︽ᠡᠷᠢᠶᠡᠨ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/11/30
ᠬᠡᠷᠡᠭᠯᠡᠬᠦ ᠬᠡᠪᠴᠢᠶ᠎ᠡ       ᠲᠣᠰ ᠪᠡᠯᠡᠳᠬᠡᠯ ᠲᠥᠰᠥᠯ ᠢ ᠡᠷᠢᠶᠡᠨ ᠬᠤᠲᠠ ᠶᠢᠨ ᠵᠠᠰᠠᠭ ᠵᠠᠬᠢᠷᠭᠠᠨ ᠤ ᠬᠠᠷᠢᠶᠠᠯᠠᠯ ᠳᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠵᠢᠴᠢ ᠥᠪᠡᠷᠲᠡᠭᠡᠨ ᠵᠠᠰᠠᠬᠤ ᠣᠷᠣᠨ ᠳᠤ ᠰᠦᠷᠳᠡᠭᠦᠯᠦᠯ ᠪᠣᠯᠤᠭᠰᠠᠨ ᠬᠢᠯᠢ ᠶᠢᠨ ᠭᠠᠳᠠᠨᠠᠬᠢ ᠭᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠬᠡᠷᠡᠭᠯᠡᠨ᠎ᠡ᠃ ᠪᠡᠯᠡᠳᠬᠡᠯ ᠲᠥᠰᠥᠯ ᠤᠨ ᠶᠡᠷᠦᠩᠬᠡᠢ ᠪᠣᠷᠣ ᠲᠥᠯᠥᠪ       ᠶᠡᠷᠦᠩᠬᠡᠢ ᠳᠦᠷᠢᠮ᠂ ᠭᠤᠣᠯ ᠡᠭᠦᠷᠭᠡ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠵᠢᠴᠢ ᠲᠤᠰᠢᠶᠠᠯ ᠬᠠᠷᠢᠭᠤᠴᠠᠯᠭ᠎ᠠ᠂ ᠰᠢᠢᠳᠪᠦᠷᠢᠯᠡᠬᠦ ᠬᠦᠴᠦᠨ᠂ ᠭᠠᠯ ᠤᠨ ᠠᠶᠤᠯ ᠤᠨ ᠰᠡᠷᠡᠮᠵᠢᠯᠡᠭᠦᠯᠦᠯ ᠢ ᠳᠠᠭᠠᠬᠤ ᠪᠠ ᠮᠡᠳᠡᠭᠡ ᠵᠠᠩᠭᠢ ᠶᠢ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ᠂ ᠠᠷᠭᠠᠴᠠᠬᠤ ᠠᠵᠢᠯ᠂ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ᠂ ᠶᠡᠷᠦᠩᠬᠡᠶᠢᠯᠡᠭᠰᠡᠨ ᠪᠠᠲᠤᠯᠠᠭ᠎ᠠ᠂ ᠳᠠᠭᠠᠯᠳᠤᠭᠤᠯᠤᠭᠰᠠᠨ ᠳᠦᠷᠢᠮ ᠵᠡᠷᠭᠡ ᠨᠡᠶᠢᠲᠡ ᠠᠷᠪᠠᠨ ᠬᠡᠰᠡᠭ ᠢᠶᠠᠷ ᠬᠤᠪᠢᠶᠠᠨ᠎ᠠ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ        ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠯᠡᠳᠬᠡᠯ ᠲᠥᠰᠥᠯ︾ ᠨᠢ ᠵᠢᠯᠤᠭᠤᠳᠬᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠣᠯᠣᠨ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠡᠳᠡᠭᠡ ᠵᠠᠩᠭᠢ ᠨᠡᠶᠢᠲᠡᠯᠡᠬᠦ᠂ ᠪᠠᠴᠢᠮ ᠪᠠᠶᠢᠳᠠᠯ ᠢ ᠠᠷᠭᠠᠴᠠᠬᠤ ᠠᠵᠢᠯ ᠳᠠᠭᠤᠰᠬᠤ ᠵᠡᠷᠭᠡ ᠠᠭᠤᠯᠭ᠎ᠠ ᠶᠢ ᠲᠡᠭᠦᠯᠳᠡᠷᠵᠢᠭᠦᠯᠵᠦ᠂ ︽ᠪᠡᠯᠡᠳᠬᠡᠯ ᠲᠥᠰᠥᠯ︾ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠡᠯᠡᠳᠬᠡᠯ ᠲᠥᠰᠥᠯ᠂ ᠰᠢᠯᠢ ᠶᠢᠨ ᠭᠤᠣᠯ ᠠᠶᠢᠮᠠᠭ ᠤᠨ ᠪᠡᠯᠡᠳᠬᠡᠯ ᠲᠥᠰᠥᠯ ᠯᠦᠭᠡ ᠵᠣᠯᠭᠠᠭᠤᠯᠬᠤ ᠶᠢ ᠭᠦᠢᠴᠡᠳ ᠪᠣᠳᠣᠯᠬᠢᠯᠠᠭᠰᠠᠨ ᠪᠠᠶᠢᠨ᠎ᠠ᠃ᠤᠩᠰᠢᠨ ᠲᠠᠶᠢᠯᠪᠤᠷᠢᠯᠠᠬᠤ ᠪᠠᠶᠢᠭᠤᠯᠭ᠎ᠠ᠂ ᠤᠩᠰᠢᠨ ᠲᠠᠶᠢᠯᠪᠤᠷᠢᠯᠠᠭᠴᠢ ᠵᠢᠴᠢ ᠬᠠᠷᠢᠯᠴᠠᠬᠤ ᠠᠷᠭ᠎ᠠ ᠬᠡᠯᠪᠡᠷᠢ         ᠲᠠᠶᠢᠯᠤᠮᠵᠢ ᠬᠢᠬᠦ ᠪᠠᠶᠢᠭᠤᠯᠭ᠎ᠠ᠄ ᠡᠷᠢᠶᠡᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号