︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠢᠵᠢᠭ ᠢ ᠡᠰᠡᠷᠭᠦᠴᠡᠬᠦ ᠳᠤ ᠵᠠᠪᠠᠯ ᠢᠯᠠᠯᠲᠠ ᠣᠯᠣᠶ᠎ᠠ · ᠪᠠᠷᠠᠭᠠᠨ ᠤ ᠲᠡᠭᠡᠭᠡᠪᠦᠷᠢ ᠶᠢ ᠲᠣᠭᠲᠠᠪᠤᠷᠢᠵᠢᠭᠤᠯᠵᠤ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠶ᠎ᠠ︾ ᠡᠷᠢᠶᠡᠨ ᠬᠤᠲᠠ ᠶᠢᠨ ᠬᠢᠯᠢ ᠶᠢᠨ ᠪᠠᠶᠢᠴᠠᠭᠠᠯᠲᠠ ᠶᠢᠨ ᠥᠷᠲᠡᠭᠡ᠄ ᠰᠠᠯᠬᠢ ᠰᠢᠭᠤᠷᠭᠠᠨ ᠤ ᠳᠤᠮᠳᠠᠭᠤᠷ ᠪᠣᠭᠤᠮᠲᠠ ᠪᠠᠷ ᠥᠩᠭᠡᠷᠡᠬᠦ ᠶᠢ ᠪᠠᠲᠤᠯᠠᠨ᠎ᠠ
ᠨᠡᠶᠢᠲᠡᠯᠡᠭᠰᠡᠨ ᠴᠠᠭ᠄
2022/11/25
    ᠬᠦᠢᠲᠡᠨ ᠠᠭᠤᠷ ᠠᠮᠢᠰᠬᠤᠯ ᠤᠨ ᠨᠥᠯᠥᠭᠡ ᠪᠠᠷ᠂ 11 ᠰᠠᠷ᠎ᠠ ᠶᠢᠨ 11 ᠤ ᠡᠳᠦᠷ᠂ ᠡᠬᠡ ᠤᠯᠤᠰ ᠤᠨ ᠣᠮᠠᠷᠠᠳᠦ ᠵᠦᠭ ᠲᠤ ᠪᠠᠶᠢᠷᠢᠯᠠᠵᠦ ᠪᠠᠶᠢᠭ᠎ᠠ ᠥᠪᠥᠷ ᠮᠣᠩᠭᠤᠯ ᠤᠨ ᠡᠷᠢᠶᠡᠨ ᠬᠤᠲᠠ ᠳᠤ ᠡᠪᠦᠯ ᠤᠨ ᠠᠭᠤᠷ ᠣᠷᠣᠭᠰᠠᠨ ᠤ ᠳᠠᠷᠠᠭᠠᠬᠢ ᠠᠩᠬᠠᠨ ᠤ ᠴᠠᠰᠤ ᠣᠷᠣᠵᠤ᠂ ᠬᠠᠮᠤᠭ ᠤᠨ ᠳᠣᠣᠷ᠎ᠠ ᠳᠤᠯᠠᠭᠠᠨ ᠤ ᠬᠡᠮᠵᠢᠶ᠎ᠡ ᠲᠡᠭ ᠠᠴᠠ ᠳᠣᠷᠣᠭᠰᠢ 10℃ ᠪᠣᠯᠲᠠᠯ᠎ᠠ ᠳᠣᠷᠣᠭᠰᠢᠯᠠᠪᠠ᠂ ᠲᠤᠬᠠᠢ ᠶᠢᠨ ᠭᠠᠵᠠᠷ ᠤᠨ ᠴᠠᠭ ᠠᠭᠤᠷ ᠤᠨ ᠲᠣᠪᠴᠢᠶ᠎ᠠ ᠴᠠᠰᠤᠨ ᠰᠢᠭᠤᠷᠭ᠎ᠠ ᠶᠢᠨ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠪᠡ᠃
     ᠬᠦᠢᠳᠡᠨ ᠮᠠᠭᠤᠬᠠᠢ ᠴᠠᠭ ᠠᠭᠤᠷ ᠤᠨ ᠨᠦᠬᠦᠴᠡᠯ ᠳᠣᠣᠷ᠎ᠠ᠂ ᠪᠣᠭᠤᠮᠲᠠ ᠪᠠᠷ ᠥᠩᠭᠡᠷᠡᠬᠦ ᠳᠤ ᠦᠵᠡᠭᠦᠯᠬᠦ ᠨᠥᠯᠥᠭᠡ ᠶᠢ ᠪᠠᠭᠠᠰᠬᠠᠬᠤ ᠶᠢᠨ ᠳᠣᠯᠠᠳᠠ᠂ ᠣᠯᠣᠰ ᠤᠨ ᠡᠬᠦᠳᠠ ᠪᠣᠭᠤᠮᠲᠠ ᠶᠢᠨ ᠡᠮᠦᠨ᠎ᠡ ᠹᠷᠣᠨᠲ ᠲᠤ ᠰᠠᠬᠢᠨ ᠰᠠᠭᠤᠵᠤ ᠪᠠᠶᠢᠭ᠎ᠠ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠢ ᠥᠷᠲᠡᠭᠡ ᠶᠢᠨ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠭᠦᠷᠭᠡ ᠭᠦᠢᠴᠡᠳᠬᠡᠬᠦ ᠴᠠᠭᠳᠠᠭᠠᠨ ᠤ ᠬᠦᠴᠦᠨ ᠢ ᠴᠠᠭ ᠲᠤᠬᠠᠢ ᠳᠤᠨᠢ ᠨᠡᠮᠡᠨ ᠲᠣᠮᠢᠯᠠᠵᠤ᠂ ᠬᠢᠯᠢ ᠪᠠᠷ ᠣᠷᠣᠵᠤ ᠭᠠᠷᠬᠤ ᠲᠡᠷᠭᠡ ᠬᠥᠰᠬᠡ ᠶᠢ ᠪᠠᠶᠢᠴᠠᠭᠠᠨ ᠰᠢᠯᠭᠠᠬᠤ ᠬᠤᠷᠳᠤᠴᠠ ᠶᠢ ᠲᠦᠷᠭᠡᠳᠬᠡᠨ᠂ ᠬᠦᠢᠳᠡᠨ ᠮᠠᠭᠤᠬᠠᠢ ᠴᠠᠭ ᠠᠭᠤᠷ ᠤᠨ ᠨᠦᠬᠦᠴᠡᠯ ᠳᠣᠣᠷ᠎ᠠ ᠪᠣᠭᠤᠮᠲᠠ ᠪᠠᠷ ᠥᠩᠭᠡᠷᠡᠬᠦ ᠳᠤ ᠠᠮᠤᠷ ᠲᠦᠪᠰᠢᠨ ᠰᠠᠭᠠᠳ ᠦᠭᠡᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠳᠣᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号