︽ᠤᠯᠠᠨ ᠢᠶᠠᠷ ᠢᠶᠠᠨ ᠬᠦᠴᠦ ᠪᠠᠨ ᠬᠠᠮᠲᠤᠳᠬᠠᠵᠤ ᠬᠢᠵᠢᠭ ᠢ ᠡᠰᠡᠷᠭᠦᠴᠡᠪᠡᠯ ᠯᠠᠪᠲᠠᠢ ᠢᠯᠠᠨ᠎ᠠ · ᠪᠠᠷᠠᠭᠠᠨ ᠤ ᠲᠡᠭᠡᠭᠡᠪᠦᠷᠢ ᠶᠢ ᠲᠣᠭᠲᠠᠪᠤᠷᠢᠵᠢᠭᠤᠯᠵᠤ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠨ᠎ᠠ︾ ᠡᠷᠢᠶᠡᠨ ᠪᠣᠭᠤᠮᠲᠠ ᠶᠢᠨ ᠬᠢᠨ  ᠮᠠᠨ ᠤ ᠣᠯᠣᠰ ᠲᠤ ᠦᠢᠯᠡᠳᠪᠦᠷᠢᠯᠡᠭᠰᠡᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠳᠤ ᠬᠦᠴᠦᠨ ᠨᠡᠮᠡᠷᠢᠯᠡᠵᠦ᠂ ᠭᠠᠳᠠᠭᠠᠳᠤ ᠳᠤ ᠭᠠᠷᠭᠠᠬᠤ ᠪᠠᠷᠠᠭᠠᠨ ᠤ ᠦᠷᠳᠡᠭ  ᠨᠢ 8 ᠳ᠋ᠦᠩᠰᠢᠭᠤᠷ ᠲᠥᠭᠦᠷᠢᠭ ᠲᠤ ᠬᠦᠷᠴᠡᠢ︕
ᠨᠡᠶᠢᠲᠡᠯᠡᠭᠰᠡᠨ ᠴᠠᠭ᠄
2022/12/1
    11 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠵᠢᠢ ᠯᠢ ᠮᠠᠰᠢᠨ ᠲᠡᠷᠭᠡᠨ ᠤ ᠪᠦᠯᠦᠭᠯᠡᠯ ᠤᠨ ᠦᠢᠯᠡᠳᠪᠦᠷᠢᠯᠡᠭᠰᠡᠨ 200 ᠭᠠᠷᠤᠢ ᠭᠡᠷ ᠤᠨ ᠬᠡᠷᠡᠭᠯᠡᠭᠡᠨ ᠤ ᠮᠠᠰᠢᠨ ᠲᠡᠷᠭᠡ ᠶᠢ ᠬᠤᠸᠠᠨ ᠢᠦᠢ ᠪᠠᠷᠠᠭᠠᠨ ᠤ ᠭᠦᠢᠯᠭᠡᠭᠡᠨ ᠤ ᠲᠣᠭᠤᠷᠢᠭ ᠲᠤ ᠵᠢᠭᠰᠠᠭᠠᠵᠦ᠂ ᠡᠷᠢᠶᠡᠨ ᠪᠣᠭᠤᠮᠲᠠ ᠶᠢᠨ ᠠᠵᠢᠯᠲᠠᠨ ᠤ ᠬᠢᠨᠠᠨ ᠬᠠᠮᠢᠶᠠᠷᠤᠯᠲᠠ ᠪᠠᠷ ᠳᠡᠮᠵᠢᠨ᠂ ᠮᠣᠩᠭᠤᠯ ᠤᠯᠤᠰ ᠲᠤ ᠭᠠᠷᠭᠠᠪᠠ᠃
  ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠲᠦᠷᠦᠭᠦᠸ 10 ᠰᠠᠷ᠎ᠠ ᠳᠤ ᠡᠷᠢᠶᠡᠨ ᠪᠣᠭᠤᠮᠲᠠ ᠶᠢᠨ ᠬᠢᠨᠠᠨ ᠬᠠᠮᠢᠶᠠᠷᠴᠤ ᠪᠠᠶᠢᠭ᠎ᠠ ᠭᠠᠳᠠᠭᠠᠳᠤ ᠳᠤ ᠭᠠᠷᠭᠠᠬᠤ ᠲᠠᠸᠠᠷ ᠤᠨ ᠲᠡᠷᠭᠡ 6494 ᠤᠳᠠᠭ᠎ᠠ ᠳᠤ ᠬᠦᠷᠴᠦ᠂ ᠪᠠᠷᠠᠭᠠᠨ ᠤ ᠥᠷᠲᠡᠭ ᠨᠢ 8 ᠳ᠋ᠦᠩᠰᠢᠭᠤᠷ ᠲᠥᠭᠦᠷᠢᠭ ᠰᠢᠬᠠᠮ ᠠᠷᠠᠳ ᠤᠨ ᠵᠣᠭᠤᠰ ᠲᠤ ᠬᠦᠷᠴᠡᠢ᠃
     ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠭᠠᠳᠠᠭᠠᠳᠤ ᠠᠷᠠᠯᠵᠢᠶᠠᠨ ᠤ ᠲᠣᠭᠲᠠᠭᠤᠨ ᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠬᠦ ᠠᠷᠪᠠᠨ ᠵᠦᠢᠯ ᠤᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠣᠳᠠᠲᠠᠢ ᠬᠦᠰᠡᠯ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠠᠵᠢᠯ ᠢᠶᠠᠨ ᠪᠦᠲᠦᠭᠡᠯᠴᠢ ᠪᠠᠷ ᠥᠷᠨᠢᠭᠦᠯᠵᠦ᠂ ᠠᠵᠢᠯ ᠤᠨ ᠲᠣᠭᠲᠠᠴᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠠᠷᠠᠭᠠᠨ ᠤ ᠭᠦᠢᠯᠭᠡᠭᠡᠨ ᠤ ᠠᠷᠭ᠎ᠠ ᠵᠠᠮ ᠢ ᠰᠢᠯᠤᠭᠤᠳᠬᠠᠵᠤ᠂ ᠮᠠᠨ ᠤ ᠤᠯᠤᠰ ᠲᠤ ᠦᠢᠯᠡᠳᠪᠦᠷᠢᠯᠡᠭᠰᠡᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠳᠤ ᠪᠦᠬᠦ ᠬᠦᠴᠦᠨ ᠢᠶᠠᠷ ᠢᠶᠠᠨ ᠬᠦᠴᠦ ᠨᠡᠮᠡᠷᠢᠯᠡᠵᠡᠢ᠃ ᠰᠠᠭᠠᠳ ᠦᠭᠡᠢ ᠨᠡᠪᠲᠡᠷᠡᠬᠦ ᠵᠠᠮ᠂ ᠲᠥᠷᠥ ᠶᠢᠨ ᠪᠣᠳᠣᠯᠭ᠎ᠠ ᠬᠠᠷᠠᠭᠠᠯᠵᠠᠯ᠂ ᠪᠣᠭᠤᠮᠲᠠ ᠪᠠᠷ ᠲᠦᠷᠭᠡᠨ ᠦᠩᠭᠡᠷᠡᠬᠦ᠂ ᠬᠤᠳᠠᠯᠳᠤᠭ᠎ᠠ ᠡᠷᠭᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠨᠢ ᠬᠤᠯᠪᠣᠭᠳᠠᠯ ᠪᠦᠬᠦᠢ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠪᠠᠶᠢᠷᠢᠰᠢᠭᠤᠯᠤᠯᠲᠠ ᠶᠢ ᠨᠡᠮᠡᠭᠳᠡᠭᠦᠯᠬᠦ ᠶᠢ ᠲᠠᠲᠠᠵᠤ ᠪᠠᠶᠢᠨ᠎ᠠ᠃ ᠣᠳᠣᠬᠠᠨ ᠳᠤ᠂ ᠡᠷᠢᠶᠡᠨ ᠪᠣᠭᠤᠮᠲᠠ ᠪᠠᠷ ᠭᠠᠷᠬᠤ ᠮᠠᠰᠢᠨ ᠲᠡᠷᠭᠡᠨ ᠳᠤ ᠭᠤᠣᠯᠳᠠᠭᠤ ᠱᠠᠨᠰᠢ ᠶᠢᠨ ᠮᠠᠰᠢᠨ ᠲᠡᠷᠭᠡ᠂ ᠪᠡᠭᠡᠵᠢᠩ ᠤᠨ ᠳᠡᠷᠭᠡ᠂ ᠰᠢᠦᠢ ᠬᠦᠩ ᠵᠡᠷᠭᠡ ᠪᠠᠷᠢᠯᠭ᠎ᠠ ᠶᠢᠨ ᠮᠠᠰᠢᠨ ᠲᠡᠷᠭᠡ ᠵᠢᠴᠢ ᠵᠢᠯᠢ᠂ ᠴᠠᠩ ᠠᠨ᠂ ᠪᠢᠶᠠᠳᠢ ᠵᠡᠷᠭᠡ ᠭᠡᠷ ᠤᠨ ᠬᠡᠷᠡᠭᠯᠡᠭᠡᠨ ᠤ ᠮᠠᠰᠢᠨ ᠲᠡᠷᠭᠡ ᠪᠠᠭᠲᠠᠨ᠎ᠠ᠃
     ᠮᠠᠨ ᠤ ᠣᠯᠣᠰ ᠲᠤ ᠦᠢᠯᠡᠳᠪᠦᠷᠢᠯᠡᠭᠰᠡᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠶᠢ ᠤᠯᠠᠮ ᠨᠢᠭᠡ ᠠᠯᠬᠤᠮ ᠳᠡᠮᠵᠢᠬᠦ ᠶᠢᠨ ᠳᠣᠯᠠᠳᠠ᠂ ᠡᠷᠢᠶᠡᠨ ᠪᠣᠭᠤᠮᠲᠠ ᠶᠢᠨ ᠬᠢᠨ ᠬᠢᠨᠠᠨ ᠬᠠᠮᠢᠶᠠᠷᠬᠤ ᠲᠣᠭᠲᠠᠴᠠ ᠪᠠᠨ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠲᠥᠬᠦᠮ ᠦᠵᠡᠬᠦᠯᠵᠦ ᠠᠰᠢᠭ ᠨᠡᠮᠡᠭᠳᠡᠬᠦᠯᠬᠦ ᠶᠢ ᠭᠦᠢᠴᠡᠳ ᠪᠠᠳᠠᠷᠠᠭᠤᠯᠣᠨ᠎ᠠ︔ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠬᠢᠨᠠᠯᠲᠠ ᠬᠠᠮᠢᠶᠠᠷᠤᠯᠲᠠ ᠶᠢᠨ ᠬᠡᠯᠬᠢᠶ᠎ᠡ ᠶᠢ ᠴᠢᠩᠭᠠᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠦᠷᠭᠦᠯᠵᠢᠯᠡᠨ ᠪᠠᠳᠣᠳᠬᠠᠨ᠎ᠠ︔ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠬᠤ ᠶᠢ ᠬᠥᠲᠥᠯᠥᠨ ᠵᠢᠯᠤᠭᠤᠳᠴᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠶᠢᠨ ᠠᠷᠭ᠎ᠠ ᠮᠠᠶ᠋ᠢᠭ ᠲᠤ ᠲᠦᠰᠢᠭᠯᠡᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠬᠦᠢᠴᠡᠳ ᠬᠠᠩᠭᠠᠪᠠ᠃ ᠣᠳᠣᠬᠠᠨ ᠪᠣᠯᠲᠠᠯ᠎ᠠ᠂ 58 ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠳᠤ ᠬᠠᠷᠢᠭᠤᠯᠲᠠ ᠦᠭᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号