ᠮᠠᠨ ᠤ ᠬᠤᠲᠠ ᠶᠢᠨ ᠠᠩᠬᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠲᠣᠣᠷ ᠪᠥᠮᠪᠦᠭᠡ ᠶᠢᠨ ᠨᠥᠬᠦᠷᠰᠡᠭ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2022/12/13
     ᠪᠦᠬᠦ ᠠᠷᠠᠳ ᠤᠨ ᠡᠷᠡᠬᠦᠯ ᠮᠡᠨᠳᠦ ᠪᠠ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠶᠢ ᠭᠦᠨᠵᠡᠭᠡᠢ ᠠᠭᠤᠰᠤᠯᠴᠠᠬᠤ ᠶᠢ ᠳᠠᠭᠠᠯᠳᠤᠨ᠂ ᠡᠷᠡᠭᠦᠯ ᠰᠠᠷᠠᠭᠤᠯ ᠠᠮᠢᠳᠤᠷᠠᠯ ᠤᠨ ᠣᠶᠢᠯᠠᠭᠠᠭᠳᠠᠬᠤᠨ ᠬᠥᠮᠥᠰ ᠤᠨ ᠰᠡᠳᠬᠢᠯ ᠳᠤ ᠭᠦᠨ ᠰᠠᠭᠤᠭᠳᠠᠵᠤ᠂ ᠡᠯ᠎ᠡ ᠲᠦᠷᠦᠯ ᠤᠨ ᠪᠡᠶ᠎ᠡ ᠲᠠᠮᠢᠷ ᠤᠨ ᠨᠥᠬᠦᠷᠰᠡᠭ ᠤᠷᠤᠯᠳᠤᠭᠠᠨ ᠨᠢ ᠬᠤᠲᠠ ᠶᠢᠨ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠲᠡᠷᠢᠭᠦᠨ ᠰᠣᠩᠭᠤᠯᠲᠠ ᠪᠣᠯᠪᠠ᠃12 ᠰᠠᠷ᠎ᠠ ᠶᠢᠨ 10 ᠤ ᠡᠳᠦᠷ᠂ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠡᠷᠢᠶᠡᠨ ᠬᠤᠲᠠ ᠶᠢᠨ ᠲᠣᠣᠷ ᠪᠥᠮᠪᠦᠭᠡ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠭᠰᠡᠨ ᠠᠩᠬᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠲᠣᠣᠷ ᠪᠥᠮᠪᠦᠭᠡ ᠶᠢᠨ ᠨᠥᠬᠦᠷᠰᠡᠭ ᠤᠷᠤᠯᠳᠤᠭᠠᠨ ᠬᠡᠶᠢᠳᠦ ᠪᠦᠷᠬᠦᠭᠦᠯ ᠤᠨ ᠳᠠᠮᠢᠷ ᠤᠨ ᠣᠷᠳᠣᠨ ᠳᠤ ᠡᠬᠢᠯᠡᠪᠡ᠃
