【ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ  ᠢ ᠰᠢᠯᠢᠳᠡᠭᠵᠢᠬᠦᠯᠦᠶ᠎ᠡ】  ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠳᠡᠭᠡᠬᠦ ᠨᠢ ᠨᠡᠩ ᠬᠤᠷᠳᠣᠴᠠ ᠲᠠᠢ ᠪᠣᠯᠪᠠ
ᠨᠡᠶᠢᠲᠡᠯᠡᠭᠰᠡᠨ ᠴᠠᠭ᠄
2022/11/25
      ᠡᠨᠡ ᠵᠢᠯ ᠠᠴᠠ ᠨᠠᠰᠢ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ᠂ ᠪᠥᠬᠦ ᠲᠠᠯ᠎ᠠ ᠪᠠᠷ᠂ ᠪᠦᠬᠦᠯᠢ ᠴᠣᠭᠴᠠᠵᠢᠭᠤᠯᠤᠨ ᠠᠬᠢᠭᠤᠯᠵᠤ ᠂ ᠪᠣᠭᠤᠮᠲᠠ ᠶᠢᠨ ᠲᠡᠷᠢᠭᠦᠨ ᠵᠡᠷᠭᠡᠯᠡᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃
     ᠲᠠᠰ ᠳᠡᠪᠰᠢᠭᠦᠯᠦᠭᠰᠡᠨ ᠤ ᠳᠠᠷᠠᠭᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ ᠵᠢᠷᠤᠮᠵᠢᠭᠰᠠᠨ ᠲᠤᠬᠠᠶᠢᠯᠠᠭᠰᠠᠨ ᠠᠵᠢᠯ ᠤᠨ ᠴᠣᠩᠬᠤᠪᠴᠢ᠂ ᠤᠴᠢᠷ ᠶᠠᠪᠤᠳᠠᠯ ᠰᠢᠢᠳᠪᠦᠷᠢᠯᠡᠬᠦ ᠳᠤ ᠲᠠᠭᠠᠯᠠᠮᠵᠢᠲᠠᠢ ᠣᠷᠴᠢᠨ ᠲᠣᠭᠤᠷᠢᠨ᠂ ᠳᠥᠭᠦᠮ ᠳᠥᠲᠡ ᠲᠤᠬᠠᠶᠢᠯᠠᠭᠰᠠᠨ ᠠᠵᠢᠯ ᠤᠨ ᠶᠠᠪᠤᠴᠠ᠂ ᠪᠦᠷᠢᠨ ᠲᠡᠭᠦᠯᠳᠡᠷ ᠦᠢᠯᠡᠴᠢᠯᠡᠭᠡᠨ ᠤ ᠴᠢᠳᠠᠮᠵᠢ ᠳᠤ ᠬᠦᠷᠴᠦ᠂ ᠤᠴᠢᠷ ᠶᠠᠪᠤᠳᠠᠯ ᠰᠢᠢᠳᠪᠦᠷᠢᠯᠡᠬᠦ ᠪᠠᠷ ᠢᠷᠡᠭᠰᠡᠨ ᠣᠯᠠᠨ ᠲᠦᠮᠡᠨ ᠳᠤ ᠲᠥᠬᠦᠮ ᠲᠦᠷᠭᠡᠨ ᠳᠣᠲᠣᠨᠣ ᠦᠢᠯᠡᠴᠢᠯᠡᠭᠡ ᠶᠢ ᠦᠨᠡᠨ ᠬᠦ ᠮᠡᠳᠡᠷᠡᠬᠦᠯᠦᠨ᠎ᠡ᠃
