| | ᠴᠠᠭᠠᠨ ᠰᠠᠷ᠎ᠠ ᠳᠤ᠂ ᠮᠠᠨ ᠤ ᠬᠤᠳᠠ ᠶᠢᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠡᠮᠴᠢ ᠰᠤᠪᠢᠯᠠᠭᠴᠢᠳ | ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠢᠵᠢᠭ ᠢ ᠰᠡᠷᠭᠡᠶᠢᠯᠡᠬᠦ ᠪᠣᠭᠤᠮᠲᠠ ᠰᠠᠬᠢᠭᠴᠢ ᠶᠢᠨ ᠡᠭᠦᠷᠭᠡ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠢ ᠭᠦᠢᠴᠡᠳᠬᠡᠵᠦ᠂ ᠡᠳᠡᠭᠡᠷ ︽ᠴᠠᠭᠠᠨ ᠰᠠᠷ᠎ᠠ ᠭᠡᠷ ᠲᠤ ᠪᠠᠨ ᠬᠠᠷᠢᠬᠤ ᠦᠭᠡᠢ︾ ᠶᠠᠭᠠᠷᠠᠯᠲᠠᠢ ᠪᠠᠶᠢᠳᠠᠯ ᠨᠢ | ᠪᠠᠶᠠᠷ ᠤᠨ ᠡᠳᠦᠷ ᠤᠨ ᠬᠠᠯᠠᠭᠤᠨ ᠳᠤᠯᠠᠭᠠᠨ ᠦᠵᠡᠮᠵᠢ ᠪᠣᠯᠪᠠ᠃ ᠪᠢᠲᠡᠭᠦᠨ ᠠᠴᠠ ᠴᠠᠭᠠᠨ ᠰᠠᠷ᠎ᠠ ᠶᠢᠨ ᠰᠢᠨ᠎ᠡ ᠶᠢᠨ | ᠵᠢᠷᠭᠤᠭᠠᠨ ᠪᠣᠯᠲᠠᠯ᠎ᠠ᠂ ᠪᠥᠬᠦ ᠬᠤᠲᠠ ᠳᠤ ᠨᠡᠶᠢᠲᠡ 13254 ᠬᠥᠮᠥᠨ ᠤᠳᠠᠭ᠎ᠠ ᠪᠦᠭᠡᠮ ᠬᠦᠴᠢᠯ ᠤᠨ ᠪᠠᠶᠢᠴᠠᠭᠠᠨ | ᠬᠡᠮᠵᠢᠯᠲᠡ ᠶᠢ ᠬᠢᠵᠦ᠂ ᠶᠠᠪᠤᠵᠤ ᠰᠠᠭᠤᠬᠤ ᠣᠯᠠᠨ ᠲᠦᠮᠡᠨ ᠤ ︽ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠬᠤ︾ ︽ | ᠪᠠᠶᠢᠴᠠᠭᠠᠬᠤ ᠳᠤᠷᠠᠲᠠᠢ ᠶᠢ ᠨᠢ ᠴᠥᠮ ᠪᠠᠶᠢᠴᠠᠭᠠᠬᠤ︾ ᠶᠢ ᠦᠨᠡᠨ ᠬᠦ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠣᠯᠠᠨ ᠲᠦᠮᠡᠨ ᠤ ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ | ᠪᠠᠲᠤᠯᠠᠪᠠ᠃ | | | ᠪᠥᠭᠡᠮ ᠬᠦᠴᠢᠯ ᠢ ᠪᠠᠶᠢᠴᠠᠭᠠᠨ ᠬᠡᠮᠵᠢᠬᠦ ᠲᠤᠬᠠᠢ ᠶᠢᠨ ᠲᠠᠯᠠᠪᠠᠢ | | | ᠬᠤᠳᠠ ᠶᠢᠨ ᠠᠷᠠᠳ ᠮᠥᠷᠯᠡᠨ ᠬᠦᠯᠢᠶᠡᠬᠦ ᠪᠠᠶᠢᠴᠠᠭᠠᠯᠲᠠ | | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠬᠤᠭᠤᠴᠠᠭᠠᠨ ᠳᠤ᠂ 48 ᠴᠠᠭ ᠤᠨ ᠳᠣᠲᠣᠷ᠎ᠠ | ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢᠯᠡᠯ ᠨᠢ ᠴᠥᠭᠡᠨ ᠪᠤᠰᠤ ᠭᠠᠵᠠᠷ ᠣᠷᠣᠨ ᠤ ᠶᠠᠪᠤᠵᠤ | ᠰᠠᠭᠤᠬᠤ ᠳᠤ ᠡᠷᠬᠡᠪᠰᠢ ᠱᠠᠭᠠᠷᠳᠠᠭᠳᠠᠬᠤ ︽ᠨᠡᠪᠲᠡᠷᠡᠬᠦ ᠦᠨᠡᠮᠯᠡᠯ︾ ᠪᠣᠯᠤᠭᠰᠠᠨ ᠪᠠᠶᠢᠨ᠎ᠠ᠃ ᠰᠤᠷᠪᠤᠯᠵᠢᠯᠠᠭᠴᠢ 2 ᠰᠠᠷ᠎ᠠ | ᠶᠢᠨ 9 ᠤ ᠡᠳᠦᠷ ᠬᠤᠲᠠ ᠶᠢᠨ ᠡᠮᠨᠡᠯᠭᠡ ᠶᠢᠨ ᠬᠤᠷᠢᠶᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠲᠤᠬᠠᠢ ᠶᠢᠨ | ᠲᠠᠯᠠᠪᠠᠶ ᠳᠤ ᠣᠯᠵᠤ ᠦᠵᠡᠭᠰᠡᠨ ᠨᠢ᠂ ᠡᠮᠴᠢ ᠰᠤᠪᠢᠯᠠᠭᠴᠢᠳ ᠣᠳᠣ ᠶᠠᠭ ᠪᠠᠶᠢᠴᠠᠭᠠᠯᠭᠠᠬᠤ ᠪᠠᠷ ᠪᠠᠶᠢᠭ᠎ᠠ ᠬᠥᠮᠥᠰ ᠢ | ᠵᠣᠬᠢᠶᠠᠨ ᠪᠠᠶᠢᠭᠤᠯᠵᠤ᠂ ︽ᠨᠢᠭᠡ ᠮᠧᠲᠷ ᠤᠨ ᠱᠤᠭᠤᠮ︾ ᠤᠨ ᠬᠤᠭᠤᠷᠣᠨᠳᠣᠬᠢ ᠵᠠᠢ ᠪᠠᠷ ᠡᠮᠬᠢ ᠵᠢᠷᠤᠮ ᠲᠠᠢ ᠪᠠᠷ | ᠵᠢᠭᠰᠠᠭᠠᠵᠤ᠂ ᠰᠦᠢᠳᠬᠡᠯ ᠲᠤᠰᠢᠶᠠᠬᠤ᠂ ᠦᠯᠢᠭᠡᠷ ᠠᠪᠬᠤ ᠵᠡᠷᠭᠡ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠪᠠᠷ | ᠬᠢᠵᠦ ᠪᠠᠶᠢᠨ᠎ᠠ᠃ ᠬᠤᠲᠠ ᠶᠢᠨ ᠡᠮᠨᠡᠯᠭᠡ ᠶᠢᠨ ᠬᠤᠷᠢᠶᠠᠨ ᠤ ᠪᠦᠭᠡᠮ ᠬᠦᠴᠢᠯ ᠢ ᠪᠠᠶᠢᠴᠠᠭᠠᠨ ᠰᠢᠯᠭᠠᠬᠤ ᠡᠮᠴᠢ ᠰᠤᠪᠢᠯᠠᠭᠴᠢ | ᠰᠤᠷᠪᠤᠯᠵᠢᠯᠠᠭᠴᠢ ᠳᠤ ᠬᠡᠯᠡᠬᠦ ᠳᠡᠭᠡᠨ᠂ ᠴᠠᠭᠠᠨ ᠰᠠᠷ᠎ᠠ ᠶᠢᠨ ᠬᠤᠭᠤᠴᠠᠭᠠᠨ ᠳᠤ ᠭᠠᠳᠠᠭᠰᠢ ᠭᠠᠷᠬᠤ ᠬᠥᠮᠥᠨ ᠣᠯᠠᠨ᠂ ᠠᠵᠢᠯ | ᠲᠤᠶᠢᠯ ᠤᠨ ᠶᠠᠭᠠᠷᠠᠯᠲᠠᠢ ᠪᠠᠶᠢᠳᠠᠭ᠂ ᠡᠨᠡ ᠬᠤᠶᠠᠷ ᠡᠳᠦᠷ ᠲᠤ ᠪᠦᠭᠡᠮ ᠬᠦᠴᠢᠯ ᠢ ᠪᠠᠶᠢᠴᠠᠭᠠᠨ ᠰᠢᠯᠭᠠᠬᠤ ᠬᠤᠲᠠ ᠶᠢᠨ | ᠠᠷᠠᠳ ᠢᠯᠡᠳᠲᠡ ᠴᠥᠭᠡᠷᠡᠵᠡᠢ᠃ | ᠴᠠᠭᠠᠨ ᠰᠠᠷ᠎ᠠ ᠶᠢᠨ ᠬᠤᠭᠤᠴᠠᠭᠠᠨ ᠳᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠲᠦᠷᠭᠡᠨ ᠪᠡᠶᠡᠯᠡᠭᠦᠯᠵᠦ᠂ | ᠪᠠᠶᠢᠴᠠᠭᠠᠭᠳᠠᠭᠴᠢ ᠶᠢᠨ ᠬᠦᠯᠢᠶᠡᠬᠦ ᠴᠠᠭ ᠢ ᠪᠣᠭᠤᠨᠢᠰᠬᠠᠬᠤ ᠶᠢᠨ ᠳᠣᠯᠠᠳᠠ᠂ ᠬᠤᠲᠠ ᠶᠢᠨ ᠡᠮᠨᠡᠯᠭᠡ ᠶᠢᠨ ᠬᠤᠷᠢᠶ᠎ᠠ ᠨᠢᠭᠡ | ᠲᠠᠯ᠎ᠠ ᠪᠠᠷ ᠠᠷᠭ᠎ᠠ ᠪᠦᠬᠦᠨ ᠢ ᠰᠦᠪᠡᠭᠴᠢᠯᠡᠨ ᠥᠯᠢᠭᠡᠷ ᠠᠪᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ ᠤ | ᠮᠥᠷᠯᠡᠬᠦ ᠴᠠᠭ ᠢ ᠪᠠᠭᠠᠰᠬᠠᠪᠠ︔ ᠨᠥᠭᠦᠭᠡ ᠲᠠᠯ᠎ᠠ ᠪᠠᠷ ᠠᠷᠭ᠎ᠠ ᠬᠡᠮᠵᠢᠶ᠎ᠡ ᠠᠪᠴᠤ ᠪᠠᠶᠢᠭᠠᠳ ᠪᠠᠶᠢᠴᠠᠭᠠᠨ ᠰᠢᠯᠭᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠭᠠᠷᠭᠠᠬᠤ ᠴᠠᠭ ᠢ ᠲᠦᠷᠭᠡᠳᠬᠡᠨ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠬᠡᠷᠡᠭᠲᠡᠢ᠃ | | | ᠬᠤᠲᠠ ᠶᠢᠨ ᠠᠷᠠᠳ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ | | ᠲᠣᠰ ᠡᠮᠨᠡᠯᠭᠡ ᠶᠢᠨ ᠬᠤᠷᠢᠶᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠡᠮᠨᠡᠯᠭᠡ ᠶᠢᠨ ᠠᠵᠢᠯᠲᠠᠨ ᠯᠢᠦ ᠬᠠᠢ ᠶᠠᠨ | ᠬᠡᠯᠡᠬᠦ ᠳᠡᠭᠡᠨ᠄ ︽ᠪᠢᠲᠡᠭᠦᠨ ᠤ ᠡᠳᠦᠷ ᠠᠴᠠ ᠰᠢᠨ᠎ᠡ ᠶᠢᠨ ᠲᠤᠯᠤᠭᠠᠨ ᠪᠣᠯᠲᠠᠯ᠎ᠠ᠂ ᠬᠤᠲᠠ ᠶᠢᠨ ᠡᠮᠨᠡᠯᠭᠡ ᠶᠢᠨ ᠬᠤᠷᠢᠶᠠᠨ ᠤ | ᠪᠥᠭᠡᠮ ᠬᠦᠴᠢᠯ ᠤᠨ ᠥᠯᠢᠭᠡᠷ ᠠᠪᠬᠤ ᠪᠦᠯᠬᠦᠮ ᠤᠨ 20 ᠭᠠᠷᠤᠢ ᠬᠥᠮᠥᠨ ᠠᠵᠢᠯ ᠤᠨ ᠪᠠᠶᠢᠷᠢ ᠪᠠᠨ ᠪᠠᠲᠤ ᠰᠠᠬᠢᠵᠤ | ᠪᠠᠶᠢᠪᠠ᠃ ᠤᠯᠠᠨ ᠢᠶᠠᠷ ᠢᠶᠠᠨ ᠡᠳᠦᠷ ᠪᠦᠷᠢ ᠶᠢᠨ ᠥᠷᠯᠥᠭᠡ ᠶᠢᠨ 7 ᠴᠠᠭ ᠲᠤ ᠲᠣᠭᠲᠠᠭᠰᠠᠨ ᠴᠠᠭ ᠲᠠᠭᠠᠨ ᠠᠵᠢᠯ ᠤᠨ | ᠪᠠᠶᠢᠷᠢ ᠳᠠᠭᠠᠨ ᠬᠦᠷᠴᠦ᠂ ᠬᠠᠮᠠᠭᠠᠯᠠᠯᠲᠠ ᠶᠢᠨ ᠬᠤᠪᠴᠠᠰᠤ ᠪᠠᠨ ᠡᠮᠦᠰᠴᠦ᠂ ᠬᠡᠷᠡᠭᠯᠡᠬᠦ ᠪᠠᠷ ᠪᠡᠯᠡᠳᠬᠡᠵᠦ᠂ ᠠᠷᠢᠭᠤᠳᠬᠠᠬᠤ᠂ | 8 ᠴᠠᠭ 30 ᠮᠢᠨᠦ᠋ᠲ ᠠᠴᠠ ᠡᠬᠢᠯᠡᠨ ᠦᠯᠢᠭᠡᠷ ᠠᠪᠬᠤ ᠠᠵᠢᠯ ᠢᠶᠠᠨ ᠡᠬᠢᠯᠡᠭᠦᠯᠳᠡᠭ᠃ ᠲᠤᠬᠠᠢ ᠶᠢᠨ ᠲᠠᠯᠠᠪᠤᠷ ᠲᠤ ᠨᠡᠶᠢᠲᠡ | 2 ᠰᠦᠢᠳᠬᠡᠯ ᠲᠤᠰᠢᠶᠠᠬᠤ ᠴᠣᠩᠬᠤ᠂ 1 ᠥᠪᠡᠰᠦᠪᠡᠨ ᠰᠦᠢᠳᠬᠡᠯ ᠲᠤᠰᠢᠶᠠᠬᠤ ᠮᠠᠰᠢᠨ᠂ 3 ᠥᠯᠢᠭᠡᠷ ᠠᠪᠬᠤ ᠴᠣᠩᠬᠤ | ᠭᠠᠷᠭᠠᠵᠠᠢ᠃ ᠠᠵᠢᠯᠲᠠᠨ ᠢ ᠦᠳᠲᠡᠷ ᠲᠦᠷᠭᠡᠨ ᠰᠠᠯᠭᠠᠨ ᠲᠣᠬᠢᠷᠠᠭᠤᠯᠬᠤ ᠶᠢᠨ ᠳᠣᠯᠠᠳᠠ᠂ ᠪᠦᠬᠦ ᠬᠥᠮᠥᠰ ᠡᠳᠦᠷ ᠪᠦᠷᠢ | ᠡᠭᠡᠯᠵᠢ ᠨᠡᠮᠡᠵᠦ ᠴᠠᠭ ᠨᠡᠮᠡᠵᠦ ᠠᠵᠢᠯᠯᠠᠳᠠᠭ᠃ ᠬᠡᠳᠦᠶᠢᠪᠡᠷ ᠬᠥᠮᠥᠨ ᠪᠣᠯᠭᠠᠨ ᠮᠠᠰᠢ ᠵᠦᠳᠡᠷᠡᠯᠲᠡᠢ ᠪᠣᠯᠪᠠᠴᠤ ᠣᠯᠠᠨ | ᠲᠦᠮᠡᠨ ᠤ ᠶᠠᠪᠤᠵᠤ ᠰᠠᠭᠤᠬᠤ ᠳᠤ ᠳᠥᠭᠦᠮ ᠦᠵᠡᠭᠦᠯᠵᠦ᠂ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠳᠤ ᠬᠤᠪᠢ ᠨᠡᠮᠡᠷᠢ ᠦᠵᠡᠭᠦᠯᠵᠦ᠂ ᠬᠡᠳᠦᠢ ᠵᠦᠳᠡᠷᠡᠯᠲᠡᠢ ᠪᠠᠶᠢᠭᠰᠠᠨ ᠴᠤ ᠪᠡᠨ᠎ᠡ ᠲᠠᠢ ᠶᠤᠮ︾ ᠭᠡᠵᠡᠢ᠃ | ᠥᠷᠭᠡᠨ ᠣᠯᠠᠨ ᠲᠦᠮᠡᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠲᠥᠬᠦᠮ ᠦᠵᠡᠭᠦᠯᠬᠦ ᠶᠢᠨ ᠳᠣᠯᠠᠳᠠ | ᠮᠥᠷᠯᠡᠵᠦ ᠬᠦᠯᠢᠶᠡᠬᠦ ᠴᠠᠭ ᠢ ᠪᠠᠭᠠᠰᠬᠠᠳᠠᠭ᠃ ᠲᠣᠰ ᠡᠳᠦᠷ ᠠᠴᠠ ᠡᠬᠢᠯᠡᠨ᠂ ᠬᠤᠲᠠ ᠶᠢᠨ ᠡᠮᠨᠡᠯᠭᠡ ᠶᠢᠨ ᠬᠤᠷᠢᠶ᠎ᠠ ᠨᠢᠭᠡ | ᠳᠠᠷᠤᠪᠴᠢᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠰᠦᠯᠵᠢᠶᠡᠨ ᠳᠡᠭᠡᠷ᠎ᠡ ᠤᠷᠢᠳᠴᠢᠯᠠᠨ ᠳ᠋ᠤᠭᠠᠷᠯᠠᠬᠤ᠂ | ᠰᠦᠢᠳᠬᠡᠯ ᠲᠤᠰᠢᠶᠠᠬᠤ᠂ ᠪᠠᠶᠢᠴᠠᠭᠠᠨ ᠯᠠᠪᠯᠠᠬᠤ ᠴᠢᠳᠠᠮᠵᠢ ᠶᠢ ᠵᠢᠩᠬᠢᠨᠢ ᠪᠠᠷ ᠨᠡᠪᠳᠡᠷᠡᠬᠦᠯᠪᠡ᠃ ᠥᠷᠭᠡᠨ ᠣᠯᠠᠨ ᠲᠦᠮᠡᠨ | ᠰᠦᠯᠵᠢᠶᠡᠨ ᠳᠡᠭᠡᠷ᠎ᠡ ᠨᠢᠭᠡ ᠳᠠᠷᠤᠪᠴᠢ ᠪᠠᠷ ᠳ᠋ᠤᠭᠠᠷᠯᠠᠵᠤ᠂ ᠰᠦᠢᠳᠬᠡᠯ ᠲᠤᠰᠢᠶᠠᠭᠰᠠᠨ ᠤ ᠳᠠᠷᠠᠭ᠎ᠠ ᠬᠤᠲᠠ ᠶᠢᠨ | ᠡᠮᠨᠡᠯᠭᠡ ᠶᠢᠨ ᠬᠤᠷᠢᠶ᠎ᠠ ᠶᠢᠨ ᠵᠡᠭᠦᠨ ᠬᠤᠶᠢᠲᠤ ᠥᠨᠴᠥᠭ ᠤᠨ ᠬᠠᠩᠭᠠᠯᠭ᠎ᠠ ᠶᠢᠨ ᠲᠠᠰᠤᠭ ᠤᠨ ᠬᠤᠶᠠᠳᠤᠭᠠᠷ ᠳᠠᠪᠬᠤᠷᠯᠢᠭ ᠤᠨ | ᠪᠥᠭᠡᠮ ᠬᠦᠴᠢᠯ ᠤᠨ ᠥᠯᠢᠭᠡᠷ ᠠᠪᠬᠤ ᠴᠡᠭ ᠲᠤ ᠬᠦᠷᠴᠦ ᠥᠯᠢᠭᠡᠷ ᠠᠪᠴᠤ ᠪᠣᠯᠣᠨ᠎ᠠ᠂ ᠰᠦᠯᠵᠢᠶᠡᠨ ᠳᠡᠭᠡᠷ᠎ᠡ ᠪᠥᠭᠡᠮ | ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠳᠤ ︽ ᠮᠦᠩᠭᠡ ᠰᠣᠪᠠᠭ︾ ᠪᠤᠶᠤ ︽ᠡᠷᠢᠶᠡᠨ ᠬᠤᠲᠠ ᠶᠢᠨ ᠡᠮᠨᠡᠯᠭᠡ ᠶᠢᠨ | ᠬᠤᠷᠢᠶ᠎ᠠ︾ ᠶᠢᠨ ᠨᠡᠶᠢᠲᠡ ᠶᠢᠨ ᠳ᠋ᠤᠭᠠᠷ ᠢ ᠪᠠᠭᠤᠯᠭᠠᠨ ᠠᠪᠴᠤ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ ᠪᠣᠯᠣᠨ᠎ᠠ᠃ | | |