ᠮᠠᠨ ᠤ ᠬᠤᠲᠠ ᠶᠢᠨ ᠬᠢᠨ ᠬᠠᠷᠠᠭᠠᠯᠵᠠᠯ ᠤᠨ ᠦᠨᠡᠮᠯᠡᠯ ᠢ ᠭᠦᠢᠴᠡᠳᠬᠡᠬᠦ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2022/12/16
   ᠬᠠᠷᠠᠭᠠᠯᠵᠠᠯ ᠦᠵᠡᠭᠦᠯᠬᠦ ᠦᠨᠡᠮᠯᠡᠯ ᠪᠣᠯ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠬᠠᠷᠠᠭᠠᠯᠵᠠᠯ ᠦᠵᠡᠭᠦᠯᠬᠦ ᠡᠲᠡᠭᠡᠳ ᠤᠨ ᠢᠷᠠᠭᠤ ᠠᠯᠳᠠᠷ ᠤᠨ ᠠᠴᠢᠶᠠᠯᠠᠪᠤᠷᠢ᠂ ᠬᠠᠷᠠᠭᠠᠯᠵᠠᠯ ᠤᠨ ᠭᠡᠷᠡᠴᠢ ᠪᠠᠷᠢᠮᠲᠠ ᠮᠥᠨ᠃ ᠨᠥᠬᠦᠴᠡᠯ ᠳᠤ ᠨᠡᠶᠢᠴᠡᠬᠦ ᠨᠠᠩ ᠣᠯᠠᠨ ᠡᠲᠡᠭᠡᠳ ᠲᠤ ᠬᠠᠷᠠᠭᠠᠯᠵᠠᠯ ᠤᠨ ᠦᠨᠡᠮᠯᠡᠯ ᠣᠯᠭᠤᠬᠤ ᠶᠢᠨ ᠳᠣᠯᠠᠳᠠ᠂ ᠣᠶᠢᠷ᠎ᠠ ᠳᠤ᠂ ᠮᠠᠨ ᠤ ᠬᠤᠲᠠ ᠴᠡᠷᠢᠭ ᠠᠴᠠ ᠬᠠᠯᠠᠭᠳᠠᠭᠰᠠᠳ ᠪᠠ ᠪᠤᠰᠤᠳ ᠬᠠᠷᠠᠭᠠᠯᠵᠠᠯ ᠤᠨ ᠡᠲᠡᠭᠡᠳ ᠤᠨ ᠬᠠᠷᠠᠭᠠᠯᠵᠠᠯ ᠤᠨ ᠦᠨᠡᠮᠯᠡᠯ ᠢ ᠭᠦᠢᠴᠡᠳᠬᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃   12 ᠰᠠᠷ᠎ᠠ ᠶᠢᠨ 15 ᠤ ᠡᠳᠦᠷ᠂ ᠰᠤᠷᠪᠤᠯᠵᠢᠯᠠᠭᠴᠢ ᠤᠯᠠᠭᠠᠨ ᠨᠡᠶᠢᠭᠡᠮ ᠲᠣᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠥᠷᠲᠡᠭᠡ ᠳᠤ᠂ ᠬᠠᠷᠠᠭᠠᠯᠵᠠᠯ ᠤᠨ ᠦᠨᠡᠮᠯᠡᠯ ᠠᠪᠬᠤ ᠪᠠᠷ ᠢᠷᠡᠭᠰᠡᠨ ᠴᠡᠷᠢᠭ ᠤᠨ ᠠᠯᠪᠠᠨ ᠠᠴᠠ ᠪᠠᠭᠤᠭᠰᠠᠳ ᠲᠠᠰᠤᠷᠠᠯᠲᠠ ᠦᠭᠡᠢ ᠴᠤᠪᠤᠷᠠᠵᠤ ᠪᠠᠶᠢᠬᠤ ᠶᠢ ᠣᠯᠵᠤ ᠬᠠᠷᠠᠪᠠ᠃ ᠠᠵᠢᠯᠲᠠᠳ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ ᠣᠶᠢᠯᠠᠭᠠᠭᠳᠠᠬᠤᠨ ᠢ ᠠᠵᠢᠯ ᠤᠨ ᠪᠥᠬᠦ ᠶᠠᠪᠤᠴᠠ ᠳᠤ ᠲᠤᠤᠱᠯᠠᠭᠤᠯᠬᠤ   ᠶᠢ ᠪᠠᠷᠢᠮᠲᠠᠯᠠᠵᠤ᠂ ᠲᠥᠷᠥ   ᠶᠢᠨ ᠪᠣᠳᠣᠯᠭ᠎ᠠ   ᠶᠢᠨ ᠬᠠᠷᠢᠭᠤᠯᠲᠠ ᠥᠭᠬᠦ᠂ ᠭᠤᠶᠤᠴᠢᠯᠠᠯ   ᠢ ᠭᠥᠯᠢᠶᠡᠨ ᠠᠪᠴᠤ ᠰᠢᠢᠳᠪᠦᠷᠢᠯᠡᠬᠦ᠂ ᠭᠠᠷ ᠤᠨ ᠥᠰᠥᠭ ᠵᠢᠷᠤᠵᠤ ᠳᠠᠬᠢᠨ ᠬᠢᠨᠠᠬᠤ ᠵᠡᠷᠭᠡ ᠡᠯ᠎ᠡ ᠭᠤᠭᠴᠤᠭ᠎ᠠ   ᠶᠢᠨ ᠠᠵᠢᠯ   ᠢ ᠡᠮᠬᠢ ᠴᠡᠭᠴᠡ ᠲᠠᠢ ᠥᠷᠨᠢᠭᠦᠯᠵᠦ᠂ ᠦᠨᠡᠮᠯᠡᠯ ᠠᠪᠬᠤ ᠬᠦᠮᠦᠰ ᠲᠤ ᠦᠢᠯᠡᠴᠢᠯᠡᠭᠡ ᠬᠠᠩᠭᠠᠨ᠎ᠠ᠃    ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠭᠤᠶᠤᠴᠢᠯᠠᠨ ᠠᠪᠬᠤ ᠨᠥᠬᠦᠴᠡᠯ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠨᠡᠶᠢᠲᠡ 1520 ᠬᠥᠮᠥᠨ ᠪᠠᠶᠢᠨ᠎ᠠ᠃ ᠣᠲᠣ ᠪᠣᠯᠲᠠᠯ᠎ᠠ ᠨᠡᠶᠢᠲᠡ 807 ᠬᠠᠷᠠᠭᠠᠯᠵᠠᠯ ᠤᠨ ᠦᠨᠡᠮᠯᠡᠯ ᠣᠯᠭᠤᠵᠠᠢ᠃    ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠸᠠᠨ ᠽᠧ᠄ ︽ᠲᠠᠷᠠᠭᠠᠴᠢ ᠶᠢᠨ ᠠᠯᠬᠤᠮ ᠳᠤ᠂ ᠪᠢᠳᠡ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠡᠳᠡᠭᠡ ᠵᠠᠩᠭᠢ ᠴᠤᠭᠯᠠᠭᠤᠯᠬᠤ᠂ ᠬᠠᠷᠠᠭᠠᠯᠵᠠᠯ ᠤᠨ ᠦᠨᠡᠮᠯᠡᠯ ᠣᠯᠭᠤᠬᠤ ᠠᠵᠢᠯ ᠢ ᠪᠦᠯᠦᠭ ᠤᠳᠠᠭ᠎ᠠ᠂ ᠱᠠᠲᠤ ᠦᠶ᠎ᠡ ᠬᠤᠪᠢᠶᠠᠨ ᠰᠠᠶᠢᠲᠤᠷ ᠬᠢᠵᠦ᠂ ᠪᠣᠳᠠᠲᠠᠢ ᠠᠷᠭ᠎ᠠ ᠬᠡᠮᠵᠢᠶ᠎ᠡ ᠪᠠᠷ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠪᠠ ᠪᠤᠰᠤᠳ ᠬᠠᠷᠠᠭᠠᠯᠵᠠᠯ ᠤᠨ ᠡᠲᠡᠭᠡᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠢᠷᠠᠭᠤ ᠠᠯᠳᠠᠷ ᠤᠨ ᠲᠥᠷᠥᠭᠳᠡᠯ ᠢ ᠳᠡᠭᠡᠭᠰᠢᠯᠡᠭᠦᠯᠵᠦ᠂ ᠬᠠᠷᠠᠭᠠᠯᠵᠠᠯ ᠤᠨ ᠦᠨᠡᠮᠯᠡᠯ ᠢ ᠭᠦᠢᠴᠡᠳᠬᠡᠬᠦ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠨ᠎ᠠ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号