︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠶ᠎ᠠ︾  ᠬᠠᠮᠳᠣᠪᠠᠷ ᠤᠷᠤᠭᠰᠢᠯᠠᠵᠤ ᠲᠠᠯ᠎ᠠ ᠨᠤᠲᠤᠭ ᠤᠨ ᠰᠢᠨ᠎ᠡ ᠴᠠᠭ ᠦᠶ᠎ᠡ ᠶᠢᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠰᠤᠭᠠᠢ
ᠨᠡᠶᠢᠲᠡᠯᠡᠭᠰᠡᠨ ᠴᠠᠭ᠄
2022/11/30
     2022 ᠣᠨ ᠪᠣᠯ ᠶᠡᠷᠦᠩᠬᠡᠢ ᠱᠦᠵᠢ ᠰᠢ ᠶᠢᠨ ᠫᠢᠩ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠪᠢᠴᠢᠭᠰᠡᠨ ᠲᠠᠪᠤᠨ ᠵᠢᠯ ᠤᠨ ᠣᠶ ᠪᠣᠯᠣᠨ᠎ᠠ᠃ ᠡᠨᠡ ᠲᠠᠪᠤᠨ ᠵᠢᠯ ᠢ ᠡᠷᠭᠢᠴᠡᠭᠦᠯᠬᠦᠶ᠎ᠡ᠂ ᠮᠠᠨ ᠤ ᠬᠤᠲᠠ ᠶᠢᠨ ᠤᠯᠠᠭᠠᠨᠮᠥ᠋ᠴᠢᠷ ᠤᠨ ᠭᠡᠰᠢᠭᠦᠳ ᠢᠮᠠᠭᠲᠠ ᠰᠢ ᠶᠢᠨ ᠫᠢᠩ ᠶᠡᠷᠦᠩᠬᠡᠢ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠦᠨᠳᠦᠰᠦᠨ ᠱᠠᠲᠤᠨ ᠳᠤ ᠰᠠᠭᠤᠷᠢᠯᠠᠵᠦ᠂ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠬᠢᠷᠢ ᠳᠡᠩᠴᠡᠭᠰᠡᠨ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠬᠤ ᠪᠠᠷ ᠴᠢᠷᠮᠠᠶᠢᠭᠰᠠᠭᠠᠷ ᠢᠷᠡᠪᠡ᠃
       ᠣᠶᠢᠷ᠎ᠠ ᠶᠢᠨ ᠡᠳᠦᠷ ᠤᠳ ᠲᠤ᠂ ᠬᠤᠳᠠ ᠶᠢᠨ ᠤᠯᠠᠭᠠᠨᠮᠥ᠋ᠴᠢᠷ ᠤᠨ ᠭᠡᠰᠢᠭᠦᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠬᠤ ᠤᠷᠠᠨ ᠰᠠᠶᠢᠬᠠᠨ ᠤ ᠫᠷᠣᠭ᠍ᠷᠠᠮ ᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠦᠮᠡᠨ ᠤ ᠳᠤᠮᠳᠠ ᠭᠦᠨᠵᠡᠭᠡᠶᠢᠷᠡᠭᠦᠯᠵᠦ᠂ ᠤᠯᠠᠨ ᠲᠦᠮᠡᠨ ᠲᠠᠢ ᠣᠶᠢᠷᠠᠲᠤᠭᠤᠯᠵᠤ᠂ ᠤᠯᠠᠨ ᠲᠦᠮᠡᠨ ᠤ ᠰᠡᠳᠬᠢᠯ ᠳᠤ ᠭᠦᠨ ᠬᠠᠳᠠᠩᠰᠢᠭᠤᠯᠵᠠᠢ᠃
