ᠸᠠᠩ ᠰᠠᠨ ᠱᠢ ᠮᠠᠨ ᠤ ᠬᠤᠲᠠ ᠶᠢᠨ ᠨᠡᠭᠡᠭᠡᠯᠲᠡ ᠶᠢᠨ ᠲᠠᠪᠴᠠᠩ ᠤᠨ ᠪᠠᠶᠢᠭᠤᠯᠤᠯᠲᠠ ᠶᠢᠨ ᠶᠠᠪᠤᠳᠠᠯ ᠢ ᠲᠣᠬᠢᠷᠠᠭᠤᠯᠪᠠ
ᠨᠡᠶᠢᠲᠡᠯᠡᠭᠰᠡᠨ ᠴᠠᠭ᠄
2022/11/4
       11 ᠰᠠᠷ᠎ᠠ ᠶᠢᠨ 2 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠠᠨ ᠱᠢ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠬᠢᠯᠢ ᠶᠢᠨ ᠠᠷᠠᠳ ᠤᠨ ᠬᠤᠳᠠᠯᠳᠣᠭᠠᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ ᠣᠷᠣᠨ᠂ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠵᠡᠷᠭᠡ ᠨᠡᠭᠡᠭᠡᠯᠲᠡᠲᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠤᠴᠢᠷ ᠶᠠᠪᠤᠳᠠᠯ ᠢ ᠲᠣᠬᠢᠷᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠨᠠᠷ ᠬᠤᠷᠠᠯ ᠳᠤ ᠣᠷᠣᠯᠴᠠᠪᠠ᠃     ᠬᠤᠷᠠᠯ ᠠᠴᠠ᠂ ᠬᠢᠯᠢ ᠶᠢᠨ ᠪᠣᠭᠤᠮᠲᠠ ᠪᠣᠯ ᠡᠷᠢᠶᠡᠨ ᠤ ᠨᠡᠭᠡᠭᠡᠯᠲᠡ ᠬᠥᠭᠵᠢᠯᠲᠡ ᠶᠢᠨ ᠠᠮᠢᠨ ᠰᠤᠳᠠᠰᠤ ᠮᠥᠨ᠃ ᠪᠦᠬᠦ ᠬᠤᠲᠠ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠲᠤᠬᠠᠢ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠪᠣᠭᠤᠮᠲᠠ ᠶᠢᠨ ᠣᠷᠣᠨ ᠪᠠᠶᠢᠷᠢ ᠶᠢᠨ ᠳᠠᠪᠠᠭᠤᠯᠢᠭ᠂ ᠨᠡᠭᠡᠭᠡᠯᠲᠡ ᠶᠢᠨ ᠳᠠᠪᠠᠭᠤᠯᠢᠭ ᠪᠠ ᠬᠥᠭᠵᠢᠯᠲᠡ ᠶᠢᠨ ᠳᠠᠪᠠᠭᠤᠯᠢᠭ ᠢ ᠪᠠᠳᠠᠷᠠᠭᠤᠯᠵᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠵᠡᠷᠭᠡ ᠨᠡᠭᠡᠭᠡᠯᠲᠡ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠠᠪᠠᠭᠤᠯᠢᠭ ᠬᠦᠴᠦᠨ ᠢᠶᠠᠨ ᠲᠥᠪᠯᠡᠷᠡᠭᠦᠯᠦᠨ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠨᠡᠪᠲᠡᠷᠡᠯᠴᠡᠨ ᠵᠣᠯᠭᠠᠭᠤᠯᠬᠤ ᠪᠠᠨ ᠴᠢᠩᠭᠠᠳᠬᠠᠨ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠣᠭᠤᠮᠲᠠ ᠶᠢᠨ ︽ᠭᠠᠯ︾  ᠪᠠᠳᠠᠷᠠᠬᠤ ᠶᠢ ᠳᠠᠶᠢᠴᠢᠯᠠᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号