︽ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠠᠮᠤᠷ ᠲᠦᠪᠰᠢᠨ ᠤ ᠬᠥᠭᠵᠢᠯᠲᠡ ᠶᠢ ᠠᠬᠢᠭᠤᠯᠤᠶ᠎ᠠ︾ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠲᠤᠪᠠᠷ ᠰᠠᠬᠢᠨ ᠬᠠᠮᠠᠭᠠᠯᠠᠶ᠎ᠠ︕ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠢᠳᠡᠭᠡᠨ ᠤ ᠠᠮᠤᠷ ᠲᠦᠪᠰᠢᠨ ᠢ ᠬᠠᠮᠲᠤ ᠳᠤᠨᠢ ᠪᠠᠶᠢᠴᠠᠭᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/11/4
    ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ︽ᠨᠡᠶᠢᠭᠡᠮ ᠨᠡᠶᠢᠲᠡ ᠪᠠᠷ ᠢᠶᠠᠨ ᠬᠠᠮᠲᠤᠪᠠᠷ ᠵᠠᠰᠠᠬᠤ︾ ᠬᠢᠨᠠᠯᠲᠠ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠬᠡᠷᠡᠭᠵᠢᠭᠦᠯᠬᠦ ᠶᠢᠨ  ᠳᠣᠯᠠᠳᠠ᠂ 11 ᠰᠠᠷ᠎ᠠ ᠶᠢᠨ 3 ᠤ ᠡᠳᠦᠷ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠢᠳᠡᠭᠡᠨ ᠤᠮᠳᠠᠭᠠᠨ ᠤ ᠨᠡᠶᠢᠭᠡᠮᠯᠢᠭ ᠤᠨ ᠲᠥᠯᠥᠭᠡᠯᠡᠭᠴᠢ᠂ ᠵᠠᠭᠤᠴᠢᠯᠠᠭᠤᠷ ᠤᠨ ᠰᠤᠷᠪᠤᠯᠵᠢᠯᠠᠭᠴᠢ ᠶᠢ ᠣᠷᠢᠵᠦ᠂ ᠢᠳᠡᠭᠡᠨ ᠤᠮᠳᠠᠭᠠᠨ ᠤ ᠠᠵᠤ ᠠᠬᠤᠶᠢᠯᠠᠯ ᠳᠤ ᠣᠴᠢᠵᠦ᠂ ︽ᠢᠳᠡᠭᠡᠨ ᠤ ᠠᠮᠤᠷ ᠲᠦᠪᠰᠢᠨ ᠢ ᠬᠠᠮᠳᠦ ᠪᠠᠷ ᠪᠠᠶᠢᠴᠠᠭᠠᠬᠤ︾ ᠠᠵᠢᠯᠯᠠᠭ᠎ᠠ ᠦᠷᠨᠢᠬᠦᠯᠪᠡ᠃
    ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠵᠠᠬᠢᠶᠠᠯᠠᠭ᠎ᠠ ᠶᠢᠨ ᠬᠤᠭᠤᠯᠠᠨ ᠤ ᠬᠥᠮᠥᠰ ᠤᠨ ᠬᠦᠷᠢᠶᠡᠯᠡᠯ ᠢ ᠣᠯᠣᠭᠰᠠᠨ᠂ ᠬᠤᠭᠤᠯᠠ ᠵᠠᠬᠢᠶᠠᠯᠠᠬᠤ ᠨᠢ ᠠᠷᠪᠢᠨ᠂ ᠬᠡᠷᠡᠭᠯᠡᠭᠴᠢᠳ ᠤᠨ ᠤᠷᠤᠰᠬᠠᠯ ᠤᠨ ᠬᠡᠮᠵᠢᠶ᠎ᠡ ᠨᠢ ᠶᠡᠭᠡ ᠬᠡᠯᠬᠢᠶ᠎ᠡ ᠢᠳᠡᠭᠡᠨ ᠤᠮᠳᠠᠭᠠᠨ ᠤ ᠳᠡᠯᠭᠡᠭᠦᠷ ᠪᠠ ︽ᠰᠦᠯᠵᠢᠶᠡᠨ ᠤ ᠣᠳᠦ︾ ᠪᠣᠯᠣᠭᠰᠠᠨ ᠢᠳᠡᠭᠡᠨ ᠤᠮᠳᠠᠭᠠᠨ ᠤ ᠳᠡᠯᠭᠡᠭᠦᠷ ᠢ ᠲᠣᠬᠢᠶᠠᠯᠳᠤᠯ ᠢᠶᠠᠷ ᠰᠣᠩᠭᠤᠨ ᠠᠪᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠬᠠᠮᠢᠶᠠᠷᠤᠯᠲᠠ᠂ ᠠᠵᠢᠯ ᠡᠷᠬᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠲᠦᠭᠦᠬᠡᠢ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠢᠳᠡᠭᠡᠨ ᠤᠮᠳᠠᠭᠠᠨ ᠤ ᠡᠳ᠋ᠰᠢᠭᠦᠯᠦᠨ ᠦᠶᠯᠡᠳᠬᠦ ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠨ ᠴᠡᠪᠡᠷᠯᠡᠵᠦ ᠠᠷᠢᠭᠤᠳᠬᠠᠬᠤ᠂ ᠠᠷᠤ ᠲᠠᠯ᠎ᠠ ᠶᠢᠨ ᠲᠣᠭᠤᠭᠠᠨ ᠭᠡᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠭᠡᠷᠡᠴᠢ ᠦᠨᠡᠮᠯᠡᠯ ᠢ ᠢᠯᠡ ᠨᠡᠶᠢᠲᠡᠯᠡᠬᠦ᠂ ᠡᠳ᠋ᠰᠢᠭᠦᠯᠦᠨ ᠦᠶᠯᠡᠳᠬᠦ ᠵᠡᠷᠭᠡ ᠭᠤᠭᠴᠤᠭ᠎ᠠ ᠪᠠᠷ ᠲᠤᠬᠠᠢ ᠶᠢᠨ ᠲᠠᠯᠠᠪᠤᠷ ᠲᠤᠨᠢ ᠪᠠᠶᠢᠴᠠᠭᠠᠯᠲᠠ ᠬᠢᠪᠡ᠃
   ᠤᠯᠠ᠊‍ᠨ ᠢᠶᠠᠷ ᠢᠶᠠᠨ᠂ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠢ ᠬᠢᠨᠠᠯᠲᠠ ᠪᠠᠶᠢᠴᠠᠭᠠᠯᠲᠠ ᠳᠤ ᠣᠷᠣᠯᠴᠠᠭᠤᠯᠵᠤ ᠂ ᠢᠳᠡᠭᠡᠨ ᠤᠮᠳᠠᠭᠠᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠬᠠᠮᠲᠤ ᠶᠢᠨ ᠵᠠᠰᠠᠯᠲᠠ ᠶᠢ ᠪᠦᠲᠦᠮᠵᠢᠲᠡᠢ ᠠᠬᠢᠭᠤᠯᠵᠤ᠂ ᠨᠡᠶᠢᠭᠡᠮ ᠤᠨ ᠬᠠᠮᠲᠤ ᠶᠢᠨ ᠵᠠᠰᠠᠯᠲᠠ ᠶᠢᠨ ᠨᠡᠯᠢᠶᠡᠳ ᠰᠠᠶᠢᠨ ᠠᠭᠤᠷ ᠠᠮᠢᠰᠬᠤᠯ ᠢ ᠪᠤᠢ ᠪᠣᠯᠭᠠᠵᠤ᠂ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠵᠤ ᠴᠢᠳᠠᠨ᠎ᠠ ᠭᠡᠵᠦ ᠢᠯᠡᠳᠬᠡᠵᠡᠭᠡᠪᠡ᠃    ︽ᠢᠳᠡᠭᠡᠨ ᠤ ᠠᠮᠤᠷ ᠲᠦᠪᠰᠢᠨ ᠢ ᠬᠠᠮᠲᠤ ᠳᠤᠨᠢ ᠪᠠᠶᠢᠴᠠᠭᠠᠬᠤ︾ ᠠᠵᠢᠯᠯᠠᠭ᠎ᠠ ᠪᠣᠯ ᠬᠠᠤᠯᠢ ᠬᠡᠷᠡᠭᠵᠢᠭᠦᠯᠦᠯᠲᠡ ᠶᠢ ᠢᠯᠡ ᠲᠣᠳᠣ ᠪᠣᠯᠭᠠᠬᠤ ᠶᠢᠨ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠮᠥᠨ᠃ ᠲᠠᠷᠠᠭᠠᠴᠢ ᠶᠢᠨ ᠠᠯᠬᠤᠮ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠨᠡ ᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︽ᠵᠢᠵᠢᠭ ᠠᠰᠠᠭᠤᠳᠠᠯ︾ ᠠᠴᠠ ᠭᠠᠷᠳᠠᠵᠤ᠂ ︽ᠶᠡᠭᠡ ᠦᠢᠯᠡᠳᠦᠯᠭᠡ︾ ᠶᠢ ᠳᠠᠶᠢᠴᠢᠯᠠᠨ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠢᠳᠡᠭᠡᠨ ᠤᠮᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠎ᠡ
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号