ᠡᠷᠢᠶᠡᠨ ᠬᠤᠲᠠ ᠶᠢᠨ ᠪᠣᠭᠤᠮᠲᠠ ᠶᠢᠨ 2022 ᠣᠨ ᠤ 1 ︱ 4 ᠰᠠᠷ᠎ᠠ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2022/11/22
      2022 ᠣᠨ ᠤ 1 ︱ 4 ᠰᠠᠷ᠎ᠠ ᠳᠤ ᠡᠷᠢᠶᠡᠨ ᠬᠤᠲᠠ ᠶᠢᠨ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 945 ᠪᠠᠶᠢᠵᠤ᠂ ᠠᠳᠠᠯᠢ ᠬᠤᠭᠤᠴᠠᠭᠠᠨ ᠤ  ᠬᠢ ᠠᠴᠠ 19.9% ᠪᠠᠷ ᠨᠡᠮᠡᠭᠳᠡᠪᠡ᠃ᠡᠭᠦᠨ ᠳᠤ᠂ ᠬᠢᠯᠢ ᠪᠠᠷ ᠣᠷᠣᠵᠤ ᠢᠷᠡᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 459 ᠪᠤᠢ︔ᠬᠢᠯᠢ ᠠᠴᠠ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 486 ᠪᠤᠢ᠃ᠣᠲᠣ ᠪᠣᠯᠲᠠᠯ᠎ᠠ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠳᠡᠮᠵᠢᠨ ᠨᠡᠪᠲᠡᠷᠡᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠱᠤᠭᠤᠮ ᠨᠢᠭᠡᠨᠲᠡ 57 ᠵᠤᠷᠪᠤᠰ ᠪᠣᠯᠵᠤ᠂ ᠭᠠᠳᠠᠭᠠᠳᠤ ᠶᠢᠨ ᠪᠠᠷᠠᠭᠠᠨ ᠤ ᠢᠷᠡᠯᠲᠡ ᠶᠢᠨ ᠭᠠᠵᠠᠷ ᠨᠢ ᠭᠤᠣᠯᠳᠠᠭᠤ ᠭᠧᠷᠮᠠᠨ᠂ ᠫᠤᠯᠠᠨᠳ᠋᠂ ᠣᠷᠣᠰ᠂ ᠪᠧᠯᠤᠷᠦᠶᠢᠰ᠂ ᠮᠣᠩᠭᠤᠯ ᠵᠡᠷᠭᠡ ᠠᠷᠪᠠ ᠭᠠᠷᠤᠢ ᠤᠯᠤᠰ ᠤᠨ 60 ᠭᠠᠷᠤᠢ ᠬᠤᠲᠠ ᠳᠤ ᠬᠤᠯᠪᠣᠭᠳᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠥᠷᠥᠯ ᠵᠦᠢᠯ ᠡᠳᠦᠷ ᠢᠷᠡᠬᠦᠶ᠎ᠡ ᠪᠠᠶᠠᠯᠢᠭᠵᠢᠵᠤ᠂ ᠬᠢᠵᠢᠭ ᠤᠨ ᠪᠠᠶᠢᠳᠠᠯ ᠳᠣᠣᠷ᠎ᠠ ᠡᠷᠢᠶᠡᠨ ᠬᠤᠲᠠ ᠶᠢᠨ ᠪᠣᠭᠤᠮᠲᠠ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠲᠤᠭ᠎ᠠ ᠲᠣᠭᠲᠠᠭᠤᠨ ᠢᠶᠠᠷ ᠨᠡᠮᠡᠭᠳᠡᠬᠦ ᠶᠢ ᠦᠷᠭᠦᠯᠵᠢᠯᠡᠨ ᠪᠠᠲᠤᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号