     ᠥᠩᠭᠡᠷᠡᠭᠰᠡᠨ ᠳᠤ ᠬᠤᠲᠠ ᠶᠢᠨ ᠠᠷᠠᠳ ᠭᠡᠷᠡᠴᠢ ᠪᠢᠴᠢᠭ ᠠᠪᠬᠤ ᠳᠠᠭᠠᠨ ᠣᠯᠠᠨ ᠵᠦᠢᠯ ᠤᠨ ᠮᠠᠲ᠋ᠧᠷᠢᠶᠠᠯ ᠲᠤᠰᠢᠶᠠᠵᠤ᠂ ᠣᠯᠠᠨ ᠵᠦᠢᠯ ᠤᠨ ᠴᠣᠩᠬᠤᠪᠴᠢ ᠪᠠᠷ ᠭᠦᠶᠦᠬᠦ ᠳᠤ ᠴᠠᠭ ᠵᠠᠷᠤᠴᠠᠭᠤᠯᠬᠤ ᠮᠥᠷᠲᠡᠭᠡᠨ ᠬᠦᠴᠦ ᠪᠠᠷᠠᠳᠠᠭ ᠪᠠᠶᠢᠪᠠ᠃ ᠣᠳᠣᠬᠠᠨ ᠳᠤ᠂ ︽ᠬᠠᠮᠤᠭ ᠤᠯᠠᠨ ᠳᠠᠭᠠᠨ ᠨᠢᠭᠡ ᠤᠳᠠᠭ᠎ᠠ ᠭᠦᠶᠦᠬᠦ︾ ᠶᠢ ᠪᠡᠶᠡᠯᠡᠭᠦᠯᠵᠦ᠂ ᠬᠤᠳᠠ ᠶᠢᠨ ᠠᠷᠠᠳ ᠲᠤ ᠤᠴᠢᠷ ᠶᠠᠪᠤᠳᠠᠯ ᠪᠦᠲᠦᠭᠡᠬᠦ ᠳᠤ ︽ᠲᠦᠷᠭᠡᠨ ᠪᠥᠭᠡᠳ ᠰᠠᠶᠢᠨ︾ ᠪᠠᠶᠢᠬᠤ ᠶᠢᠨ ᠲᠦᠭᠦᠮ ᠢ ᠣᠶᠢᠯᠠᠭᠠᠭᠤᠯᠤᠭᠰᠠᠨ ᠪᠠᠶᠢᠨ᠎ᠠ᠃
    ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ᠂ ᠲᠥᠪ ᠠᠴᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ᠂ ᠲᠣᠭᠠᠴᠢᠯᠠᠯᠲᠠ ᠶᠢ ᠦᠷᠭᠦᠯᠵᠢᠯᠡᠨ ᠠᠳᠬᠤᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠯᠬᠤᠮ ᠳᠠᠷᠠᠭ᠎ᠠ ᠶᠢ ᠳᠥᠭᠦᠮᠴᠢᠯᠡᠨ᠂ ᠣᠷᠣᠨ ᠬᠤᠪᠢᠶᠠᠨ ᠬᠠᠮᠢᠶᠠᠷᠴᠤ᠂ ︽ᠣᠶᠤᠨᠲᠤ ᠵᠠᠰᠠᠭ ᠤᠨ ᠶᠠᠪᠤᠳᠠᠯ︾ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ︽ᠨᠢᠭᠡ ᠰᠦᠯᠵᠢᠶ᠎ᠡ ᠪᠠᠷ ᠭᠦᠢᠴᠡᠳᠬᠡᠬᠦ︾ ︽ᠨᠢᠭᠡ ᠤᠳᠠᠭ᠎ᠠ ᠳᠤ ᠭᠦᠢᠴᠡᠳᠬᠡᠬᠦ︾ ︽ᠠᠯᠠᠭᠠᠨ ᠳᠡᠭᠡᠷ᠎ᠡ ᠠᠴᠠ ᠭᠦᠢᠴᠡᠳᠬᠡᠬᠦ︾ ︽ᠲᠠᠨ ᠢ ᠬᠠᠪᠰᠤᠷᠤᠨ ᠭᠦᠢᠴᠡᠳᠬᠡᠬᠦ︾ ᠶᠢ ᠦᠢᠯᠡᠴᠢᠯᠡᠭᠡᠨ ᠤ ᠪᠠᠷᠢᠮᠵᠢᠶ᠎ᠠ ᠪᠣᠯᠭᠠᠵᠤ᠂ ᠥᠷᠭᠡᠨ ᠣᠯᠠᠨ ᠲᠦᠮᠡᠨ ᠳᠤ ᠵᠠᠰᠠᠭ ᠤᠨ ᠶᠠᠪᠤᠳᠠᠯ ᠤᠨ ᠴᠣᠩᠬᠤᠪᠴᠢ ᠶᠢᠨ ᠴᠠᠭ ᠦᠶ᠎ᠡ ᠲᠠᠢ ᠵᠡᠷᠭᠡ ᠪᠠᠷ ᠣᠷᠣᠭᠰᠢᠯᠠᠵᠦ᠂ ᠠᠷᠠᠳ ᠲᠤ ᠲᠥᠬᠦᠮ ᠦᠵᠡᠬᠦᠯᠵᠦ ᠪᠠᠶᠢᠭ᠎ᠠ ᠶᠢ ᠮᠡᠳᠡᠷᠡᠭᠦᠯᠦᠨ᠎ᠡ ᠭᠡᠪᠡ᠃
   ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠲᠤ ᠳᠦᠬᠦᠮ ᠦᠵᠡᠬᠦᠯᠵᠦ ᠠᠵᠤ ᠠᠬᠤᠶᠢᠯᠠᠯ ᠳᠤ ᠠᠰᠢᠭ ᠬᠦᠷᠳᠡᠬᠡᠬᠦ ᠪᠠᠷ ᠤᠳᠤᠷᠢᠳᠤᠮᠵᠢ ᠪᠣᠯᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠶᠢᠯᠡᠭᠰᠡᠨ ᠴᠣᠩᠬᠤᠪᠴᠢ︾ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ︽ᠨᠢᠭᠡ ᠡᠬᠦᠳᠠ᠂ ᠨᠢᠭᠡ ᠰᠦᠯᠵᠢᠶ᠎ᠡ᠂ ᠨᠢᠭᠡ ᠴᠣᠩᠬᠤᠪᠴᠢ᠂ ᠨᠢᠭᠡ ᠤᠳᠠᠭ᠎ᠠ︾ ᠶᠢᠨ ᠲᠣᠭᠤᠷᠢᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ︽ᠨᠢᠭᠡ ᠥᠷᠲᠡᠭᠡᠨ ᠤ ᠮᠠᠶ᠋ᠢᠭ︾ ᠤᠨ ᠴᠢᠳᠠᠮᠵᠢ ᠶᠢ ᠰᠢᠯᠢᠳᠡᠭᠵᠢᠭᠦᠯᠵᠦ᠂ ︽ᠨᠢᠭᠡ ᠴᠣᠩᠬᠤ ᠪᠠᠷ ᠭᠥᠯᠢᠶᠡᠨ ᠠᠪᠴᠤ᠂ ᠲᠥᠪᠯᠡᠷᠡᠭᠦᠯᠦᠨ ᠦᠢᠯᠡᠴᠢᠯᠡᠬᠦ︾ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠴᠢᠨᠠᠷ ᠰᠠᠶᠢᠲᠠᠢ ︽ᠦᠢᠯᠡᠴᠢᠯᠡᠭᠡᠨ ᠤ ᠵᠢᠭᠠᠯᠲᠠ ᠲᠤᠭ᠎ᠠ︾ ᠪᠠᠷ ᠣᠯᠠᠨ ᠲᠦᠮᠡᠨ ᠤ ︽ᠬᠠᠨᠣᠮᠵᠢ ᠶᠢᠨ ᠵᠢᠭᠠᠯᠲᠠ ᠲᠤᠭ᠎ᠠ︾ ᠶᠢ ᠳᠡᠭᠡᠭᠰᠢᠯᠡᠭᠦᠯᠪᠡ᠃       