       ︽ᠨᠠᠮ ᠤᠨ ᠬᠤᠷᠢᠳᠤᠭᠠᠷ ᠶᠡᠭᠡ ᠬᠤᠷᠠᠯ ᠤᠨ ᠤᠬᠠᠭᠤᠯᠭ᠎ᠠ ᠳᠤ ᠪᠢ ᠪᠤᠢ︾᠂ ︽ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠪᠢ ᠪᠤᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠪᠢ ᠪᠤᠢ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠳᠤ ᠪᠢ ᠪᠤᠢ᠂ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠪᠢ ᠪᠤᠢ︾᠂ ︽ᠬᠠᠮᠢᠭ᠎ᠠ ᠬᠡᠷᠡᠭᠴᠡᠭᠡ ᠲᠠᠢ ᠪᠣᠯ ᠲᠡᠨᠳᠡ ᠪᠢ ᠪᠤᠢ︾᠂ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠨᠢᠭᠡ ᠡᠩᠨᠡᠭᠡ ᠪᠣᠯᠤᠭᠰᠠᠨ ᠤ ᠬᠤᠪᠢ ᠳᠤ᠂ ᠲᠠᠪᠤᠨ ᠵᠢᠯ ᠤᠨ ᠲᠤᠷᠰᠢ᠂ ᠬᠤᠲᠠ ᠶᠢᠨ ᠤᠯᠠᠭᠠᠨᠮᠥ᠋ᠴᠢᠷ ︽ᠠᠷᠠᠳ ᠲᠦᠮᠡᠨ ᠢᠶᠠᠷ ᠭᠤᠣᠯ ᠪᠣᠯᠭᠠᠬᠤ︾ ᠵᠣᠬᠢᠶᠠᠨ ᠪᠦᠲᠦᠭᠡᠬᠦ ᠤᠳᠤᠷᠢᠳᠤᠮᠵᠢ ᠶᠢᠨ ᠲᠣᠭᠤᠷᠢᠨ ᠳᠤ᠂ ᠦᠨᠳᠦᠰᠦᠨ ᠱᠠᠲᠤᠨ ᠳᠤ ᠦᠨᠳᠦᠰᠦᠯᠡᠵᠦ᠂ ᠠᠮᠢᠳᠤᠷᠠᠯ ᠳᠤ ᠦᠨᠳᠦᠰᠦᠯᠡᠵᠦ᠂ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠤᠳ ᠢ ᠪᠦᠯᠦᠭ ᠪᠦᠯᠦᠭ ᠢᠶᠠᠷ ᠵᠣᠬᠢᠶᠠᠨ ᠪᠦᠲᠦᠭᠡᠵᠡᠢ᠃ ᠲᠣᠭᠯᠠᠯᠲᠠ ᠶᠢᠨ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ︽ᠵᠢᠭᠰᠠᠭᠠᠯ ᠤᠨ ᠭᠠᠵᠠᠷ ᠤᠨ ᠲᠣᠭᠯᠠᠯᠲᠠ + ᠨᠡᠭᠦᠳᠡᠯ ᠲᠣᠭᠯᠠᠯᠲᠠ + ᠡᠷᠦᠬᠡ ᠳᠤ ᠬᠦᠷᠴᠦ ᠲᠣᠭᠯᠠᠯᠲᠠ ᠭᠠᠷᠭᠠᠬᠤ︾ ᠦᠢᠯᠡᠴᠢᠯᠡᠭᠡᠨ ᠤ ᠵᠠᠭᠪᠤᠷ ᠪᠠ ︽ᠰᠦᠯᠵᠢᠶᠡᠨ ᠳᠡᠭᠡᠷᠡᠬᠢ ᠤᠯᠠᠭᠠᠨᠮᠥ᠋ᠴᠢᠷ︾ ᠤᠨ ᠦᠢᠯᠡᠴᠢᠯᠡᠭᠡᠨ ᠤ ᠠᠷᠭ᠎ᠠ ᠮᠠᠶ᠋ᠢᠭ ᠢ ᠠᠮᠢᠳᠤᠯᠢᠭ ᠢᠶᠠᠷ ᠬᠡᠷᠡᠭᠯᠡᠨ᠂ ᠠᠷᠠᠳ ᠲᠤ ᠠᠰᠢᠭ ᠬᠦᠷᠲᠡᠭᠡᠬᠦ ᠤᠷᠠᠨ ᠰᠠᠶᠢᠬᠠᠨ ᠤ ᠲᠣᠭᠯᠠᠯᠲᠠ ᠶᠢ ᠢᠳᠡᠪᠬᠢᠲᠡᠢ ᠥᠷᠨᠢᠭᠦᠯᠵᠦ᠂ ᠥᠷᠭᠡᠨ ᠣᠯᠠᠨ ᠠᠷᠠᠳ ᠲᠦᠮᠡᠨ ᠤ ᠬᠦᠷᠢᠶᠡᠯᠡᠯ ᠪᠠ ᠬᠦᠷᠢᠶᠡᠯᠡᠯ ᠢ ᠣᠯᠪᠠ᠃
    ᠲᠠᠪᠤᠨ ᠵᠢᠯ ᠤᠨ ᠲᠤᠷᠰᠢ᠂ ᠬᠤᠲᠠ ᠶᠢᠨ ᠤᠯᠠᠭᠠᠨᠮᠥ᠋ᠴᠢᠷ ᠤᠨ ᠭᠡᠰᠢᠭᠦᠳ ᠦᠨᠳᠦᠰᠦᠨ ᠱᠠᠲᠤᠨ ᠳᠤ ᠲᠠᠰᠤᠷᠠᠯᠲᠠ ᠦᠭᠡᠢ ᠭᠦᠨᠵᠡᠭᠡᠶᠢᠷᠡᠵᠦ᠂ ᠤᠳᠬ᠎ᠠ ᠤᠷᠠᠯᠢᠭ ᠤᠨ ᠬᠠᠪᠰᠤᠷᠤᠨ ᠵᠢᠯᠤᠭᠤᠳᠬᠤ ᠪᠣᠯᠪᠠᠰᠤᠷᠠᠯ ᠤᠨ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠥᠷᠭᠡᠨ ᠤᠯᠠᠨ ᠲᠦᠮᠡᠨ ᠤ ᠤᠳᠬ᠎ᠠ ᠤᠷᠠᠯᠢᠭ ᠤᠨ ᠠᠮᠢᠳᠤᠷᠠᠯ ᠢ ᠪᠠᠶᠠᠯᠢᠭᠵᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠬᠤ ᠪᠠᠷ ᠳᠠᠮᠵᠢᠭᠤᠯᠵᠤ᠂ ᠤᠯᠠᠮᠵᠢᠯᠠᠯᠲᠤ ᠲᠣᠭᠯᠠᠯᠲᠠ ᠶᠢ ᠠᠯᠬᠤᠮ ᠠᠯᠬᠤᠮ ᠢᠶᠠᠷ ︽ᠲᠦᠷᠦ ᠶᠢᠨ ᠪᠣᠳᠣᠯᠭ᠎ᠠ ᠶᠢ ᠬᠦᠷᠭᠡᠬᠦ᠂ ᠰᠢᠨᠵᠢᠯᠡᠬᠦ ᠤᠬᠠᠭᠠᠨ ᠮᠡᠷᠭᠡᠵᠢᠯ ᠢ ᠬᠦᠷᠭᠡᠬᠦ᠂ ᠤᠳᠬ᠎ᠠ ᠤᠷᠠᠯᠢᠭ ᠢ ᠬᠦᠷᠭᠡᠬᠦ᠂ ᠬᠠᠤᠯᠢ ᠴᠠᠭᠠᠵᠠ ᠶᠢ ᠬᠦᠷᠭᠡᠬᠦ᠂ ᠪᠣᠯᠪᠠᠰᠤᠨ ᠢ ᠬᠦᠷᠭᠡᠬᠦ︾ ᠶᠡᠷᠦᠩᠬᠡᠶᠢᠯᠡᠭᠰᠡᠨ ᠦᠢᠯᠡᠴᠢᠯᠡᠭᠡ ᠪᠣᠯᠭᠠᠨ ᠬᠤᠪᠢᠷᠠᠭᠤᠯᠵᠤ᠂ ᠨᠠᠮ ᠤᠨ ᠲᠦᠷᠦ ᠶᠢᠨ ᠪᠣᠳᠣᠯᠭ᠎ᠠ ᠪᠣᠯᠣᠨ ᠬᠠᠯᠠᠮᠵᠢᠯᠠᠯ ᠢ ᠲᠦᠭ ᠲᠦᠮᠡᠨ ᠠᠶᠢᠯ ᠡᠷᠦᠬᠡ᠂ ᠤᠯᠠᠨ ᠲᠦᠮᠡᠨ ᠤ ᠰᠡᠳᠬᠢᠯ ᠳᠤ ᠲᠠᠰᠤᠷᠠᠯᠳᠠ ᠦᠭᠡᠢ ᠬᠦᠷᠭᠡᠵᠦ᠂ ᠤᠯᠠᠭᠠᠨᠮᠥ᠋ᠴᠢᠷ ᠤᠨ ᠡᠨᠡᠬᠦ ᠤᠯᠠᠭᠠᠨ ᠲᠤᠭ ᠢ ᠬᠢᠯᠢ ᠶᠢᠨ ᠪᠣᠭᠤᠮᠲᠠ ᠶᠢᠨ ᠬᠢᠯᠢ ᠬᠢᠵᠠᠭᠠᠷ ᠲᠤ ᠥᠨᠳᠥᠷ ᠨᠠᠮᠢᠷᠠᠭᠤᠯᠤᠨ᠎ᠠ᠃
    ᠡᠨᠡ ᠲᠠᠪᠤᠨ ᠵᠢᠯ ᠤᠨ ᠲᠤᠷᠰᠢ᠂ ᠮᠠᠨ ᠤ ᠬᠤᠲᠠ ᠶᠢᠨ ᠤᠯᠠᠭᠠᠨᠮᠥ᠋ᠴᠢᠷ ᠤᠨ ᠭᠡᠰᠢᠭᠦᠳ ᠤᠯᠤᠰ ᠤᠨ ᠲᠠᠰ ᠤᠨ ᠱᠠᠩᠨᠠᠯ ᠤᠨ ᠵᠦᠢᠯ ᠢ ᠨᠡᠶᠢᠲᠡ 11᠂ ᠥᠪᠡᠷᠲᠡᠭᠡᠨ ᠵᠠᠰᠠᠬᠤ ᠣᠷᠣᠨ ᠤ ᠲᠠᠰ ᠤᠨ ᠱᠠᠩᠨᠠᠯ ᠤᠨ ᠵᠦᠢᠯ ᠢ 30᠂ ᠠᠶᠢᠮᠠᠭ ᠤᠨ ᠲᠠᠰ ᠤᠨ ᠱᠠᠩᠨᠠᠯ ᠤᠨ ᠵᠦᠢᠯ ᠢ 32᠂ ᠬᠤᠲᠠ ᠶᠢᠨ ᠲᠠᠰ ᠤᠨ ᠱᠠᠩᠨᠠᠯ ᠤᠨ ᠵᠦᠢᠯ ᠢ 5 ᠭᠥᠷᠳᠡᠪᠡ᠃︽ᠰᠠᠯᠬᠢᠨ ᠪᠣᠷᠣᠭᠠᠨ ᠤ ᠳᠣᠮᠳᠡᠬᠢ ᠡᠷᠢᠶᠡᠨ︾ ᠵᠡᠷᠭᠡ ᠪᠥᠵᠢᠭᠲᠦ ᠵᠦᠴᠦᠭᠡ᠂ ︽ᠲᠠᠯ᠎ᠠ ᠨᠤᠲᠤᠭ ᠲᠤ︾ ᠵᠡᠷᠭᠡ ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠱᠠᠩᠨᠠᠯ   ᠢ ᠭᠥᠷᠳᠡᠪᠡ᠃ᠦᠨᠳᠦᠰᠦᠨ ᠱᠠᠲᠤᠨ ᠳᠤ ᠭᠦᠨᠵᠡᠭᠡᠶᠢᠷᠡᠵᠦ ᠵᠣᠬᠢᠶᠠᠨ ᠪᠦᠲᠦᠭᠡᠵᠦ ᠰᠤᠷᠲᠠᠯ ᠢ ᠴᠤᠭᠯᠠᠭᠤᠯᠬᠤ ᠠᠵᠢᠯᠯᠠᠭ᠎ᠠ ᠶᠢ 15 ᠤᠳᠠᠭ᠎ᠠ ᠥᠷᠨᠢᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠤᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠪᠠᠷ ᠭᠤᠣᠯᠯᠠᠭᠤᠯᠤᠨ ᠴᠢᠬᠤᠯᠠ ᠶᠡᠭᠡ ᠰᠡᠳᠦᠪᠲᠦ 67 ᠠᠩᠬᠠᠨ ᠤ ᠡᠭᠦᠳᠦᠯᠲᠡ ᠶᠢᠨ ᠪᠦᠲᠦᠭᠡᠯ ᠢ ᠵᠣᠬᠢᠶᠠᠨ ᠪᠦᠲᠦᠭᠡᠵᠡᠢ᠃
