ᠮᠤᠩᠭᠤᠯ ᠪᠦᠬᠡ ᠶᠢᠨ ᠡᠭᠦᠰᠣᠯ
ᠨᠡᠶᠢᠲᠡᠯᠡᠭᠰᠡᠨ ᠴᠠᠭ᠄
2022/11/22
    ᠮᠤᠩᠭᠤᠯᠴᠤᠳ ᠤᠨ ᠪᠦᠬᠡ ᠪᠠᠷᠢᠯᠳᠤᠬᠤ ᠨᠠᠭᠠᠳᠤᠮ ᠪᠠᠷᠤᠭ ᠤᠪᠤᠭ ᠲᠦᠷᠦᠯ ᠤᠨ ᠨᠡᠶᠢᠭᠡᠮ ᠤᠨ ᠦᠶ᠎ᠡ ᠳᠤ ᠡᠭᠦᠰᠴᠤ ᠬᠦᠭᠵᠢᠵᠠᠢ᠃ ᠤᠴᠢᠷ ᠨᠢ ᠳᠡᠷᠡ ᠦᠶ᠎ᠡ ᠳᠤ ᠬᠦᠮᠦᠰ ᠭᠤᠤᠯᠳᠠᠭᠤ ᠠᠩᠨᠠᠬᠤ ᠠᠵᠤ ᠠᠬᠤᠢ ᠳᠤ ᠲᠦᠰᠢᠭᠯᠡᠨ᠂ ᠠᠷᠢᠶᠠᠳᠠᠨ ᠬᠦᠷᠦᠭᠡᠰᠤ ᠯᠦᠭᠡ ᠲᠡᠮᠡᠴᠡᠵᠤ᠂ ᠠᠮᠢ ᠵᠢᠭᠤᠳᠠᠭ ᠪᠠᠶᠢᠵᠠᠢ᠃ ᠵᠠᠷᠢᠮ ᠳᠠᠭᠠᠨ ᠤᠷᠤᠰᠢᠵᠤ ᠲᠤᠭᠲᠠᠨᠢᠬᠤ ᠶᠢᠨ ᠲᠥᠯᠥᠭᠡ ᠤᠶᠢᠷ᠎ᠠ ᠬᠠᠪᠢ ᠶᠢᠨ ᠪᠤᠰᠤᠳ ᠤᠪᠤᠭ ᠨᠤᠳᠤᠭ ᠤᠨ ᠬᠢᠨ ᠲᠠᠢ ᠲᠡᠮᠡᠴᠡᠳᠡᠭ᠃ ᠢᠩᠬᠢᠵᠤ ᠵᠢᠭᠤᠷᠤᠯᠳᠤᠨ ᠲᠡᠮᠡᠴᠡᠯᠳᠦᠬᠦ ᠳᠤ ᠡᠷ᠎ᠡ ᠶᠢᠨ ᠴᠢᠳᠠᠯ ᠳᠡᠩᠬᠡᠬᠡ᠂ ᠠᠷᠭ᠎ᠠ ᠮᠡᠭᠡ ᠲᠤᠩ ᠴᠢᠬᠤᠯᠠ ᠲᠠᠢ ᠲᠤᠯᠠ ᠪᠡᠶ᠎ᠡ ᠪᠠᠷ ᠶᠡᠭᠡ ᠬᠦᠴᠦ ᠲᠠᠮᠢᠷ ᠰᠠᠶᠢᠳᠠᠢ ᠡᠷᠡᠴᠤᠳ ᠢ ᠰᠢᠯᠢᠵᠤ ᠪᠤᠯᠪᠠᠰᠤᠷᠠᠭᠤᠯᠤᠨ ᠰᠤᠷᠢᠬᠤ ᠶᠠᠪᠤᠳᠠᠯ ᠡᠭᠦᠰᠴᠠᠢ᠃ ᠬᠤᠵᠢᠮ ᠦᠢᠯᠡᠳᠪᠦᠷᠢᠯᠡᠯ ᠤᠨ ᠬᠦᠴᠦᠨ ᠤ ᠬᠦᠭᠵᠢᠯᠳᠡ ᠠᠴᠠ ᠪᠤᠯᠵᠤ᠂ ᠠᠩᠨᠠᠬᠤ ᠠᠵᠤ ᠠᠬᠤᠢ ᠠᠴᠠ ᠭᠠᠳᠠᠨ᠎ᠠ ᠪᠠᠰᠠ ᠮᠠᠯ ᠠᠵᠤ ᠠᠬᠤᠢ ᠶᠢ ᠳᠠᠭᠠᠯᠳᠤᠭᠤᠯᠤᠨ ᠡᠵᠡᠩᠨᠡᠵᠤ ᠡᠬᠢᠯᠡᠭᠰᠡᠨ ᠠᠴᠠ ᠡᠮᠨᠢᠭ ᠦᠬᠡᠷ᠂ ᠮᠤᠷᠢ ᠶᠢ ᠰᠤᠷᠭᠠᠨ ᠠᠷᠠᠴᠢᠯᠠᠬᠤ ᠳᠤ ᠡᠷ᠎ᠡ ᠶᠢᠨ ᠬᠦᠴᠦ ᠲᠤᠷᠪᠢ ᠱᠠᠭᠠᠷᠳᠠᠭᠳᠠᠬᠤ ᠪᠤᠯᠪᠠ᠃ ᠡᠶᠢᠮᠤ ᠠᠴᠠ ᠨᠤᠴᠤᠯᠳᠤᠵᠤ ᠪᠠᠷᠢᠯᠳᠤᠬᠤ ᠮᠡᠷᠭᠡᠵᠢᠯ ᠤᠪᠤᠭ ᠲᠦᠷᠦᠯ ᠤᠨ ᠦᠶ᠎ᠡ ᠶᠢᠨ ᠡᠷᠡᠭᠳᠡᠢ ᠡᠮᠡᠭᠳᠡᠶᠢᠴᠤᠳ ᠤᠨ ᠵᠠᠪᠠᠯ ᠡᠵᠡᠮᠰᠢᠬᠦ ᠳᠠᠰᠬᠠᠯ ᠪᠠᠶᠢᠭᠰᠡᠨ ᠪᠠ ᠠᠭᠠᠵᠢᠮ ᠢᠶᠠᠷ ᠪᠠᠰᠠ ᠤᠪᠤᠭ ᠲᠦᠷᠦᠯ ᠤᠨ ᠦᠶ᠎ᠡ ᠶᠢᠨ ᠰᠤᠷᠭᠠᠨ ᠬᠦᠮᠦᠵᠢᠯ ᠤᠨ ᠨᠢᠭᠡᠨ ᠴᠢᠬᠤᠯᠠ ᠠᠭᠤᠯᠭ᠎ᠠ ᠪᠤᠯᠪᠠ᠃ ᠰᠡᠭᠦᠯᠡᠷ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠨᠡᠩ ᠬᠦᠭᠵᠢᠵᠦ᠂ ᠠᠩᠬᠢ ᠪᠤᠢ ᠪᠤᠯᠤᠭᠠᠳ᠂ ᠪᠠᠶᠠᠨ ᠶᠠᠳᠠᠭᠤ ᠤᠰᠤ ᠲᠤᠰᠤ ᠰᠢᠭ᠋ ᠢᠯᠭᠠᠷᠠᠭᠰᠡᠨ ᠪᠠ ᠤᠪᠤᠭ ᠠᠶᠢᠮᠠᠭ ᠤᠨ ᠲᠦᠷᠦᠭᠦᠴᠤᠳ ᠨᠢ ᠪᠤᠰᠤᠳ ᠤᠪᠤᠭ ᠠᠶᠢᠮᠠᠭ ᠤᠨ ᠠᠳᠤᠭᠤ ᠮᠠᠯ᠂ ᠨᠤᠳᠤᠭ ᠪᠡᠯᠴᠢᠭᠡᠷ᠂ ᠠᠩ ᠤᠨ ᠲᠠᠯᠠᠪᠠᠢ ᠶᠢ ᠨᠢ ᠪᠤᠯᠢᠶᠠᠨ ᠳᠡᠭᠡᠷᠡᠮᠳᠡᠬᠦ ᠶᠢᠨ ᠲᠦᠯᠦᠭᠡ ᠳᠡᠶᠢᠨ ᠳᠡᠵᠢᠨ ᠡᠭᠦᠰᠭᠡᠵᠤ ᠡᠬᠢᠯᠡᠪᠡ᠃ ᠳᠡᠷᠡ ᠦᠶᠡᠰ ᠭᠤᠤᠯᠳᠠᠭᠤ ᠨᠤᠮᠤ ᠰᠤᠮᠤ᠂ ᠪᠢᠯᠠᠭᠤ ᠰᠢᠳᠡᠮ᠂ ᠢᠯᠳᠤ ᠵᠢᠳᠡ ᠵᠡᠷᠭᠡ ᠪᠦᠳᠦᠭᠦᠯᠢᠭ ᠵᠠᠪᠰᠡᠭ ᠢ ᠬᠡᠷᠡᠭᠯᠡᠵᠤ ᠪᠠᠶᠢᠭᠰᠡᠨ ᠲᠤᠯᠠ ᠲᠠᠷᠢᠬᠢ ᠬᠤᠷᠴᠠ᠂ ᠬᠦᠴᠦ ᠶᠡᠭᠡ᠂ ᠬᠦᠳᠡᠯᠭᠡᠭᠡᠨ ᠱᠠᠯᠠᠮᠠᠭᠠᠢ ᠪᠠᠶᠢᠬᠤ ᠬᠡᠷᠡᠭᠳᠠᠢ ᠪᠤᠯᠪᠠ᠃ ᠡᠶᠢᠮᠤ ᠠᠴᠠ ᠪᠦᠬᠡ ᠶᠢᠨ ᠪᠠᠷᠢᠯᠳᠤᠭᠠᠨ ᠨᠢ ᠦᠢᠯᠡᠳᠪᠤᠷᠢᠯᠡᠯ ᠳᠤ ᠠᠰᠢᠭᠯᠠᠭᠳᠠᠵᠤ ᠪᠠᠶᠢᠭᠰᠡᠨ ᠠᠴᠠ ᠪᠠᠨ ᠴᠡᠷᠢᠭ ᠳᠠᠶᠢᠨ ᠳᠤ ᠦᠢᠯᠡᠴᠢᠯᠡᠬᠦ ᠠᠭᠤᠯᠭ᠎ᠠ ᠲᠠᠢ ᠪᠤᠯᠤᠨ ᠬᠦᠭᠵᠢᠵᠠᠢ᠃ ᠭᠡᠪᠡᠴᠤ ᠡᠷᠳᠡᠨ ᠤ ᠳᠠᠶᠢᠨ ᠪᠠᠶᠢᠯᠳᠤᠭᠠᠨ ᠤ ᠡᠭᠦᠰᠦᠯᠳᠡ ᠨᠢ ᠦᠢᠯᠡᠳᠪᠦᠷᠢᠯᠡᠯ ᠤᠨ ᠬᠦᠴᠦᠨ ᠤ ᠬᠦᠭᠵᠢᠯᠳᠡ ᠪᠠ ᠪᠤᠳᠠᠰ ᠤᠨ ᠠᠮᠢᠳᠤᠷᠠᠯ ᠤᠨ ᠪᠠᠶᠠᠯᠢᠭᠵᠢᠵᠤ ᠪᠠᠶᠢᠭ᠎ᠠ ᠶᠢᠨ ᠰᠢᠨᠵᠢ ᠳᠡᠮᠳᠡᠭ ᠲᠤᠯᠠ ᠡᠨᠡᠬᠦ ᠪᠤᠳᠠᠰ ᠤᠨ ᠠᠮᠢᠳᠤᠷᠠᠯ ᠤᠨ ᠤᠯᠠᠮ ᠨᠢᠭᠡ ᠠᠯᠬᠤᠮ ᠪᠠᠶᠠᠯᠢᠭᠵᠢᠨ ᠬᠦᠭᠵᠢᠬᠦ᠋ᠢ ᠲᠠᠭᠠᠯᠳᠤᠨ ᠨᠠᠶᠢᠷ ᠨᠠᠭᠠᠳᠤᠮ ᠢᠶᠠᠷ ᠭᠤᠤᠯᠯᠠᠭᠰᠡᠨ ᠰᠤᠶᠤᠯ ᠤᠨ ᠠᠮᠢᠳᠤᠷᠠᠯ ᠠᠭᠠᠵᠢᠮ ᠢᠶᠠᠷ ᠱᠠᠭᠠᠷᠳᠠᠭᠳᠠᠬᠤ ᠪᠤᠯᠤᠭᠰᠡᠨ ᠪᠢᠯᠡ᠃ ᠡᠶᠢᠮᠦ ᠠᠴᠠ ᠬᠦᠮᠦᠰ ᠦᠢᠯᠡᠳᠪᠦᠷᠢᠯᠡᠯ᠂ ᠲᠡᠶᠢᠨ ᠪᠠᠶᠢᠯᠳᠤᠭᠠᠨ ᠳᠤ ᠵᠤᠷᠢᠭᠤᠯᠵᠤ ᠪᠠᠶᠢᠭᠰᠡᠨ ᠪᠦᠬᠡ ᠶᠢᠨ ᠪᠠᠷᠢᠯᠳᠤᠭᠠᠨ ᠢᠶᠠᠨ ᠪᠠᠰᠠ ᠡᠩ ᠤᠨ ᠵᠤᠭ᠎ᠠ ᠨᠠᠭᠠᠳᠤᠮ ᠳᠤ ᠤᠷᠤᠭᠤᠯᠤᠨ ᠠᠰᠢᠬᠯᠠᠬᠤ ᠪᠤᠯᠤᠭᠰᠡᠨ ᠪᠠᠶᠢᠨ᠎ᠠ᠃    
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号