    ᠲᠠᠯᠠᠪᠠᠢ ᠶᠢᠨ ᠭᠠᠳᠠᠨ᠎ᠠ ᠲᠡᠰᠬᠢᠮ᠎ᠠ ᠬᠦᠢᠲᠡᠨ ᠰᠠᠯᠬᠢ ᠰᠠᠯᠬᠢᠯᠠᠵᠤ᠂ ᠲᠠᠯᠠᠪᠠᠢ ᠶᠢᠨ ᠳᠣᠲᠣᠷ᠎ᠠ ᠬᠦᠷ ᠬᠥᠭᠵᠢᠶᠡᠨ ᠢᠶᠠᠷ ᠪᠢᠯᠬᠠᠨ᠎ᠠ᠃ ᠡᠯ᠎ᠡ ᠤᠷᠤᠯᠳᠤᠭᠠᠨ ᠳᠤ ᠣᠷᠣᠯᠴᠠᠭᠰᠠᠳ ᠳᠤᠭᠤᠶᠢᠯᠠᠩ ᠬᠤᠪᠢᠶᠠᠨ ᠰᠢᠷᠦᠭᠦᠨ ᠮᠦᠷᠦᠶᠢᠴᠡᠨ᠂  ᠭᠤᠶᠢᠳᠠ ᠰᠠᠶᠢᠬᠠᠨ ᠬᠥᠳᠡᠯᠭᠡᠭᠡᠨ ᠢ ᠵᠠᠯᠭᠠᠭ᠎ᠠ ᠪᠠᠷ ᠲᠣᠭᠯᠠᠵᠤ᠂ ᠤᠯᠠᠨ ᠬᠤᠪᠢᠷᠠᠯᠲᠠ ᠲᠠᠢ ᠪᠠᠶᠢᠯᠳᠤᠬᠤ ᠠᠷᠭ᠎ᠠ ᠪᠠ ᠪᠣᠯᠪᠠᠰᠤᠷᠠᠩᠭᠤᠢ ᠤᠷ᠎ᠠ ᠮᠡᠷᠭᠡᠵᠢᠯ ᠨᠢ ᠤᠷᠤᠯᠳᠤᠭᠠᠨ ᠳᠤ ᠣᠷᠣᠯᠴᠠᠭᠰᠠᠳ ᠤᠨ ᠰᠠᠶᠢᠨ ᠰᠠᠶᠢᠬᠠᠨ ᠤᠷᠤᠯᠳᠤᠭᠠᠨ ᠤ ᠪᠠᠶᠢᠳᠠᠯ ᠪᠠ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃  ᠬᠤᠲᠠ ᠶᠢᠨ ᠲᠣᠣᠷ ᠪᠥᠮᠪᠦᠭᠡ ᠶᠢᠨ ᠨᠡᠶᠢᠭᠡᠮᠯᠢᠭ ᠤᠨ ᠳᠠᠷᠤᠭ᠎ᠠ ᠹᠠᠨ ᠴᠢᠤᠸᠠᠨ ᠮᠧᠩ᠄ ︽ᠡᠨᠡ ᠤᠳᠠᠭᠠᠨ ᠤ ᠤᠷᠤᠯᠳᠤᠭᠠᠨ ᠪᠣᠯ ᠡᠷᠢᠶᠡᠨ ᠬᠤᠲᠠ   ᠶᠢᠨ ᠲᠣᠣᠷ ᠪᠥᠮᠪᠦᠭᠡ   ᠶᠢᠨ ᠨᠡᠶᠢᠭᠡᠮᠯᠢᠭ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ ᠡᠷᠭᠢᠯᠡᠭᠰᠡᠨ ᠠᠩᠬᠠᠨ ᠤ ᠲᠠᠯᠠᠪᠤᠷ ᠤᠷᠤᠯᠳᠤᠭᠠᠨ ᠮᠥᠨ᠂ ᠮᠠᠨ ᠤ ᠬᠤᠲᠠ   ᠶᠢᠨ ᠡᠯ᠎ᠡ ᠡᠲᠡᠭᠡᠳ ᠤᠨ ᠲᠣᠣᠷ ᠪᠥᠮᠪᠦᠭᠡ   ᠶᠢᠨ ᠳᠤᠷ᠎ᠠ ᠪᠠᠭ᠋ᠠᠲᠠᠢ ᠬᠥᠮᠥᠰ ᠡᠨᠡ ᠤᠳᠠᠭᠠᠨ ᠤ ᠤᠷᠤᠯᠳᠤᠭᠠᠨ   ᠢ ᠲᠤᠶᠢᠯ ᠢᠶᠠᠷ ᠬᠦᠰᠡᠨ ᠬᠦᠯᠢᠶᠡᠵᠦ᠂ ᠬᠤᠶᠢᠨ᠎ᠠ ᠬᠤᠶᠢᠨ᠎ᠠ   ᠠᠴᠠ ᠪᠠᠨ ᠨᠡᠷ᠎ᠡ ᠮᠡᠳᠡᠭᠦᠯᠵᠦ ᠣᠷᠤᠯᠴᠠᠬᠤ ᠪᠠᠷ ᠪᠠᠶᠢᠨ᠎ᠠ᠃ ᠪᠠᠶᠠᠷ ᠵᠢᠷᠭᠠᠯ ᠢᠶᠠᠨ ᠬᠤᠪᠢᠶᠠᠯᠴᠠᠬᠤ ᠶᠢᠨ ᠬᠠᠮᠲᠤ᠂ ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠣᠶᠢᠯᠠᠭᠠᠭᠳᠠᠬᠤᠨ ᠢ ᠣᠯᠠᠨ ᠳᠤ ᠳᠠᠮᠵᠢᠭᠤᠯᠵᠤ᠂ ᠨᠠᠩ ᠣᠯᠠᠨ ᠲᠣᠣᠷ ᠪᠥᠮᠪᠦᠭᠡ ᠳᠤ ᠳᠤᠷᠠᠲᠠᠢ᠂ ᠠᠮᠢᠳᠤᠷᠠᠯ ᠳᠤ ᠳᠤᠷᠠᠲᠠᠢ ᠬᠤᠲᠠ ᠶᠢᠨ ᠠᠷᠠᠳ ᠢ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠵᠤ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠤᠨ᠂ ᠪᠡᠶ᠎ᠡ ᠲᠠᠮᠢᠷ ᠤᠨ ᠬᠥᠳᠡᠯᠭᠡᠭᠡᠨ ᠤ ᠥᠪᠡᠷᠮᠢᠴᠡ ᠷᠢᠳᠢ ᠰᠢᠳᠢ ᠶᠢ ᠮᠡᠳᠡᠷᠡᠭᠦᠯᠬᠦ ᠪᠠᠷ ᠤᠷᠢᠶᠠᠯᠠᠬᠤ ᠶᠢ ᠬᠦᠰᠡᠵᠦ ᠪᠠᠶᠢᠨ᠎ᠠ︾ ᠭᠡᠵᠡᠢ᠃    ᠣᠶᠢᠯᠠᠭᠠᠭᠰᠠᠨ ᠢᠶᠠᠷ᠂ ᠲᠤᠰ ᠤᠳᠠᠭᠠᠨ ᠤ ᠤᠷᠤᠯᠳᠤᠭᠠᠨ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠨᠡᠶᠢᠲᠡ 70 ᠲᠣᠣᠷ ᠪᠥᠮᠪᠦᠭᠡ ᠳᠤ ᠪᠠᠭ᠋ᠠᠲᠠᠢ ᠬᠥᠮᠥᠰ ᠤᠷᠤᠯᠳᠤᠭᠠᠨ ᠳᠤ ᠣᠷᠣᠯᠴᠠᠪᠠ᠃ ᠤᠷᠤᠯᠳᠤᠭᠠᠨ ᠳᠤ ᠡᠷᠡᠭᠲᠡᠢ ᠶᠢᠨ ᠬᠤᠣᠰᠯᠠᠨ ᠴᠣᠬᠢᠬᠤ᠂ ᠬᠤᠯᠢᠮᠠᠭ ᠬᠤᠣᠰᠯᠠᠨ ᠴᠣᠬᠢᠬᠤ᠂ ᠬᠤᠯᠢᠮᠠᠭ ᠪᠦᠯᠬᠦᠮ ᠭᠡᠬᠦ ᠭᠤᠷᠪᠠᠨ ᠵᠦᠢᠯ ᠤᠨ ᠤᠷᠤᠯᠳᠤᠭᠠᠨ ᠤ ᠵᠦᠢᠯ ᠢ ᠲᠣᠬᠢᠷᠠᠭᠤᠯᠵᠤ᠂ ᠪᠦᠷ 1 ᠡᠭᠡᠯᠵᠢ 6 ᠨᠤᠭᠤᠯᠤᠭ᠎ᠠ ᠶᠢᠨ ᠰᠢᠢᠳᠪᠦᠷᠢᠲᠦ ᠢᠯᠠᠯᠲᠠ  ᠶᠢ ᠣᠯᠬᠤ ᠳᠦᠷᠢᠮ ᠢ ᠬᠡᠷᠡᠭᠵᠢᠭᠦᠯᠵᠦ᠂ ᠲᠦᠷᠦᠭᠦᠦ ᠵᠢᠷᠭᠤᠭᠠᠨ ᠨᠡᠷᠡᠰ ᠲᠤ ᠱᠠᠩᠨᠠᠯ ᠤᠨ ᠬᠤᠨᠳᠠᠭ᠎ᠠ᠂ ᠦᠨᠡᠮᠯᠡᠯ ᠵᠢᠴᠢ ᠱᠠᠩᠨᠠᠯ ᠤᠨ ᠪᠣᠳᠠᠰ ᠣᠯᠭᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号