠶᠢᠨ ᠲᠤᠯᠠᠳᠠ᠂ ᠣᠶᠢᠷ᠎ᠠ ᠳᠤ ᠰᠤᠷᠭᠠᠨ ᠬᠥᠮᠦᠵᠢᠯ ᠤᠨ  ᠶᠠᠮᠤᠨ᠂  ᠳᠣᠲᠣᠭᠠᠳᠤ ᠶᠢ  ᠬᠠᠮᠠᠭᠠᠯᠠᠬᠤ  ᠶᠠᠮᠤᠨ᠂  ᠵᠠᠬ᠎ᠠ‌‍ᠲ᠋ᠡᠯᠭᠡᠭᠦᠷ ᠤᠨ  ᠬᠢᠨᠠᠯᠲᠠ  ᠬᠠᠮᠢᠶᠠᠷᠤᠯᠲᠠ ᠶᠢᠨ  ᠶᠡᠷᠦᠩᠬᠡᠶ  ᠲᠣᠪᠴᠢᠶ᠎ᠠ  ᠬᠠᠮᠲᠤᠷᠠᠨ  ᠪᠠᠶᠢᠷᠢᠯᠠᠭᠤᠯᠤᠯᠲᠠ  ᠬᠢᠵᠦ᠂  ᠳᠤᠮᠳᠠᠳᠤ‌‍ᠰᠤᠷᠭᠠᠭᠤᠯᠢ ᠶᠢᠨ ᠰᠣᠷᠣᠭᠴᠢ ᠪᠤᠶᠤ ᠨᠠᠰᠤᠨ ᠳᠤ ᠥᠯᠥ ᠬᠦᠷᠦᠭᠰᠡᠳ ᠲᠤ ᠬᠠᠨᠳᠤᠭᠤᠯᠤᠭᠰᠠᠨ  ᠤᠷᠠᠯᠢᠭ ᠤᠨ  ᠰᠢᠯᠭᠠᠯᠲᠠ ᠵᠢᠨ‌‍ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠤᠰᠬᠠᠶ ᠵᠠᠰᠠᠯᠲᠠ ᠶᠢᠨ ᠠᠵᠢᠯᠯᠠᠭ᠎ᠠ ᠥᠷᠨᠢᠭᠦᠯᠪᠡ᠃         ᠲᠤᠰᠬᠠᠶ ᠠᠵᠢᠯᠯᠠᠭ᠎ᠠ ᠨᠢ ᠳᠥᠷᠪᠡᠨ ᠲᠠᠯ᠎ᠠ ᠶᠢᠨ ᠠᠵᠢᠯ ᠳᠤ ᠠᠩᠬᠠᠷᠤᠯ ᠢᠶᠠᠨ  ᠲᠥᠪᠯᠡᠷᠡᠭᠦᠯᠦᠨ᠎ᠡ᠄  ᠪᠥᠬᠦ  ᠲᠠᠯ᠎ᠠ ᠪᠠᠷ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠵᠤ᠂ ᠦᠨᠡᠮᠯᠡᠯ ᠥᠬᠡᠶ ᠪᠠᠷ  ᠰᠤᠷᠭᠠᠭᠤᠯᠢ  ᠡᠷᠭᠢᠯᠡᠬᠦ  ᠪᠠᠶᠢᠭᠤᠯᠤᠮᠵᠢ ᠶᠢ  ᠬᠠᠤᠯᠢ‌‍ᠶᠣᠰᠣᠭᠠᠷ ᠪᠠᠶᠢᠴᠠᠭᠠᠨ ᠰᠢᠢᠳᠪᠤᠷᠢᠯᠡᠨ᠎ᠡ︔ ᠠᠵᠢᠯᠯᠠᠭᠰᠠᠳ ᠤᠨ ᠬᠢᠷᠢ ᠬᠡᠮ ᠢ ᠬᠢᠨᠠᠨ ᠪᠠᠶᠢᠴᠠᠭᠠᠵᠤ᠂ ᠱᠠᠭᠠᠷᠳᠠᠯᠭ᠎ᠠ ᠳᠤ  ᠨᠡᠶᠢᠴᠡᠬᠦ‌ᠦᠭᠡᠶ ᠠᠵᠢᠯᠯᠠᠭᠰᠠᠳ ᠢ ᠬᠠᠤᠯᠢ ᠶᠣᠰᠣᠭᠠᠷ ᠴᠡᠪᠡᠷᠯᠡᠨ ᠪᠤᠴᠠᠭᠠᠨ᠎ᠠ︔ ᠪᠡᠯᠭᠡ ᠶᠢᠨ ᠬᠠᠯᠳᠠᠯᠭ᠎ᠠ ᠬᠢᠬᠦ᠂ ᠱᠠᠯᠢᠭᠯᠠᠵᠤ  ᠰᠠᠨᠳᠠᠭᠠᠬᠤ ᠵᠡᠷᠭᠡ ᠨᠠᠰᠤᠨ ᠳᠤ ᠥᠯᠥ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠬᠠᠯᠳᠠᠭᠰᠠᠨ ᠬᠠᠤᠯᠢ ᠠᠴᠠ  ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠠᠢ ᠴᠣᠬᠢᠯᠲᠠ ᠥᠭᠭᠦᠨ᠎ᠡ︔ ᠪᠠᠶᠢᠭᠤᠯᠤᠮᠵᠢ ᠶᠢᠨ  ᠬᠤᠳᠠᠯ  ᠬᠠᠭᠤᠷᠮᠠᠭ  ᠤᠬᠠᠭᠤᠯᠭ᠎ᠠ  ᠬᠢᠬᠦ᠂ᠤᠤᠯ ᠦᠨ᠎ᠡ ᠶᠢ ᠬᠤᠳᠠᠯ ᠢᠶᠠᠷ ᠵᠣᠬᠢᠶᠠᠬᠤ᠂ ᠦᠨ᠎ᠡ ᠬᠠᠩᠰᠢ ᠶᠢᠨ ᠮᠡᠬᠡᠯᠡᠯ ᠬᠢᠬᠦ ᠵᠡᠷᠭᠡ ᠰᠢᠯᠭᠠᠨ ᠡᠯᠰᠡᠬᠦ ᠳᠤ  ᠬᠤᠯᠪᠣᠭᠳᠠᠭᠰᠠᠨ‌ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠤᠷᠢᠯᠡᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号