ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠴᠠᠭᠠᠨ ᠰᠠᠷ᠎ᠠ ᠶᠢᠨ ᠬᠤᠭᠤᠴᠠᠭᠠᠨ ᠳᠤ ᠬᠢᠯᠢ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ 55 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 19.6% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2022/2/11
   ᠴᠠᠭᠠᠨ ᠰᠠᠷ᠎ᠠ ᠶᠢᠨ ᠬᠤᠭᠤᠴᠠᠭᠠᠨ ᠳᠤ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠳᠤ ᠬᠢᠯᠢ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢ ᠨᠡᠶᠢᠲᠡ 55 ᠪᠠᠶᠢᠵᠦ᠂ ᠠᠳᠠᠯᠢ ᠬᠤᠭᠤᠴᠠᠭᠠᠨ ᠤ ᠬᠢ ᠠᠴᠠ 19.6% ᠪᠠᠷ ᠨᠡᠮᠡᠭᠳᠡᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠡᠭᠡᠭᠡᠪᠦᠷᠢ ᠶᠢᠨ ᠬᠡᠮᠵᠢᠶ᠎ᠡ ᠶᠢ 21.79 ᠲᠦᠮᠡᠨ ᠲᠣᠨ ᠪᠡᠶᠡᠯᠡᠭᠦᠯᠪᠡ᠃    ᠣᠳᠣᠬᠠᠨ ᠳᠤ᠂ ᠡᠷᠢᠶᠡᠨ ᠬᠤᠲᠠ ᠶᠢᠨ ᠪᠣᠭᠤᠮᠲᠠ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠱᠤᠭᠤᠮ ᠨᠢᠭᠡᠨᠲᠡ 54 ᠵᠤᠷᠪᠤᠰ ᠪᠣᠯᠵᠤ᠂ ᠤᠯᠤᠰ ᠤᠨ ᠭᠠᠳᠠᠭᠠᠳᠤ ᠶᠢᠨ ᠪᠠᠷᠠᠭᠠᠨ ᠤ ᠢᠷᠡᠯᠲᠡ ᠶᠢᠨ ᠭᠠᠵᠠᠷ ᠨᠢ 10 ᠭᠠᠷᠤᠢ ᠤᠯᠤᠰ ᠤᠨ 60 ᠭᠠᠷᠤᠢ ᠭᠠᠵᠠᠷ ᠣᠷᠣᠨ ᠳᠤ ᠬᠤᠯᠪᠣᠭᠳᠠᠵᠤ᠂ ᠤᠯᠤᠰ ᠤᠨ ᠳᠣᠲᠣᠭᠠᠳᠤ ᠳᠤ ᠪᠥᠬᠦ ᠤᠯᠤᠰ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠠᠩᠬ᠎ᠠ ᠲᠠᠷᠬᠠᠭᠠᠬᠤ ᠶᠡᠬᠡᠩᠬᠢ ᠬᠤᠲᠠ ᠳᠤ ᠬᠤᠯᠪᠣᠭᠳᠠᠵᠤ ᠪᠠᠶᠢᠨ᠎ᠠ᠃    ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠩᠭᠡᠯᠢᠭ ᠤᠨ ᠪᠤᠰᠤ ᠪᠠᠷᠠᠭ᠎ᠠ ᠶᠢᠨ ᠬᠢᠵᠠᠭᠠᠷᠯᠠᠯ ᠳᠤ ᠴᠢᠭᠯᠡᠭᠦᠯᠦᠨ᠂ ᠴᠢᠩᠭᠡᠯᠢᠭ ᠤᠨ ᠠᠵᠢᠯᠯᠠᠬᠤ ᠲᠠᠯᠠᠪᠤᠷ ᠢ ᠨᠡᠭᠡᠭᠡᠬᠦ ᠪᠠᠷ ᠳᠠᠮᠵᠢᠭᠤᠯᠤᠨ᠂ ᠡᠷᠭᠢᠯᠲᠡ ᠶᠢᠨ ᠦᠶᠡᠯᠡᠯ ᠤᠨ ᠬᠤᠭᠤᠴᠠᠭ᠎ᠠ ᠶᠢ ᠨᠢᠭᠡᠳᠬᠡᠵᠦ᠂ ᠨᠢᠭᠡ ᠴᠡᠭ ᠬᠤᠶᠠᠷ ᠱᠤᠭᠤᠮ ᠤᠨ ᠲᠡᠭᠡᠭᠡᠪᠦᠷᠢ ᠶᠢᠨ ᠠᠷᠭ᠎ᠠ ᠮᠠᠶ᠋ᠢᠭ ᠢ ᠲᠣᠭᠲᠠᠪᠤᠷᠢᠵᠢᠭᠤᠯᠤᠨ᠂ ᠮᠣᠩᠭᠤᠯ ᠤᠨ ᠲᠠᠯ᠎ᠠ ᠶᠢᠨ ᠲᠡᠮᠦᠷ ᠵᠠᠮ ᠵᠢᠴᠢ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠬᠠᠮᠲᠤᠷᠠᠨ ᠪᠠᠶᠢᠴᠠᠭᠠᠬᠤ ᠨᠢᠭᠡᠴᠡ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠴᠢᠩᠭᠡᠯᠢᠭ ᠤᠨ ᠲᠡᠭᠡᠭᠡᠪᠦᠷᠢ ᠶᠢ ᠵᠠᠪᠰᠠᠷ ᠦᠭᠡᠢ ᠡᠷᠭᠢᠯᠳᠦᠭᠦᠯᠬᠦ ᠶᠢ ᠪᠡᠶᠡᠯᠡᠭᠦᠯᠵᠦ ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠳᠤ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号