【 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠤᠯᠠᠷᠠᠭᠤᠯᠬᠤ ᠦᠭᠡᠢ 】 ᠮᠠᠨ ᠤ ᠬᠤᠲᠠ ᠰᠢᠤᠳᠠᠨ ᠤ ᠲᠦᠷᠭᠡᠨ ᠬᠦᠷᠭᠡᠯᠲᠡ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/11/9
      11 ᠰᠠᠷ᠎ᠠ ᠶᠢᠨ 8 ᠤ ᠡᠳᠦᠷ᠂ ᠬᠤᠲᠠ ᠶᠢᠨ ᠰᠢᠤᠳᠠᠨ ᠤ ᠲᠦᠷᠭᠡᠨ ᠬᠦᠷᠭᠡᠯᠲᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠢᠨᠠᠨ ᠬᠠᠮᠢᠶᠠᠷᠬᠤ ᠲᠤᠰᠬᠠᠢ ᠠᠩᠭᠢ ᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠶᠤᠸᠠᠨ ᠲᠦᠩ᠂ ᠱᠦᠨ ᠹᠧᠩ᠂ ᠵᠢᠩ ᠳ᠋ᠦᠩ ᠵᠡᠷᠭᠡ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠪᠠᠷᠠᠭ᠎ᠠ ᠢᠯᠭᠠᠨ ᠬᠤᠪᠢᠶᠠᠷᠢᠯᠠᠬᠤ ᠲᠥᠪ ᠪᠠ ᠡᠵᠡᠩᠨᠡᠯᠲᠡ ᠶᠢᠨ ᠴᠢᠭ ᠲᠤ ᠭᠦᠨᠵᠡᠭᠡᠶᠢᠷᠡᠨ ᠰᠢᠤᠳᠠᠨ ᠤ ᠲᠦᠷᠭᠡᠨ ᠬᠦᠷᠭᠡᠯᠲᠡ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃      ᠶᠤᠸᠠᠨ ᠲᠦᠩ ᠲᠦᠷᠭᠡᠨ ᠬᠦᠷᠭᠡᠯᠲᠡ ᠶᠢᠨ ᠪᠠᠷᠠᠭ᠎ᠠ ᠢᠯᠭᠠᠨ ᠬᠤᠪᠢᠶᠠᠷᠢᠯᠠᠬᠤ ᠲᠥᠪ ᠲᠤ᠂ ᠪᠠᠶᠢᠴᠠᠭᠠᠬᠤ ᠳᠤᠭᠤᠶᠢᠯᠠᠩ ᠤᠨ ᠬᠢᠨ ᠲᠦᠷᠭᠡᠨ ᠬᠦᠷᠭᠡᠯᠲᠡ ᠶᠢᠨ ᠲᠡᠷᠭᠡ ᠪᠠᠭᠤᠯᠭᠠᠬᠤ ᠭᠤᠭᠴᠤᠭ᠎ᠠ᠂ ᠰᠢᠤᠳᠠᠨ ᠤ ᠬᠦᠷᠭᠡᠯᠳᠠ  ᠶᠢᠨ ᠪᠠᠷᠠᠭ᠎ᠠ ᠶᠢ ᠵᠢᠷᠭᠤᠭᠠᠨ ᠲᠠᠯ᠎ᠠ ᠠᠴᠠ ᠠᠷᠢᠭᠤᠳᠬᠠᠵᠦ᠂ ᠪᠠᠷᠠᠭ᠎ᠠ ᠢᠯᠭᠠᠨ ᠬᠤᠪᠢᠶᠠᠷᠢᠯᠠᠬᠤ ᠵᠢᠴᠢ ᠲᠠᠯᠠᠪᠤᠷ ᠭᠠᠵᠠᠷ ᠢ ᠠᠷᠢᠭᠤᠳᠬᠠᠬᠤ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠬᠤ ᠶᠢᠨ ᠬᠠᠮᠲᠤ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠵᠦ᠂ ᠢᠯᠡᠷᠡᠭᠦᠯᠦᠭᠰᠡᠨ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠵᠠᠷᠯᠢᠭᠳᠠᠨ ᠳᠠᠷᠤᠶᠢᠬᠠᠨ ᠴᠡᠭᠴᠡᠯᠡᠨ ᠰᠠᠶᠢᠵᠢᠷᠠᠭᠤᠯᠪᠠ᠃       ᠪᠤᠰᠤᠳ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠳᠤ᠂ ᠪᠠᠶᠢᠴᠠᠭᠠᠬᠤ ᠳᠤᠭᠤᠶᠢᠯᠠᠩ ᠤᠨ ᠬᠢᠨ ᠵᠢᠷᠭᠤᠭᠠᠨ ᠲᠠᠯ᠎ᠠ ᠶᠢᠨ ᠰᠦᠷᠴᠢᠨ ᠠᠷᠢᠯᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠢ ᠨᠥᠭᠡᠴᠡᠯᠡᠬᠦ᠂ ᠠᠵᠢᠯᠲᠠᠨ ᠢ ᠪᠣᠯᠪᠠᠰᠤᠷᠠᠭᠤᠯᠬᠤ ᠵᠡᠷᠭᠡ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠡᠯᠡᠳᠬᠡᠯ ᠠᠵᠢᠯ ᠤᠨ ᠪᠠᠶᠢᠳᠠᠯ ᠢ ᠨᠠᠷᠢᠨ ᠪᠠᠶᠢᠴᠠᠭᠠᠨ ᠦᠵᠡᠭᠰᠡᠨ ᠪᠥᠭᠡᠳ ᠠᠵᠤ ᠠᠬᠤᠶᠢᠯᠠᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠢ ᠭᠡᠵᠦ ᠵᠠᠬᠢᠭᠰᠠᠨ ᠪᠠᠶᠢᠨ᠎ᠠ᠃      ᠪᠠᠶᠢᠴᠠᠭᠠᠬᠤ ᠳᠤᠭᠤᠶᠢᠯᠠᠩ ᠠᠴᠠ᠂ ᠲᠦᠷᠭᠡᠨ ᠬᠦᠷᠭᠡᠯᠳᠠ ᠶᠢᠨ ᠠᠵᠤ ᠠᠬᠤᠶᠢᠯᠠᠯ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠷᠬᠡ ᠬᠠᠲᠠᠭᠤᠵᠢᠯᠲᠤ ᠴᠢᠨᠠᠷ ᠪᠠ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠵᠠᠪᠰᠢᠬᠤ ᠰᠡᠳᠬᠢᠴᠡ ᠶᠢ ᠲᠡᠪᠴᠢᠵᠦ᠂ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠯᠳᠠ᠂ ᠲᠠᠯᠠᠪᠤᠷ ᠭᠠᠵᠠᠷ ᠲᠤ ᠰᠠᠯᠬᠢ ᠨᠡᠪᠲᠡᠷᠡᠭᠦᠯᠬᠦ ᠪᠠ ᠰᠢᠤᠳᠠᠨ ᠤ ᠬᠦᠷᠭᠡᠯᠳᠠ ᠶᠢᠨ ᠪᠠᠷᠠᠭ᠎ᠠ  ᠶᠢ ᠠᠷᠢᠭᠤᠳᠬᠠᠨ ᠠᠷᠢᠯᠭᠠᠬᠤ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠢ᠃ ᠠᠵᠢᠯᠯᠠᠵᠤ ᠪᠠᠶᠢᠭ᠎ᠠ ᠬᠥᠮᠥᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ︽ᠡᠳᠦᠷ ᠪᠦᠷᠢ ᠨᠢᠭᠡ ᠤᠳᠠᠭ᠎ᠠ ᠪᠠᠶᠢᠴᠠᠭᠠᠬᠤ︾᠂ ᠠᠵᠢᠯᠯᠠᠬᠤ ᠲᠠᠯᠠᠪᠤᠷ᠂ ᠲᠡᠷᠭᠡ ᠬᠥᠰᠬᠡ ᠵᠢᠴᠢ ᠲᠦᠷᠭᠡᠨ ᠬᠦᠷᠭᠡᠬᠦ ᠵᠦᠢᠯ ᠢ ᠤᠰᠠᠳᠬᠠᠬᠤ᠂ ᠲᠦᠷᠭᠡᠨ ᠬᠦᠷᠭᠡᠬᠦ ᠵᠦᠢᠯ ᠢ ᠳᠣᠷ᠎ᠠ ᠪᠠᠷ ᠬᠦᠳᠡᠯᠭᠡᠭᠦ ᠦᠭᠡᠢ ᠪᠠᠶᠢᠬᠤ ᠵᠡᠷᠭᠡ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠥᠮᠥᠨ᠂ ᠪᠣᠳᠠᠰ᠂ ᠣᠷᠴᠢᠨ ᠲᠣᠭᠤᠷᠢᠨ︾ ᠢ ᠬᠠᠮᠲᠤ ᠳᠤᠨᠢ ᠰᠡᠷᠭᠡᠶᠢᠯᠡᠬᠦ ᠶᠢ ᠪᠡᠶᠡᠯᠡᠭᠦᠯᠬᠦ ᠬᠡᠷᠡᠭᠲᠡᠢ᠃ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠠᠵᠢᠯᠯᠠᠵᠤ ᠪᠠᠶᠢᠭ᠎ᠠ ᠬᠥᠮᠥᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠵᠦ᠂ ᠠᠵᠢᠯᠲᠠᠳ ᠤᠨ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠲᠠᠢ ᠪᠠᠶᠢᠬᠤ ᠶᠢ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠠᠪᠤᠴᠠ ᠶᠢ ᠣᠶᠢᠯᠠᠭᠠᠵᠤ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠨᠠᠷᠢᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠢᠯᠡᠭᠡᠵᠦ ᠬᠦᠷᠭᠡᠬᠦ ᠠᠷᠭ᠎ᠠ ᠵᠠᠮ ᠤᠨ ᠠᠮᠤᠷ ᠲᠦᠪᠰᠢᠨ ᠲᠣᠭᠲᠠᠭᠤᠨ ᠰᠠᠭᠠᠳ ᠦᠭᠡᠢ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号