︽ᠡᠷᠢᠶᠡᠨ ᠬᠤᠲᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ ︵2021 ︱ 2025 ᠣᠨ︶︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/11/30
      ᠠᠭᠤᠷᠬᠠᠢ ᠶᠢᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ      ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠶᠡᠷᠦᠩᠬᠡᠢ ᠬᠡᠮᠵᠢᠶ᠎ᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠬᠠᠷᠢᠯᠴᠠᠨ ᠵᠣᠬᠢᠴᠠᠭᠤᠯᠬᠤ ᠶᠢ ᠪᠠᠲᠤᠯᠠᠬᠤ ᠶᠢᠨ ᠲᠤᠰᠠᠳᠠ᠂ ᠰᠢᠨ᠎ᠡ ᠪᠠᠷ ᠪᠠᠶᠢᠭᠤᠯᠬᠤ ᠠᠭᠤᠷᠬᠠᠢ ᠶᠢᠨ ᠣᠷᠴᠢᠨ ᠲᠣᠭᠤᠷᠢᠨ ᠤ ᠵᠥᠪᠰᠢᠶᠡᠷᠡᠯ ᠢ ᠴᠢᠩᠳᠠᠯᠠᠵᠤ᠂ ᠬᠠᠮᠤᠭ ᠤᠨ ᠳᠣᠣᠷ᠎ᠠ ᠨᠡᠭᠡᠭᠡᠨ ᠮᠠᠯᠲᠠᠬᠤ ᠬᠡᠪᠴᠢᠶ᠎ᠡ ᠶᠢᠨ ᠵᠥᠪᠰᠢᠶᠡᠷᠡᠯ ᠢ ᠴᠢᠩᠳᠠᠯᠠᠵᠤ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠳᠠᠯᠠᠵᠤ᠂ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠵᠦᠢ ᠵᠣᠬᠢᠰᠲᠠᠢ ᠲᠣᠬᠢᠷᠠᠭᠤᠯᠤᠨ᠂ ᠬᠠᠶᠢᠷ ᠴᠢᠯᠠᠭᠤ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠮᠠᠨ ᠤ ᠬᠤᠲᠠ ᠶᠢᠨ ᠠᠵᠤ ᠠᠬᠤᠢ ᠨᠠᠶᠢᠬᠡᠮ  ᠤᠨ ᠦᠷᠬᠦᠯᠵᠢᠯᠡᠬᠦᠶᠢᠴᠡ ᠡᠷᠡᠬᠦᠯ ᠬᠦᠭᠵᠢᠯᠳᠠ ᠶᠢᠨ ᠪᠠᠳᠣᠯᠠᠭ᠎ᠠ ᠪᠣᠯᠭᠠᠨ᠎ᠠ᠃           ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠦᠷ᠎ᠡ ᠪᠦᠲᠦᠮᠵᠢ    ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ‍ᠤᠨ‌ᠦᠷᠡᠨ᠂ ᠴᠢᠯᠠᠭᠤᠨ ᠲᠣᠰᠣ ᠵᠡᠷᠭᠡ ᠴᠢᠬᠤᠯᠠ ᠡᠨᠧᠷᠭᠢ ᠶᠢᠨ ᠰᠤᠷᠪᠤᠯᠵᠢ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠠᠵᠢᠯ ᠢ ᠬᠠᠤᠯᠢ ᠶᠣᠰᠣᠭᠠᠷ ᠰᠠᠶᠢᠲᠤᠷ ᠠᠳᠬᠤᠵᠤ᠂ ᠤᠯᠠᠨ ᠠᠷᠭ᠎ᠠ ᠵᠠᠮ ᠢᠶᠠᠷ ᠨᠡᠩ ᠤᠯᠠᠨ ᠪᠡᠯᠡ ᠣᠷᠣᠭᠤᠯᠤᠯᠲᠠ ᠶᠢ ᠴᠢᠷᠮᠠᠶᠢᠨ ᠣᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠳᠤ ᠲᠦᠰᠢᠭᠯᠡᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠳᠡᠭᠡᠭᠰᠢᠯᠡᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠪᠠᠲᠤᠯᠠᠬᠤ ᠴᠢᠳᠠᠪᠤᠷᠢ ᠶᠢ ᠪᠦᠬᠦ ᠳᠠᠯ᠎ᠠ ᠪᠠᠷ ᠳᠡᠭᠡᠭᠰᠢᠯᠡᠬᠦᠯᠦᠨ᠎ᠡ᠃     ᠠᠭᠤᠷᠬᠠᠢ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠨᠡᠭᠡᠭᠡᠨ ᠠᠰᠢᠭᠯᠠᠨ᠎ᠠ᠃ ᠲᠣᠮᠣ ᠳᠤᠮᠳᠠ ᠬᠡᠯᠪᠡᠷᠢ ᠶᠢᠨ ᠠᠭᠤᠷᠬᠠᠢ ᠶᠢᠨ ᠬᠠᠷᠢᠴᠠᠯ ᠢ ᠳᠡᠭᠡᠭᠰᠢᠯᠡᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠡᠪᠴᠢᠶᠡᠵᠢᠭᠦᠯᠦᠨ ᠨᠡᠭᠡᠭᠡᠨ ᠮᠠᠯᠲᠠᠬᠤ ᠶᠢ ᠲᠦᠯᠬᠢᠨ ᠠᠬᠢᠭᠤᠯᠵᠤ᠂ ᠠᠭᠤᠷᠬᠠᠢ ᠶᠢᠨ ᠨᠡᠭᠡᠭᠡᠨ ᠮᠠᠯᠲᠠᠬᠤ ᠨᠠᠭᠠᠲᠤ ᠵᠠᠬ᠎ᠠ ᠶᠢᠨ ᠬᠡᠪᠴᠢᠶᠡᠨ ᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠠᠭᠤᠷᠬᠠᠢ ᠶᠢᠨ ᠦᠢᠯᠡᠰ ᠤᠨ ᠲᠥᠪᠯᠡᠷᠡᠬᠦ᠂ ᠬᠡᠪᠴᠢᠶᠡᠵᠢᠨ ᠬᠥᠭᠵᠢᠬᠦ ᠶᠢ ᠠᠬᠢᠭᠤᠯᠤᠨ᠎ᠠ᠃     ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ‍ᠤᠨ‌ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠶᠠᠪᠤᠳᠠᠯ ᠤᠳ ᠤᠨ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ ᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠭᠤᠷᠬᠠᠢ ᠶᠢᠨ ᠦᠢᠯᠡᠰ ᠤᠨ ᠡᠷᠬᠡ ᠶᠢ ᠥᠷᠢᠰᠦᠯᠳᠦᠭᠡᠨ ᠤ ᠴᠢᠨᠠᠷᠲᠠᠢ ᠪᠠᠷ ᠰᠢᠯᠵᠢᠭᠦᠯᠦᠨ ᠬᠤᠳᠠᠯᠳᠤᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠠᠶᠢᠷ ᠴᠢᠯᠠᠭᠤᠨ ᠤ ᠠᠭᠤᠷᠬᠠᠢ ᠶᠢᠨ ︽ᠴᠡᠪᠡᠷ ᠠᠭᠤᠷᠬᠠᠢ︾ ᠶᠢᠨ ᠰᠢᠯᠵᠢᠭᠦᠯᠦᠨ ᠬᠤᠳᠠᠯᠳᠤᠬᠤ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ᠮᠠᠨ ᠤ ᠬᠤᠲᠠ ᠶᠢᠨ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠠ ᠶᠢ ᠠᠬᠢᠭᠤᠯᠣᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号