【ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠠᠮᠤᠷ ᠲᠦᠪᠰᠢᠨ ᠬᠥᠭᠵᠢᠯᠲᠡ ᠶᠢ ᠠᠬᠢᠭᠤᠯᠤᠨ᠎ᠠ】 ᠭᠠᠯ ᠣᠨᠳᠠᠷᠠᠭᠠᠵᠦ ᠠᠪᠣᠷᠠᠨ ᠳᠣᠰᠠᠯᠠᠬᠤ ᠶᠡᠭᠡ ᠠᠩᠬᠢ ᠨᠡᠶᠢᠬᠡᠮ ᠳᠣᠭᠤᠷᠢᠭ ᠲᠤ ᠣᠷᠣᠵᠦ ᠣᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠦᠷᠨᠢᠬᠦᠯᠪᠡ
ᠨᠡᠶᠢᠲᠡᠯᠡᠭᠰᠡᠨ ᠴᠠᠭ᠄
2022/11/9
   ᠪᠦᠬᠦ ᠤᠯᠤᠰ ᠤᠨ 31 ᠳ᠋ᠣᠭᠡᠷ ᠭᠠᠯ ᠤᠨᠲᠠᠷᠠᠭᠠᠬᠤ ᠡᠳᠦᠷ ᠬᠦᠷᠴᠦ ᠢᠷᠡᠬᠦ ᠭᠡᠵᠦ ᠪᠠᠶᠢᠭ᠎ᠠ ᠦᠶ᠎ᠡ ᠳᠤ᠂ 11 ᠰᠠᠷ᠎ᠠ   ᠶᠢᠨ 6 ᠤ ᠡᠳᠦᠷ ᠬᠤᠲᠠ ᠶᠢᠨ ᠪᠠᠴᠢᠮ ᠪᠠᠶᠢᠳᠠᠯ   ᠢ ᠠᠷᠭᠠᠴᠠᠬᠤ ᠬᠠᠮᠢᠶᠠᠷᠤᠯᠲᠠ   ᠶᠢᠨ ᠲᠣᠪᠴᠢᠶ᠎ᠠ ᠭᠠᠯ ᠤᠨᠲᠠᠷᠭᠠᠵᠤ ᠠᠪᠤᠷᠠᠨ ᠲᠤᠰᠠᠯᠠᠬᠤ ᠶᠡᠭᠡ ᠠᠩᠭᠢ᠂ ᠤᠮᠠᠷᠠᠲᠤ ᠬᠢᠯᠢ ᠶᠢᠨ ᠨᠡᠶᠢᠭᠡᠮ ᠲᠣᠭᠤᠷᠢᠭ ᠲᠠᠢ ᠬᠠᠮᠲᠤᠷᠠᠨ ︽ᠭᠠᠯ ᠤᠨᠲᠠᠷᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ  ᠭᠠᠯ ᠤᠨ ᠠᠶᠣᠯ ᠠᠴᠠ ᠰᠡᠷᠬᠡᠶᠢᠯᠡᠶ᠎ᠡ︾ ᠭᠡᠰᠡᠨ ᠭᠤᠣᠯ ᠰᠡᠳᠦᠪᠲᠦ ᠭᠠᠯ ᠤᠨᠲᠠᠷᠠᠭᠠᠬᠤ ᠤᠬᠠᠭᠤᠯᠭ᠎ᠠ   ᠶᠢᠨ ᠰᠠᠷ᠎ᠠ   ᠶᠢᠨ ᠠᠵᠢᠯᠯᠠᠭ᠎ᠠ   ᠶᠢᠨ ᠡᠬᠢᠯᠡᠯᠲᠡ   ᠶᠢᠨ ᠶᠣᠰᠣᠯᠠᠯ ᠶᠠᠪᠤᠭᠤᠯᠪᠠ᠃
    ᠠᠵᠢᠯᠯᠠᠭ᠎ᠠ ᠶᠢᠨ ᠳᠤᠮᠳᠠ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠲᠣᠨᠣᠭᠯᠠᠯ ᠤᠨ ᠦᠵᠡᠭᠦᠯᠦᠯᠭᠡ ᠶᠢᠨ ᠲᠣᠭᠤᠷᠢᠭ᠂ ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠯᠠᠪᠯᠠᠯᠭ᠎ᠠ ᠶᠢᠨ ᠲᠠᠪᠴᠠᠩ᠂ ᠭᠠᠯ ᠤᠨᠲᠠᠷᠠᠭᠠᠬᠤ ᠰᠣᠨᠢᠷᠬᠠᠯᠳᠤ ᠲᠣᠭᠯᠠᠭᠠᠮ᠂ ᠭᠠᠯ ᠤᠨᠲᠠᠷᠠᠭᠠᠬᠤ ᠰᠣᠷᠢᠯᠲᠠ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠥᠷᠭᠡᠨ ᠣᠯᠠᠨ ᠬᠤᠲᠠ ᠶᠢᠨ ᠠᠷᠠᠳ ᠢ ᠤᠷᠢᠶᠠᠯᠠᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠳᠤ ᠢᠳᠡᠪᠬᠢᠲᠡᠢ ᠣᠷᠣᠯᠴᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠢ ᠴᠠᠭ ᠢᠮᠠᠭᠲᠠ ᠠᠩᠬᠠᠷᠴᠤ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠤᠬᠠᠮᠰᠠᠷ   ᠠᠴᠠ ᠪᠠᠨ ᠰᠤᠷᠤᠯᠴᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠶᠢ ᠣᠷᠢᠶᠠᠯᠠᠪᠠ᠃
     ᠭᠠᠯ ᠤᠨᠲᠠᠷᠠᠭᠠᠬᠤ ᠵᠤᠭ᠎ᠠ ᠴᠡᠩᠭᠡᠯ ᠤᠨ ᠲᠣᠭᠯᠠᠭᠠᠮ ᠤᠨ ᠭᠤᠭᠴᠤᠭ᠎ᠠ ᠳᠤ᠂ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢᠳ ᠬᠠᠷᠢᠯᠴᠠᠨ ᠬᠥᠳᠡᠯᠦᠯᠴᠡᠬᠦ ᠬᠡᠯᠪᠡᠷᠢ ᠪᠠᠷ ᠰᠠᠭᠤᠭᠠᠯᠢ ᠠᠷᠠᠳ ᠠᠴᠠ ᠭᠠᠯ ᠤᠨᠲᠠᠷᠠᠭᠠᠬᠤ ᠬᠠᠮᠢᠶ᠎ᠠ ᠪᠦᠬᠦᠢ ᠮᠡᠳᠡᠯᠭᠡ ᠶᠢ ᠠᠰᠠᠭᠤᠬᠤ ᠪᠤᠶᠤ ᠭᠠᠯ ᠤᠨᠲᠠᠷᠠᠭᠠᠬᠤ ᠠᠮᠤᠷ ᠲᠦᠪᠰᠢᠨ ᠤ ᠢᠯᠡᠳᠬᠡᠮᠵᠢ ᠲᠡᠮᠳᠡᠭ ᠢ ᠢᠯᠭᠠᠵᠤ᠂ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠢᠳᠡᠪᠬᠢᠲᠡᠢ ᠣᠷᠣᠯᠴᠠᠵᠤ᠂ ᠥᠷᠭᠡᠨ ᠤᠯᠠᠨ ᠬᠤᠳᠠ ᠶᠢᠨ ᠠᠷᠠᠳ ᠤᠨ ᠭᠠᠯ ᠤᠨᠲᠠᠷᠠᠭᠠᠬᠤ ᠶᠢ ᠰᠤᠷᠤᠯᠴᠠᠬᠤ᠂ ᠭᠠᠯ ᠤᠨᠲᠠᠷᠠᠭᠠᠬᠤ ᠳᠤ ᠣᠷᠤᠯᠴᠠᠬᠤ᠂ ᠭᠠᠯ ᠤᠨᠲᠠᠷᠠᠭᠠᠬᠤ ᠶᠢ ᠳᠡᠮᠵᠢᠬᠦ᠂ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠪᠠᠲᠤ ᠪᠠᠬᠢ ᠬᠠᠯᠬᠠᠪᠴᠢ ᠶᠢ ᠬᠠᠮᠲᠤᠪᠠᠷ ᠴᠣᠭᠴᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠴᠢᠨᠠᠭᠰᠢᠳᠠ ᠬᠥᠭᠵᠢᠭᠡᠵᠡᠢ᠃
     ᠠᠰᠠᠷ ᠤᠨ ᠬᠤᠩᠭᠢᠯ ᠳᠤ ᠡᠯᠳᠡᠪ ᠶᠠᠭᠤᠮ᠎ᠠ ᠣᠪᠣᠭᠠᠯᠠᠬᠤ᠂ ᠠᠮᠢ ᠵᠢᠭᠤᠲᠠᠬᠤ ᠵᠠᠮ ᠢ ᠡᠵᠡᠯᠡᠨ ᠬᠡᠷᠡᠭᠯᠡᠬᠦ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠥᠷᠥᠭᠡᠨ ᠳᠤ ᠴᠠᠬᠢᠯᠭᠠᠨ ᠴᠡᠨᠡᠭᠯᠡᠬᠦ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠨᠢ ᠶᠡᠷᠦ ᠨᠢ ᠰᠠᠭᠤᠭᠠᠯᠢ ᠠᠷᠠᠳ ᠤᠨ ᠳᠡᠷᠭᠡᠳᠡ ᠨᠢᠭᠤᠭᠳᠠᠵᠤ ᠪᠠᠶᠢᠳᠠᠭ᠃ ᠭᠠᠯ ᠤᠨᠲᠠᠷᠠᠭᠠᠬᠤ ᠰᠣᠷᠢᠯᠲᠠ ᠶᠢᠨ ᠭᠤᠭᠴᠤᠭ᠎ᠠ ᠳᠤ᠂ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢᠳ ᠨᠢᠭᠤᠷᠳᠠᠨ ᠲᠠᠶᠢᠯᠪᠤᠷᠢᠯᠠᠬᠤ᠂ ᠪᠡᠶ᠎ᠡ ᠪᠠᠷ ᠢᠶᠠᠨ ᠵᠢᠯᠤᠭᠤᠳᠬᠤ ᠠᠷᠭ᠎ᠠ ᠪᠠᠷ ᠤᠯᠠᠨ ᠢ ᠬᠠᠪᠰᠤᠷᠤᠨ ᠬᠤᠣᠷ ᠬᠥᠨᠥᠭᠡᠯ ᠢ ᠲᠣᠳᠣᠷᠬᠠᠢ ᠲᠠᠨᠢᠭᠤᠯᠵᠤ᠂ ᠠᠶᠤᠯᠲᠠᠢ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠬᠤ ᠶᠢᠨ ᠬᠠᠮᠲᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠵᠥᠪ ᠣᠨᠣᠪᠴᠢᠲᠠᠢ ᠬᠡᠷᠡᠭᠯᠡᠬᠦ ᠶᠢ ᠵᠢᠭᠠᠵᠠᠢ᠃ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢᠳ ᠤᠨ ᠵᠢᠯᠣᠭᠤᠳᠤᠯᠭ᠎ᠠ ᠳᠣᠣᠷ᠎ᠠ᠂ ᠵᠠᠷᠢᠮ ᠬᠤᠳᠠ ᠶᠢᠨ ᠠᠷᠠᠳ ᠪᠠᠰᠠ ᠲᠤᠬᠠᠢ ᠶᠢᠨ ᠲᠠᠯᠠᠪᠠᠢ ᠳᠤ ᠭᠠᠯ ᠤᠨᠲᠠᠷᠠᠭᠠᠬᠤ ᠪᠣᠳᠠᠲᠤ ᠪᠠᠶᠢᠯᠳᠤᠭᠠᠨ ᠤ ᠰᠣᠷᠢᠯᠲᠠ ᠳᠤ  ᠣᠷᠣᠯᠴᠠᠪᠠ᠃
      ᠣᠶᠢᠯᠠᠭᠠᠭᠰᠠᠨ ᠢᠶᠠᠷ᠂ ᠡᠨᠡ ᠵᠢᠯ ᠠᠴᠠ ᠣᠳᠣᠬᠠᠨ ᠪᠣᠯᠲᠠᠯ᠎ᠠ᠂ ᠮᠠᠨ ᠤ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠨᠡᠶᠢᠲᠡ 54 ᠤᠳᠠᠭ᠎ᠠ ᠳᠠᠭᠤᠳᠠᠯᠭ᠎ᠠ ᠭᠥᠯᠢᠶᠡᠨ ᠠᠪᠤᠭᠰᠠᠨ ᠪᠠᠶᠢᠨ᠎ᠠ᠃ ᠡᠭᠦᠨ ᠳᠤ᠂ 31 ᠭᠠᠯ ᠤᠨ ᠭᠠᠮᠰᠢᠭ   ᠢ ᠰᠢᠢᠳᠪᠦᠷᠢᠯᠡᠵᠦ᠂ 11 ᠠᠶᠤᠯ   ᠠᠴᠠ ᠠᠪᠤᠷᠠᠨ ᠲᠤᠰᠠᠯᠠᠵᠤ᠂ 10 ᠨᠡᠶᠢᠭᠡᠮ ᠤᠨ ᠠᠪᠤᠷᠠᠨ ᠳᠣᠰᠠᠯᠠᠯᠳᠠ ᠬᠢᠵᠦ᠂ 2 ᠠᠯᠪᠠᠨ ᠶᠠᠪᠤᠳᠠᠯ ᠤᠨ ᠡᠭᠦᠷᠭᠡ ᠬᠦᠢᠴᠡᠳᠬᠡᠪᠡ᠃ ᠬᠠᠰᠢᠭᠳᠠᠭᠰᠠᠨ 11 ᠬᠥᠮᠥᠨ   ᠢ ᠲᠦᠷᠭᠡᠨ ᠠᠪᠤᠷᠠᠵᠤ᠂ 312.8 ᠲᠦᠮᠡᠨ ᠲᠥᠭᠦᠷᠢᠭ ᠤᠨ ᠡᠳ᠋ ᠬᠥᠷᠥᠩᠭᠡ ᠶᠢ ᠲᠦᠷᠭᠡᠨ ᠠᠪᠤᠷᠠᠵᠠᠢ᠃ ᠠᠯᠢ ᠣᠯᠠᠨ ᠲᠤᠭ᠎ᠠ ᠪᠠᠷᠢᠮᠲᠠ ᠶᠢᠨ ᠠᠷᠤ ᠳᠤ᠂ ᠥᠷᠭᠡᠨ ᠣᠯᠠᠨ ᠰᠠᠭᠤᠭᠠᠯᠢ ᠠᠷᠠᠳ ᠲᠤ ᠭᠠᠯ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠭᠠᠯ ᠤᠨᠲᠠᠷᠠᠭᠠᠬᠤ ᠦᠵᠡᠯᠲᠡ ᠪᠠᠨ ᠴᠢᠩᠭᠠᠳᠬᠠᠬᠤ ᠬᠡᠷᠡᠭᠲᠡᠢ ᠭᠡᠵᠦ ᠴᠠᠭ ᠢᠮᠠᠭᠲᠠ ᠰᠠᠨᠠᠭᠤᠯᠵᠤ ᠪᠠᠶᠢᠳᠠᠭ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号