   ᠬᠤᠲᠠ ᠶᠢᠨ ᠤᠯᠠᠭᠠᠨᠮᠥ᠋ᠴᠢᠷ ᠤᠨ ᠠᠩᠭᠢ ᠶᠢᠨ ᠳᠠᠷᠤᠭ᠎ᠠ ᠬᠦᠪᠰᠡᠯ᠄ ︽ᠣᠶᠢᠷ᠎ᠠ ᠶᠢᠨ ᠵᠢᠯ ᠤᠳ ᠲᠤ᠂ ᠬᠤᠲᠠ ᠶᠢᠨ ᠤᠯᠠᠭᠠᠨᠮᠥ᠋ᠴᠢᠷ ᠤᠨ ᠵᠥᠭᠡᠯᠡᠨ ᠲᠣᠨᠤᠭ ᠲᠥᠬᠦᠭᠡᠷᠦᠮᠵᠢ ᠪᠠ ᠬᠠᠲᠠᠭᠤ ᠲᠣᠨᠤᠭ ᠲᠥᠬᠦᠭᠡᠷᠦᠮᠵᠢ ᠨᠢ ᠴᠥᠮ ᠮᠠᠰᠢ ᠶᠡᠭᠡ ᠰᠠᠶᠢᠵᠢᠷᠠᠯᠲᠠ ᠲᠠᠢ ᠪᠣᠯᠵᠤ᠂ ᠰᠢᠨ᠎ᠡ ᠪᠣᠯᠪᠠᠰᠤᠷᠠᠯ ᠤᠨ ᠲᠢᠩᠬᠢᠮ ᠳᠤ ᠨᠡᠭᠦᠨ ᠣᠷᠣᠪᠠ᠂ ᠡᠭᠦᠨ ᠳᠤ ᠬᠡᠷᠡᠭᠯᠡᠬᠦ ᠮᠠᠰᠢᠨ ᠲᠡᠷᠭᠡ ᠪᠠ ᠲᠣᠨᠤᠭ ᠲᠥᠬᠦᠭᠡᠷᠦᠮᠵᠢ ᠨᠢ ᠴᠥᠮ ᠰᠢᠨᠡᠴᠢᠯᠡᠭᠳᠡᠭᠰᠡᠨ ᠪᠠᠶᠢᠨ᠎ᠠ᠃ ᠶᠡᠷᠦᠩᠬᠡᠢ ᠱᠦᠵᠢ ᠶᠢᠨ ᠬᠠᠷᠢᠭᠤ ᠵᠠᠬᠢᠳᠠᠯ ᠨᠢ ᠭᠡᠰᠢᠭᠦᠨ ᠨᠢᠭᠡᠪᠦᠷᠢ ᠶᠢ ᠵᠣᠷᠢᠭᠵᠢᠭᠤᠯᠤᠭᠰᠠᠭᠠᠷ ᠢᠷᠡᠵᠠᠢ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠰᠤᠷᠤᠯᠴᠠᠵᠤ᠂ ᠨᠡᠩ ᠤᠯᠠᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠤᠬᠠᠭᠤᠯᠤᠨ ᠵᠣᠬᠢᠶᠠᠨ ᠪᠦᠲᠦᠭᠡᠵᠦ᠂ ᠥᠷᠭᠡᠨ ᠤᠯᠠᠨ ᠲᠦᠮᠡᠨ ᠳᠤ ᠤᠯᠠᠮᠵᠢᠯᠠᠵᠠᠢ᠃ ᠡᠭᠦᠨ ᠤ ᠬᠠᠮᠲᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠵᠠᠭᠪᠤᠷ ᠢᠶᠠᠷ ᠳᠠᠮᠵᠢᠭᠤᠯᠤᠨ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠵᠤ᠂ ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠬᠤ ᠬᠡᠷᠡᠭᠲᠡᠢ︾ ᠭᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号