ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠵᠦᠢᠯ ᠤᠨ ᠵᠠᠬ᠎ᠠ ᠳᠡᠯᠭᠡᠭᠦᠷ ᠲᠤ ᠬᠢᠨᠠᠯᠲᠠ ᠳᠠᠯᠪᠢᠪᠠ
ᠨᠡᠶᠢᠲᠡᠯᠡᠭᠰᠡᠨ ᠴᠠᠭ᠄
2022/12/14
    ᠣᠶᠢᠷ᠎ᠠ ᠳᠤ᠂ ︽ᠰᠢᠨ᠎ᠡ ᠳᠢᠳᠢᠮᠯᠢᠭ ᠬᠢᠵᠢᠭ ᠤᠨ ᠡᠮ ᠤᠤᠭᠤᠬᠤ ᠲᠠᠰ ᠳᠠᠷᠠᠭᠠᠯᠠᠯ ᠤᠨ ᠵᠢᠷᠤᠭ︾ ︽ᠰᠢᠨ᠎ᠡ ᠳᠢᠳᠢᠮᠯᠢᠭ ᠬᠢᠵᠢᠭ ᠤᠨ ᠡᠮ ᠨᠥᠭᠡᠴᠡᠯᠡᠨ ᠬᠠᠳᠠᠭᠠᠯᠠᠬᠤ ᠨᠠᠷᠢᠨ ᠲᠠᠩᠰᠠ︾ ᠵᠡᠷᠭᠡ ᠶᠠᠷᠢᠶᠠᠨ ᠤ ᠰᠡᠳᠦᠪ ᠨᠢ ᠬᠤᠲᠠ ᠶᠢᠨ ᠠᠷᠠᠳ ᠤᠨ ᠠᠩᠬᠠᠷᠤᠯ ᠢ ᠲᠠᠲᠠᠵᠤ᠂ ᠴᠥᠭᠡᠨ ᠪᠤᠰᠤ ᠬᠤᠲᠠ ᠶᠢᠨ ᠠᠷᠠᠳ ᠡᠮ ᠨᠥᠭᠡᠴᠡᠯᠡᠨ ᠬᠠᠳᠠᠭᠠᠯᠠᠬᠤ ᠣᠷᠣᠰᠬᠠᠯ ᠢ ᠳᠠᠭᠠᠵᠤ ᠡᠬᠢᠯᠡᠪᠡ᠃ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠪᠠᠲᠤᠯᠠᠵᠤ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠦᠨ᠎ᠡ ᠬᠠᠩᠰᠢ ᠶᠢ ᠥᠰᠬᠡᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠳᠣᠯᠠᠳᠠ᠂ 12 ᠰᠠᠷ᠎ᠠ ᠶᠢᠨ 12 ᠤᠨ ᠡᠳᠦᠷ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠬᠦ ᠬᠦᠴᠦᠨ ᠢ ᠦᠳᠲᠡᠷ ᠲᠦᠷᠭᠡᠨ ᠵᠣᠬᠢᠶᠠᠨ ᠪᠠᠶᠢᠭᠤᠯᠵᠤ᠂ ᠪᠥᠬᠦ ᠬᠤᠲᠠ ᠶᠢᠨ ᠡᠯ᠎ᠡ ᠲᠥᠷᠥᠯ ᠤᠨ ᠡᠮ ᠤᠨ ᠳᠡᠯᠭᠡᠭᠦᠷ ᠵᠢᠴᠢ ᠡᠭᠦᠳᠡᠨ ᠡᠮᠨᠡᠯᠭᠡ ᠳᠤ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠥᠷᠨᠢᠭᠦᠯᠪᠡ᠃
   ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠡᠮ ᠤᠨ ᠳᠡᠯᠭᠡᠭᠦᠷ ᠲᠤ ᠭᠦᠨᠵᠡᠭᠡᠶᠢᠷᠡᠨ ᠬᠠᠮᠢᠶ᠎ᠠ ᠪᠦᠬᠦᠢ ᠡᠳ᠋ ᠪᠣᠳᠠᠰ ᠤᠨ ᠨᠥᠭᠡᠴᠡ᠂ ᠪᠣᠷᠤᠯᠠᠭᠤᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠤᠭᠠᠬᠤ᠂ ᠸᠢᠷᠦ᠋ᠰ ᠢ ᠡᠰᠡᠷᠭᠦᠴᠡᠬᠦ᠂ ᠨᠢᠶᠠᠨ ᠳᠠᠷᠤᠭᠴᠢ ᠶᠢ ᠡᠰᠡᠷᠭᠦᠴᠡᠬᠦ᠂ ᠲᠠᠭᠰᠢᠭᠤᠷ ᠢ ᠡᠰᠡᠷᠭᠦᠴᠡᠬᠦ ᠡᠮ ᠪᠣᠯᠣᠨ ᠬᠢᠵᠢᠭ ᠢ ᠰᠡᠷᠭᠡᠶᠢᠯᠡᠬᠦ ᠬᠡᠷᠡᠭᠰᠡᠯ ᠤᠨ ᠢᠯᠡ ᠦᠨ᠎ᠡ ᠶᠢ ᠭᠤᠣᠯᠳᠠᠯᠭ᠎ᠠ ᠲᠠᠢ ᠪᠠᠶᠢᠴᠠᠭᠠᠵᠤ᠂ ᠣᠷᠣᠭᠤᠯᠬᠤ᠂ ᠪᠣᠷᠣᠯᠠᠭᠤᠯᠬᠤ ᠦᠨ᠎ᠡ ᠬᠠᠩᠰᠢ ᠶᠢᠨ ᠡᠬᠡ ᠲᠠᠩᠰᠠ ᠳᠤ ᠲᠡᠮᠳᠡᠭᠯᠡᠭᠰᠡᠨ ᠪᠠᠶᠢᠳᠠᠯ ᠵᠢᠴᠢ ᠡᠮ ᠤᠨ ᠳᠡᠯᠭᠡᠭᠦᠷ ᠲᠤ ᠪᠠᠷᠠᠭᠠᠨ ᠤ ᠦᠨ᠎ᠡ ᠶᠢ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠪᠠ ᠬᠤᠭᠤᠴᠠᠭ᠎ᠠ ᠥᠩᠭᠡᠷᠡᠭᠰᠡᠨ ᠡᠮ ᠤᠨ ᠵᠦᠢᠯ ᠢ ᠪᠣᠷᠣᠯᠠᠭᠤᠯᠬᠤ ᠵᠡᠷᠭᠡ ᠦᠵᠡᠭᠳᠡᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠬᠤ ᠶᠢᠨ ᠬᠠᠮᠳᠦ᠂ ᠡᠮ ᠤᠨ ᠵᠦᠢᠯ ᠤᠨ ᠡᠵᠡᠩᠨᠡᠯᠲᠡ ᠶᠢᠨ ᠨᠢᠭᠡᠴᠡ ᠶᠢ ᠱᠠᠭᠠᠷᠳᠠᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠣᠮᠯᠠᠨ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠰᠠᠶᠢᠲᠤᠷ ᠬᠠᠮᠠᠭᠠᠯᠠᠵᠤ᠂ ᠬᠤᠲᠠ ᠶᠢᠨ ᠠᠷᠠᠳ ᠢ ᠬᠥᠲᠥᠯᠥᠨ ᠵᠢᠯᠤᠭᠤᠳᠴᠤ ᠣᠶᠤᠨᠴᠢ ᠪᠠᠷ ᠡᠮ ᠬᠤᠳᠠᠯᠳᠤᠨ ᠠᠪᠬᠤ ᠶᠢ ᠰᠠᠨᠠᠭᠠᠴᠢᠯᠠᠬᠤ ᠬᠡᠷᠡᠭᠲᠡᠢ ᠭᠡᠪᠡ᠃
    ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠣᠳᠣᠬᠠᠨ ᠳᠤ ᠮᠠᠨ ᠤ ᠬᠤᠲᠠ ᠳᠤ ᠦᠨ᠎ᠡ ᠬᠠᠩᠰᠢ ᠶᠢᠨ ᠲᠠᠯ᠎ᠠ ᠪᠠᠷ ᠬᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠬᠠᠷᠠᠬᠠᠨ ᠭᠠᠷᠤᠭ᠎ᠠ ᠦᠭᠡᠢ᠂ ᠡᠮ ᠡᠮᠨᠡᠯᠭᠡ   ᠶᠢᠨ ᠵᠠᠬ᠎ᠠ ᠳᠡᠯᠭᠡᠭᠦᠷ ᠤᠨ ︽ᠳᠥᠷᠪᠡᠨ ᠲᠥᠷᠥᠯ︾ ᠤᠨ ᠡᠮ ᠤᠨ ᠵᠦᠢᠯ ᠤᠨ ᠳᠣᠲᠣᠷᠠᠬᠢ ᠣᠨᠴᠠ ᠵᠠᠷᠢᠮ ᠲᠥᠷᠥᠯ ᠵᠦᠢᠯ ᠨᠢ ᠠᠳᠠᠯᠢ ᠪᠤᠰᠤ ᠬᠡᠮᠵᠢᠶ᠎ᠡ ᠪᠠᠷ ᠲᠤᠲᠠᠭᠳᠠᠵᠤ᠂ ᠣᠯᠠᠩᠬᠢ ᠡᠮ ᠤᠨ ᠵᠦᠢᠯ ᠤᠨ ᠬᠠᠩᠭᠠᠯᠭ᠎ᠠ ᠨᠢ ᠬᠡᠪ ᠤᠨ ᠪᠠᠶᠢᠳᠠᠯ ᠳᠤ ᠪᠠᠶᠢᠪᠠ᠂ ᠬᠤᠳᠠᠯᠳᠤᠭᠠᠴᠢᠳ   ᠠᠴᠠ ᠢᠳᠡᠪᠬᠢᠲᠡᠢ ᠪᠠᠷ ᠪᠠᠷᠠᠭᠠᠨ ᠤ ᠢᠷᠡᠯᠲᠡ ᠶᠢ ᠡᠷᠢᠵᠦ᠂ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠤᠨ᠎ᠠ ᠭᠡᠵᠦ ᠢᠯᠡᠷᠬᠡᠶᠢᠯᠡᠵᠡᠢ᠃
   ᠰᠤᠷᠪᠤᠯᠵᠢᠯᠠᠭᠴᠢ ᠠᠴᠠ ᠪᠠᠰᠠ ᠥᠷᠭᠡᠨ ᠣᠯᠠᠨ ᠬᠤᠲᠠ ᠶᠢᠨ ᠠᠷᠠᠳ ᠲᠤ ᠰᠠᠨᠠᠭᠤᠯᠬᠤ ᠨᠢ᠂ ᠡᠮ ᠤᠨ ᠵᠦᠢᠯ ᠪᠣᠯ ᠣᠨᠴᠠᠭᠠᠶ ᠲᠠᠸᠠᠷ ᠮᠥᠨ᠂ ᠡᠮ ᠤᠨ ᠵᠦᠢᠯ ᠢ ᠵᠠᠪᠳᠤᠨ ᠬᠠᠳᠠᠭᠠᠯᠠᠬᠤ᠂ ᠡᠮ ᠤᠨ ᠵᠦᠢᠯ ᠢ ᠤᠷᠢᠳᠴᠢᠯᠠᠨ ᠤᠤᠭᠤᠬᠤ ᠴᠢᠬᠤᠯᠠ ᠦᠭᠡᠢ᠃ ᠡᠮ ᠨᠢ ᠴᠥᠮ ᠴᠢᠨᠠᠷ ᠢ ᠪᠠᠲᠤᠯᠠᠬᠤ ᠬᠤᠭᠤᠴᠠᠭ᠎ᠠ ᠲᠠᠢ᠂ ᠬᠠᠳᠠᠭᠠᠯᠠᠬᠤ ᠳᠤ ᠪᠠᠰᠠ ᠵᠣᠬᠢᠬᠤ ᠨᠥᠬᠦᠴᠡᠯ ᠱᠠᠭᠠᠷᠳᠠᠯᠭ᠎ᠠ ᠲᠠᠢ ᠪᠠᠶᠢᠳᠠᠭ᠂ ᠵᠦᠢ ᠵᠣᠬᠢᠰ ᠦᠭᠡᠢ ᠬᠠᠳᠠᠭᠠᠯᠠᠬᠤ ᠪᠠ ᠣᠷᠳᠣ ᠬᠤᠭᠤᠴᠠᠭ᠎ᠠ ᠪᠠᠷ ᠬᠠᠳᠠᠭᠠᠯᠠᠪᠠᠯ ᠡᠮ ᠤᠨ ᠴᠢᠨᠠᠷ ᠠᠮᠠᠷᠬᠠᠨ ᠬᠤᠪᠢᠷᠠᠨ᠎ᠠ᠂ ᠬᠤᠲᠠ ᠶᠢᠨ ᠠᠷᠠᠳ ᠣᠶᠤᠨᠴᠢ ᠪᠠᠷ ᠬᠤᠳᠠᠯᠳᠤᠨ ᠠᠪᠴᠤ᠂ ᠬᠡᠷᠡᠭᠴᠡᠭᠡ ᠪᠠᠷ ᠢᠶᠠᠨ ᠡᠮ ᠬᠡᠷᠡᠭᠯᠡᠬᠦ ᠶᠢ ᠬᠦᠰᠡᠵᠦ ᠪᠠᠶᠢᠨ᠎ᠠ᠂ ᠪᠢᠲᠡᠭᠡᠢ ᠰᠣᠬᠤᠷ ᠪᠠᠯᠠᠢ ᠪᠠᠷ ᠡᠮ ᠬᠠᠳᠠᠭᠠᠯᠠᠭᠠᠷᠠᠢ  ︕
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号