︽ᠤᠯᠠᠨ ᠢᠶᠠᠷ ᠢᠶᠠᠨ ᠬᠦᠴᠦ ᠪᠠᠨ ᠬᠠᠮᠲᠤᠳᠬᠠᠵᠤ ᠬᠢᠵᠢᠭ ᠢ ᠡᠰᠡᠷᠭᠦᠴᠡᠪᠡᠯ ᠯᠠᠪᠲᠠᠢ ᠢᠯᠠᠨ᠎ᠠ︾  ᠠᠪᠠᠭ᠎ᠠ ᠬᠤᠰᠢᠭᠤᠨ ᠤ ᠬᠢᠵᠢᠭ ᠤᠨ ᠪᠠᠶᠢᠳᠠᠯ ᠢ ᠡᠵᠡᠮᠳᠡᠬᠦ ᠳᠤ ᠳᠣᠰᠠᠯᠠᠬᠤ ᠪᠠᠷ ᠣᠴᠢᠭᠰᠠᠨ ᠡᠩᠨᠡᠭᠡ ᠢᠯᠠᠯᠲᠠ ᠲᠠᠢ ᠪᠠᠷ ᠪᠤᠴᠠᠵᠤ ᠢᠷᠡᠪᠡ︕
ᠨᠡᠶᠢᠲᠡᠯᠡᠭᠰᠡᠨ ᠴᠠᠭ᠄
2022/11/25
   11 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠲᠠ ᠶᠢᠨ ᠠᠪᠠᠭ᠎ᠠ ᠬᠤᠰᠢᠭᠤᠨ ᠤ ᠬᠢᠵᠢᠭ ᠤᠨ ᠪᠠᠶᠢᠳᠠᠯ ᠢ ᠡᠵᠡᠮᠳᠡᠬᠦ ᠳᠤ ᠳᠣᠰᠠᠯᠠᠬᠤ ᠪᠠᠷ ᠣᠴᠢᠭᠰᠠᠨ ᠮᠠᠰᠢᠨ ᠲᠡᠷᠭᠡ ᠶᠢ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠡᠭᠦᠳᠡᠨ ᠡᠮᠦᠨ᠎ᠡ ᠠᠯᠭᠤᠷᠬᠠᠨ ᠢᠶᠠᠷ ᠵᠣᠭᠰᠣᠭᠠᠪᠠ᠃ ᠮᠠᠨ ᠤ ᠬᠤᠲᠠ ᠳᠥᠭᠦᠮᠬᠡᠨ ᠤᠭᠲᠤᠬᠤ ᠶᠣᠰᠣᠯᠠᠯ ᠶᠠᠪᠤᠭᠤᠯᠵᠤ᠂ ᠲᠤᠰᠠᠯᠠᠬᠤ ᠠᠩᠭᠢ ᠶᠢᠨ ᠢᠯᠠᠯᠲᠠ ᠲᠠᠢ ᠪᠠᠷ ᠪᠤᠴᠠᠵᠤ ᠢᠷᠡᠭᠰᠡᠨ ᠢ ᠬᠠᠯᠠᠭᠤᠨ ᠢᠶᠠᠷ ᠤᠭᠲᠤᠪᠠ᠃
 ᠣᠯᠠᠨ ᠡᠳᠦᠷ ᠤᠨ ᠳᠠᠷᠠᠭ᠎ᠠ᠂ ᠮᠠᠨ ᠤ ᠬᠤᠲᠠ   ᠶᠢᠨ ᠠᠪᠠᠭ᠎ᠠ ᠬᠤᠰᠢᠭᠤᠨ ᠳᠤ ᠲᠤᠰᠠᠯᠠᠬᠤ ᠪᠠᠷ ᠣᠴᠢᠭᠰᠠᠨ 45 ᠬᠥᠮᠥᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ  ᠲᠠᠢ ᠪᠡᠶᠡᠯᠡᠭᠦᠯᠵᠦ᠂ ᠠᠮᠤᠷ ᠲᠦᠪᠰᠢᠨ ᠢᠯᠠᠯᠲᠠ ᠲᠠᠢ ᠪᠠᠷ ᠪᠤᠴᠠᠵᠤ ᠢᠷᠡᠪᠡ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠣᠯᠠᠨ ᠳᠤ ᠲᠠᠯᠠᠷᠬᠠᠯ ᠢᠶᠠᠨ ᠢᠯᠡᠳᠬᠡᠵᠦ᠂ ᠣᠯᠠᠨ ᠢᠶᠠᠷ ᠢᠶᠠᠨ ᠥᠨᠳᠥᠷ ᠶᠠᠰᠤ ᠴᠢᠨᠠᠷ ᠲᠠᠢ᠂ ᠥᠨᠳᠥᠷ ᠪᠠᠷᠢᠮᠵᠢᠶ᠎ᠠ ᠪᠠᠷ ᠡᠭᠦᠷᠭᠡ ᠪᠠᠨ ᠪᠡᠶᠡᠯᠡᠭᠦᠯᠵᠦ᠂ ᠰᠢᠯᠢᠳᠡᠭ ᠭᠦᠢᠴᠡᠳᠬᠡᠬᠦ ᠴᠢᠳᠠᠪᠤᠷᠢ ᠪᠠ ᠨᠠᠷᠢᠯᠢᠭ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠢᠯᠡᠷᠡᠭᠦᠯᠦᠭᠰᠡᠨ ᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡᠴᠢᠯᠡᠨ ᠤᠯᠠᠨ ᠢᠶᠠᠷ ᠢᠶᠠᠨ ᠬᠤᠶᠢᠰᠢᠳᠠ ᠶᠢᠨ ᠠᠵᠢᠯ ᠤᠨ ᠪᠠᠶᠢᠷᠢ ᠳᠡᠭᠡᠷ᠎ᠡ ᠪᠠᠨ ᠦᠷᠭᠦᠯᠵᠢᠯᠡᠨ ᠭᠡᠷᠡᠯ ᠭᠢᠯᠪᠠᠭ᠎ᠠ ᠪᠠᠨ ᠪᠠᠳᠠᠷᠠᠭᠤᠯᠵᠤ᠂ ᠵᠠᠯᠠᠭᠤ ᠨᠠᠰᠤᠨ ᠳᠠᠭᠠᠨ ᠣᠰᠣᠯᠳᠠᠬᠤ ᠦᠭᠡᠢ᠂ ᠴᠠᠭ ᠦᠶ᠎ᠡ ᠳᠡᠭᠡᠨ ᠣᠰᠣᠯᠳᠠᠬᠤ ᠦᠭᠡᠢ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠪᠡ᠃
   ᠲᠤᠰᠠᠯᠠᠬᠤ ᠠᠩᠭᠢ ᠶᠢᠨ ᠭᠡᠰᠢᠭᠦᠳ᠂ ᠬᠠᠷᠢᠭᠤᠴᠠᠯᠭ᠎ᠠ ᠡᠭᠦᠷᠭᠡᠯᠡᠬᠦ ᠪᠠ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠨᠡᠩ ᠡᠷᠡᠭᠦᠯ ᠴᠢᠭᠢᠷᠠᠭ ᠪᠡᠶ᠎ᠡ ᠮᠠᠬᠠᠪᠤᠳ᠂ ᠨᠡᠩ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠴᠤᠭ ᠪᠠᠳᠠᠷᠠᠩᠭᠤᠢ ᠲᠡᠮᠡᠴᠡᠯ ᠤᠨ ᠳᠦᠷᠰᠦ ᠪᠠᠶᠢᠳᠠᠯ ᠢᠶᠠᠷ ᠠᠵᠢᠯ ᠤᠨ ᠪᠠᠶᠢᠷᠢ ᠳᠠᠭᠠᠨ ᠪᠤᠴᠠᠵᠤ᠂ ᠥᠷᠭᠡᠨ ᠤᠯᠠᠨ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠦᠷᠭᠦᠯᠵᠢᠯᠡᠨ ᠬᠠᠮᠠᠭᠠᠯᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号