ᠣᠳᠣᠬᠠᠨ ᠳᠤ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ 24 ᠴᠠᠭ ᠤᠨ ᠥᠪᠡᠷᠲᠡᠭᠡᠨ ᠦᠢᠯᠡᠴᠢᠯᠡᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ  ᠶᠢ ᠲᠦᠷᠭᠡᠳᠬᠡᠨ ᠠᠬᠢᠭᠤᠯᠵᠤ᠂ ᠦᠢᠯᠡᠴᠢᠯᠡᠭᠡ ᠨᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠥᠯᠥ ᠬᠥᠳᠡᠯᠬᠦ ᠬᠥᠷᠥᠩᠭᠡ᠂ ᠳᠣᠲᠣᠭᠠᠳᠤ ᠶᠢ ᠬᠠᠮᠠᠭᠠᠯᠠᠬᠤ ᠬᠢᠯᠢ ᠪᠠᠷ ᠣᠷᠣᠵᠤ ᠭᠠᠷᠬᠤ ᠵᠡᠷᠭᠡ ᠶᠢ ᠬᠠᠮᠤᠷᠴᠤ᠂ ᠵᠠᠮ ᠬᠠᠷᠢᠯᠴᠠᠭᠠᠨ ᠤ ᠳᠦᠷᠢᠮ ᠠᠴᠠ ᠵᠥᠷᠢᠴᠡᠨ ᠡᠰᠡᠬᠦ ᠪᠠᠨ ᠪᠠᠶᠢᠴᠠᠭᠠᠨ ᠯᠠᠪᠯᠠᠬᠤ ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠨᠠᠷᠢᠨ ᠳᠠᠩᠰᠠ ᠪᠠᠨ ᠪᠠᠶᠢᠴᠠᠭᠠᠨ ᠯᠠᠪᠯᠠᠬᠤ᠂ ᠥᠯᠥ ᠬᠥᠳᠡᠯᠬᠦ ᠬᠥᠷᠥᠩᠭᠡ ᠶᠢᠨ ᠦᠨᠡᠮᠯᠡᠯ ᠤᠨ ᠭᠡᠷᠡᠴᠢ ᠶᠢ ᠪᠠᠶᠢᠴᠠᠭᠠᠨ ᠰᠢᠯᠭᠠᠬᠤ ᠵᠡᠷᠭᠡ ᠣᠯᠠᠨ ᠵᠦᠢᠯ ᠤᠨ ᠲᠤᠬᠠᠶᠢᠯᠠᠭᠰᠠᠨ ᠠᠵᠢᠯ ᠢ ᠬᠦᠢᠴᠡᠳᠬᠡᠬᠦ ᠪᠣᠯᠣᠨ᠎ᠠ᠃ ᠡᠨᠡ ᠨᠢ ᠲᠢᠩᠬᠢᠮ ᠤᠨ ᠦᠢᠯᠡᠴᠢᠯᠡᠭᠡᠨ ᠤ ᠴᠠᠭ ᠢ ᠤᠷᠲᠤᠳᠬᠠᠵᠤ᠂ ᠬᠤᠲᠠ ᠶᠢᠨ ᠠᠷᠠᠳ ᠲᠤ 24 ᠴᠠᠭ᠂ 365 ᠡᠳᠦᠷ ᠤᠨ ︽ᠡᠭᠦᠳᠡ ᠪᠠᠨ ᠬᠠᠭᠠᠬᠤ ᠦᠭᠡᠢ︾ ᠪᠠᠶᠢᠬᠤ ᠳᠣᠲᠣᠨᠣ ᠦᠢᠯᠡᠴᠢᠯᠡᠭᠡ ᠶᠢ ᠬᠠᠩᠭᠠᠬᠤ ᠪᠣᠯᠣᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号