| | 11 ᠰᠠᠷ᠎ᠠ ᠶᠢᠨ 2 ᠤᠨ ᠡᠳᠦᠷ᠂ ᠬᠤᠲᠠ ᠶᠢᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ | ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠮᠠᠨ ᠤ ᠬᠤᠲᠠ ᠶᠢᠨ 2022 ᠣᠨ ᠤ ᠲᠦᠷᠦᠭᠦᠸ ᠭᠤᠷᠪᠠᠨ | ᠤᠯᠠᠷᠢᠯ ᠤᠨ ᠤᠯᠤᠰ ᠠᠷᠠᠳ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠨᠠᠶᠢᠳᠡᠯᠡᠪᠡ᠃ | ᠵᠠᠷᠯᠠᠯ ᠢ ᠦᠨᠳᠦᠰᠦᠯᠡᠪᠡᠯ᠂ ᠡᠨᠡ ᠵᠢᠯ ᠠᠴᠠ ᠨᠠᠰᠢ᠂ ᠮᠠᠨ ᠤ ᠬᠤᠲᠠ ᠵᠠᠯᠭᠠᠭ᠎ᠠ ᠪᠠᠷ ᠬᠡᠳᠦᠨ ᠡᠭᠡᠯᠵᠢ ᠶᠢᠨ | ᠬᠢᠵᠢᠭ ᠤᠨ ᠪᠠᠶᠢᠳᠠᠯ ᠤᠨ ᠳᠠᠭᠠᠷᠢᠯᠲᠠ ᠳᠤ ᠤᠴᠠᠷᠠᠵᠤ᠂ ᠪᠠᠷᠠᠭᠠᠨ ᠤ ᠭᠦᠢᠯᠭᠡᠭᠡ ᠬᠠᠷᠰᠢᠯᠠᠭᠳᠠᠵᠤ᠂ ᠪᠡᠯᠡ | ᠣᠷᠣᠭᠤᠯᠤᠯᠲᠠ ᠶᠢᠨ ᠠᠬᠢᠴᠠ ᠤᠳᠠᠭᠠᠰᠢᠷᠠᠵᠤ᠂ ᠬᠡᠷᠡᠭᠯᠡᠭᠡ ᠳᠣᠷᠣᠭᠰᠢᠯᠠᠵᠦ᠂ ᠠᠵᠤ ᠦᠢᠯᠡᠰ ᠤᠨ ᠬᠡᠯᠬᠢᠶ᠎ᠡ ᠶᠢᠨ | ᠬᠠᠩᠭᠠᠯᠭ᠎ᠠ ᠶᠢᠨ ᠬᠡᠯᠬᠢᠶ᠎ᠡ ᠶᠢᠨ ᠠᠵᠢᠯᠯᠠᠭ᠎ᠠ ᠰᠢᠯᠦᠭᠤᠨ ᠪᠢᠰᠢ ᠪᠠᠶᠢᠪᠠ᠃ ᠲᠦᠷᠦᠭᠦᠸ ᠭᠤᠷᠪᠠᠨ ᠤᠯᠠᠷᠢᠯ ᠳᠤ᠂ | ᠪᠥᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 51.99 ᠳ᠋ᠦᠩᠰᠢᠭᠤᠷ | ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5. | 0% ᠪᠠᠭᠤᠷᠠᠪᠠ᠃ ᠠᠵᠤ ᠦᠢᠯᠡᠰ ᠢᠶᠠᠷ ᠬᠤᠪᠢᠶᠠᠵᠤ ᠦᠵᠡᠪᠡᠯ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ | ᠥᠷᠲᠡᠭ 0.26 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.8% ᠪᠠᠷ | ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 10.5 ᠳ᠋ᠦᠩᠰᠢᠭᠤᠷ ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 27% ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ | ᠥᠷᠲᠡᠭ 41.23 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.2% | ᠪᠠᠭᠤᠷᠠᠪᠠ᠃ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 40575 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5% ᠨᠡᠮᠡᠭᠳᠡᠪᠡ᠃ ᠪᠠᠶᠢᠩᠭᠤ ᠰᠠᠭᠤᠭ᠎ᠠ | ᠭᠠᠵᠠᠷ ᠢᠶᠠᠷ ᠬᠤᠪᠢᠶᠠᠪᠠᠯ᠄ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 40902 ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 4. | 5% ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 18236 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 6.6% ᠨᠡᠮᠡᠭᠳᠡᠪᠡ᠃ | ᠲᠦᠷᠦᠭᠦᠸ ᠭᠤᠷᠪᠠᠨ ᠤᠯᠠᠷᠢᠯ ᠳᠤ᠂ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ | ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠠᠵᠤ ᠦᠢᠯᠡᠳᠪᠦᠷᠢ ᠶᠢᠨ ᠪᠠᠭᠤᠷᠠᠯᠲᠠ ᠶᠢᠨ ᠳᠠᠷᠤᠯᠲᠠ ᠶᠡᠬᠡᠰᠴᠦ᠂ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠠᠭᠤᠷᠠᠯᠲᠠ ᠶᠢᠨ ᠬᠡᠮᠵᠢᠶ᠎ᠡ ᠪᠠᠭᠤᠷᠠᠵᠤ᠂ | ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠪᠠᠭᠤᠷᠠᠯᠲᠠ ᠶᠢᠨ ᠬᠡᠮᠵᠢᠶ᠎ᠡ ᠪᠠᠭᠠᠰᠴᠤ᠂ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ ᠪᠣᠯᠵᠤ᠂ ᠮᠥᠩᠭᠦᠨ ᠭᠦᠢᠯᠭᠡᠭᠡᠨ ᠤ ᠬᠠᠳᠠᠭᠠᠯᠠᠮᠵᠢ | ᠵᠢᠭᠡᠯᠡᠯᠭᠡ ᠲᠣᠭᠲᠠᠭᠤᠨ ᠢᠶᠠᠷ ᠠᠵᠢᠯᠯᠠᠵᠤ᠂ ᠪᠣᠭᠤᠮᠲᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠠᠨᠳᠤᠰᠢ | ᠪᠠᠭᠤᠷᠠᠪᠠ᠃ | ᠲᠦᠷᠦᠭᠦᠸ ᠭᠤᠷᠪᠠᠨ ᠤᠯᠠᠷᠢᠯ ᠳᠤ᠂ ᠮᠠᠨ ᠤ ᠬᠤᠲᠠ ᠶᠢᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ | ᠲᠣᠭᠲᠠᠭᠤᠨ ᠢᠶᠠᠷ ᠬᠥᠭᠵᠢᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 0.1% ᠪᠠᠷ ᠨᠡᠮᠡᠭᠳᠡᠨ᠂ ᠰᠠᠭᠤᠭᠠᠯᠢ ᠠᠷᠠᠳ ᠤᠨ ᠠᠮᠢᠳᠤᠷᠠᠯ ᠲᠠᠢ | ᠨᠢᠭᠲᠠ ᠬᠤᠯᠪᠣᠭ᠎ᠠ ᠲᠠᠢ ᠠᠮᠤ ᠲᠣᠰᠣᠨ ᠤ ᠵᠦᠢᠯ᠂ ᠡᠳᠦᠷ ᠲᠤᠲᠤᠮ ᠤᠨ ᠬᠡᠷᠡᠭᠯᠡᠭᠡᠨ ᠤ ᠵᠦᠢᠯ᠂ ᠤᠮᠳᠠᠭᠠᠨ ᠤ | ᠵᠦᠢᠯ ᠵᠡᠷᠭᠡ ᠲᠠᠸᠠᠷ ᠠᠳᠠᠯᠢ ᠬᠤᠭᠤᠴᠠᠭᠠᠨ ᠤ ᠬᠢ ᠠᠴᠠ ᠲᠣᠰ ᠲᠣᠰ 59.3%᠂ 53%᠂ 50.9% ᠪᠠᠷ | ᠨᠡᠮᠡᠭᠳᠡᠪᠡ᠃ ᠡᠨᠡ ᠵᠢᠯ ᠮᠠᠨ ᠤ ᠬᠤᠲᠠ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠪᠠᠷ ᠳᠠᠮᠵᠢᠭᠤᠯᠤᠨ ᠬᠡᠷᠡᠭᠯᠡᠭᠡ ᠶᠢ | ᠳᠠᠶᠢᠴᠢᠯᠠᠭᠰᠠᠨ ᠠᠴᠠ ᠦᠷ᠎ᠡ ᠪᠦᠲᠦᠮᠵᠢ ᠨᠢ ᠢᠳᠡᠭ ᠢᠳᠡᠭ ᠢᠶᠠᠷ ᠢᠯᠡᠷᠬᠡᠢ ᠪᠣᠯᠤᠭᠰᠠᠨ ᠪᠠᠶᠢᠨ᠎ᠠ᠃ ᠬᠢᠵᠢᠭ ᠤᠨ | ᠪᠠᠶᠢᠳᠠᠯ ᠤᠨ ᠨᠥᠯᠥᠭᠡ ᠶᠢ ᠠᠯᠬᠤᠮ ᠠᠯᠬᠤᠮ ᠢᠶᠠᠷ ᠬᠢᠵᠠᠭᠠᠷᠯᠠᠬᠤ ᠶᠢ ᠳᠠᠭᠠᠯᠳᠤᠨ᠂ ᠰᠠᠭᠤᠭᠠᠯᠢ ᠠᠷᠠᠳ ᠤᠨ | ᠬᠡᠷᠡᠭᠯᠡᠭᠡᠨ ᠤ ᠬᠦᠰᠡᠯ ᠡᠷᠡᠮᠡᠯᠵᠡᠯ ᠢ ᠨᠡᠮᠡᠭᠳᠡᠭᠦᠯᠵᠦ᠂ ᠠᠮᠢᠳᠤᠷᠠᠯ ᠤᠨ ᠬᠡᠷᠡᠭᠯᠡᠭᠡ ᠠᠯᠬᠤᠮ ᠠᠯᠬᠤᠮ ᠢᠶᠠᠷ ᠰᠡᠷᠬᠦᠪᠡ᠃ | ᠡᠨᠡ ᠵᠢᠯ ᠠᠴᠠ ᠨᠠᠰᠢ᠂ ᠪᠥᠬᠦ ᠬᠤᠲᠠ ᠶᠢᠨ ᠳᠡᠭᠡᠳᠦ ᠳᠣᠣᠷᠠᠳᠤ ᠱᠠᠲᠤᠨ ᠤ ᠬᠢᠨ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠵᠢᠱᠢᠯᠲᠡ ᠠᠴᠠ ᠳᠠᠪᠠᠭᠰᠠᠨ | ᠣᠯᠠᠨ ᠳᠠᠪᠬᠤᠷ ᠳᠠᠭᠠᠷᠢᠯᠲᠠ ᠶᠢᠨ ᠠᠰᠢᠭ ᠦᠭᠡᠢ ᠨᠥᠯᠥᠭᠡ ᠶᠢ ᠴᠢᠷᠮᠠᠶᠢᠨ ᠲᠡᠪᠴᠢᠵᠦ᠂ ᠢᠳᠡᠪᠬᠢᠲᠡᠢ ᠬᠦᠴᠦᠨ | ᠵᠦᠢᠯ ᠬᠤᠷᠠᠮᠳᠤᠨ ᠨᠡᠮᠡᠭᠳᠡᠵᠦ ᠪᠠᠶᠢᠨ᠎ᠠ᠃ ᠭᠡᠪᠡᠴᠦ ᠣᠳᠣᠬᠠᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ | ᠣᠷᠴᠢᠨ ᠠᠬᠤᠢ ᠶᠢᠨ ᠪᠤᠳᠤᠯᠢᠶᠠᠨᠲᠤ ᠴᠢᠨᠠᠷ ᠤᠨ ᠳᠣᠭᠳᠠᠩᠭᠤᠢ ᠪᠤᠰᠤ ᠴᠢᠨᠠᠷ ᠮᠥᠨ ᠯᠡ ᠨᠡᠯᠢᠶᠡᠳ ᠶᠡᠭᠡ ᠪᠠᠶᠢᠵᠤ᠂ | ᠠᠵᠤ ᠠᠬᠤᠢ ᠶᠢᠨ ᠬᠥᠭᠵᠢᠯᠲᠡ ᠮᠥᠨ ᠯᠡ ᠨᠡᠯᠢᠶᠡᠳ ᠤᠯᠠᠨ ᠬᠦᠴᠢᠷᠳᠡᠯ ᠪᠠ ᠥᠷᠢᠰᠦᠯᠳᠦᠭᠡᠨ ᠳᠤ ᠲᠤᠯᠭᠠᠷᠠᠵᠤ | ᠪᠠᠶᠢᠬᠤ ᠶᠢ ᠣᠯᠵᠤ ᠬᠠᠷᠠᠬᠤ ᠬᠡᠷᠡᠭᠲᠡᠢ᠃ ᠲᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠢᠶᠠᠷ ᠨᠡᠮᠡᠭᠳᠡᠭᠦᠯᠬᠦ ᠶᠢ ᠨᠡᠩ ᠲᠣᠪᠣᠶᠢᠮ᠎ᠠ ᠪᠠᠶᠢᠷᠢᠨ ᠳᠤ | ᠲᠠᠯᠪᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠬᠦᠴᠢᠷᠳᠡᠯ ᠢ ᠨᠢ | ᠰᠢᠢᠳᠪᠦᠷᠢᠯᠡᠵᠦ᠂ ᠠᠵᠤ ᠠᠬᠤᠢ ᠶᠢᠨ ᠰᠡᠷᠭᠦᠨ ᠬᠥᠭᠵᠢᠬᠦ ᠰᠠᠭᠤᠷᠢ ᠶᠢ ᠪᠠᠬᠢᠵᠢᠭᠦᠯᠵᠦ᠂ ᠠᠵᠤ ᠠᠬᠤᠢ ᠶᠢᠨ | ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠢ᠃ | |