ᠪᠣᠭᠤᠮᠲᠠ ᠶᠢᠨ ᠴᠠᠭᠠᠨ ᠰᠠᠷ᠎ᠠ ᠶᠢᠨ ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ ︽ᠡᠭᠦᠳᠡ ᠪᠠᠨ ᠬᠠᠭᠠᠬᠤ ᠦᠭᠡᠢ︾
ᠨᠡᠶᠢᠲᠡᠯᠡᠭᠰᠡᠨ ᠴᠠᠭ᠄
2022/2/14
   ᠴᠠᠭᠠᠨ ᠰᠠᠷ᠎ᠠ ᠳᠤ᠂ ᠮᠠᠨ ᠤ ᠬᠤᠳᠠ ᠶᠢᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠡᠮᠴᠢ ᠰᠤᠪᠢᠯᠠᠭᠴᠢᠳ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠢᠵᠢᠭ ᠢ ᠰᠡᠷᠭᠡᠶᠢᠯᠡᠬᠦ ᠪᠣᠭᠤᠮᠲᠠ ᠰᠠᠬᠢᠭᠴᠢ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠳᠡᠭᠡᠷ ︽ᠴᠠᠭᠠᠨ ᠰᠠᠷ᠎ᠠ ᠭᠡᠷ ᠲᠤ ᠪᠠᠨ ᠬᠠᠷᠢᠬᠤ ᠦᠭᠡᠢ︾ ᠶᠠᠭᠠᠷᠠᠯᠲᠠᠢ ᠪᠠᠶᠢᠳᠠᠯ ᠨᠢ ᠪᠠᠶᠠᠷ ᠤᠨ ᠡᠳᠦᠷ ᠤᠨ ᠬᠠᠯᠠᠭᠤᠨ ᠳᠤᠯᠠᠭᠠᠨ ᠦᠵᠡᠮᠵᠢ ᠪᠣᠯᠪᠠ᠃ ᠪᠢᠲᠡᠭᠦᠨ ᠠᠴᠠ ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ ᠪᠣᠯᠲᠠᠯ᠎ᠠ᠂ ᠪᠥᠬᠦ ᠬᠤᠲᠠ ᠳᠤ ᠨᠡᠶᠢᠲᠡ 13254 ᠬᠥᠮᠥᠨ ᠤᠳᠠᠭ᠎ᠠ ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠬᠢᠵᠦ᠂ ᠶᠠᠪᠤᠵᠤ ᠰᠠᠭᠤᠬᠤ ᠣᠯᠠᠨ ᠲᠦᠮᠡᠨ ᠤ ︽ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠬᠤ︾ ︽ᠪᠠᠶᠢᠴᠠᠭᠠᠬᠤ ᠳᠤᠷᠠᠲᠠᠢ ᠶᠢ ᠨᠢ ᠴᠥᠮ ᠪᠠᠶᠢᠴᠠᠭᠠᠬᠤ︾ ᠶᠢ ᠦᠨᠡᠨ ᠬᠦ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠯᠠᠨ ᠲᠦᠮᠡᠨ ᠤ ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠪᠠᠲᠤᠯᠠᠪᠠ᠃
    ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠬᠤᠭᠤᠴᠠᠭᠠᠨ ᠳᠤ᠂ 48 ᠴᠠᠭ ᠤᠨ ᠳᠣᠲᠣᠷ᠎ᠠ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢᠯᠡᠯ ᠨᠢ ᠴᠥᠭᠡᠨ ᠪᠤᠰᠤ ᠭᠠᠵᠠᠷ ᠣᠷᠣᠨ ᠤ ᠶᠠᠪᠤᠵᠤ ᠰᠠᠭᠤᠬᠤ ᠳᠤ ᠡᠷᠬᠡᠪᠰᠢ ᠱᠠᠭᠠᠷᠳᠠᠭᠳᠠᠬᠤ ︽ᠨᠡᠪᠲᠡᠷᠡᠬᠦ ᠦᠨᠡᠮᠯᠡᠯ︾ ᠪᠣᠯᠤᠭᠰᠠᠨ ᠪᠠᠶᠢᠨ᠎ᠠ᠃ ᠰᠤᠷᠪᠤᠯᠵᠢᠯᠠᠭᠴᠢ 2 ᠰᠠᠷ᠎ᠠ   ᠶᠢᠨ 9 ᠤ ᠡᠳᠦᠷ ᠬᠤᠲᠠ   ᠶᠢᠨ ᠡᠮᠨᠡᠯᠭᠡ   ᠶᠢᠨ ᠬᠤᠷᠢᠶᠠᠨ ᠤ ᠪᠥᠭᠡᠮ ᠬᠦᠴᠢᠯ   ᠢ ᠪᠠᠶᠢᠴᠠᠭᠠᠨ ᠰᠢᠯᠭᠠᠬᠤ ᠲᠤᠬᠠᠢ   ᠶᠢᠨ ᠲᠠᠯᠠᠪᠠᠶ ᠳᠤ ᠣᠯᠵᠤ ᠦᠵᠡᠭᠰᠡᠨ ᠨᠢ᠂ ᠡᠮᠴᠢ ᠰᠤᠪᠢᠯᠠᠭᠴᠢᠳ ᠣᠳᠣ ᠶᠠᠭ ᠪᠠᠶᠢᠴᠠᠭᠠᠯᠭᠠᠬᠤ ᠪᠠᠷ ᠪᠠᠶᠢᠭ᠎ᠠ ᠬᠥᠮᠥᠰ ᠢ ᠵᠣᠬᠢᠶᠠᠨ ᠪᠠᠶᠢᠭᠤᠯᠵᠤ᠂ ︽ᠨᠢᠭᠡ ᠮᠧᠲᠷ ᠤᠨ ᠱᠤᠭᠤᠮ︾ ᠤᠨ ᠬᠤᠭᠤᠷᠣᠨᠳᠣᠬᠢ ᠵᠠᠢ ᠪᠠᠷ ᠡᠮᠬᠢ ᠵᠢᠷᠤᠮ  ᠲᠠᠢ ᠪᠠᠷ ᠵᠢᠭᠰᠠᠭᠠᠵᠤ᠂ ᠰᠦᠢᠳᠬᠡᠯ ᠲᠤᠰᠢᠶᠠᠬᠤ᠂ ᠦᠯᠢᠭᠡᠷ ᠠᠪᠬᠤ ᠵᠡᠷᠭᠡ ᠡᠯ᠎ᠡ ᠵᠦᠢᠯ ᠤᠨ ᠠᠵᠢᠯ   ᠢ ᠡᠮᠬᠢ ᠵᠢᠷᠤᠮ  ᠲᠠᠢ ᠪᠠᠷ ᠬᠢᠵᠦ ᠪᠠᠶᠢᠨ᠎ᠠ᠃ ᠬᠤᠲᠠ ᠶᠢᠨ ᠡᠮᠨᠡᠯᠭᠡ ᠶᠢᠨ ᠬᠤᠷᠢᠶᠠᠨ ᠤ ᠪᠦᠭᠡᠮ ᠬᠦᠴᠢᠯ ᠢ ᠪᠠᠶᠢᠴᠠᠭᠠᠨ ᠰᠢᠯᠭᠠᠬᠤ ᠡᠮᠴᠢ ᠰᠤᠪᠢᠯᠠᠭᠴᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠴᠠᠭᠠᠨ ᠰᠠᠷ᠎ᠠ ᠶᠢᠨ ᠬᠤᠭᠤᠴᠠᠭᠠᠨ ᠳᠤ ᠭᠠᠳᠠᠭᠰᠢ ᠭᠠᠷᠬᠤ ᠬᠥᠮᠥᠨ ᠣᠯᠠᠨ᠂ ᠠᠵᠢᠯ ᠲᠤᠶᠢᠯ ᠤᠨ ᠶᠠᠭᠠᠷᠠᠯᠲᠠᠢ ᠪᠠᠶᠢᠳᠠᠭ᠂ ᠡᠨᠡ ᠬᠤᠶᠠᠷ ᠡᠳᠦᠷ ᠲᠤ ᠪᠦᠭᠡᠮ ᠬᠦᠴᠢᠯ ᠢ ᠪᠠᠶᠢᠴᠠᠭᠠᠨ ᠰᠢᠯᠭᠠᠬᠤ ᠬᠤᠲᠠ ᠶᠢᠨ ᠠᠷᠠᠳ ᠢᠯᠡᠳᠲᠡ ᠴᠥᠭᠡᠷᠡᠵᠡᠢ᠃    ᠴᠠᠭᠠᠨ ᠰᠠᠷ᠎ᠠ ᠶᠢᠨ ᠬᠤᠭᠤᠴᠠᠭᠠᠨ ᠳᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠲᠦᠷᠭᠡᠨ ᠪᠡᠶᠡᠯᠡᠭᠦᠯᠵᠦ᠂ ᠪᠠᠶᠢᠴᠠᠭᠠᠭᠳᠠᠭᠴᠢ ᠶᠢᠨ ᠬᠦᠯᠢᠶᠡᠬᠦ ᠴᠠᠭ ᠢ ᠪᠣᠭᠤᠨᠢᠰᠬᠠᠬᠤ ᠶᠢᠨ ᠳᠣᠯᠠᠳᠠ᠂ ᠬᠤᠲᠠ ᠶᠢᠨ ᠡᠮᠨᠡᠯᠭᠡ ᠶᠢᠨ ᠬᠤᠷᠢᠶ᠎ᠠ ᠨᠢᠭᠡ ᠲᠠᠯ᠎ᠠ ᠪᠠᠷ ᠠᠷᠭ᠎ᠠ ᠪᠦᠬᠦᠨ ᠢ ᠰᠦᠪᠡᠭᠴᠢᠯᠡᠨ ᠥᠯᠢᠭᠡᠷ ᠠᠪᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠮᠥᠷᠯᠡᠬᠦ ᠴᠠᠭ ᠢ ᠪᠠᠭᠠᠰᠬᠠᠪᠠ︔ ᠨᠥᠭᠦᠭᠡ ᠲᠠᠯ᠎ᠠ ᠪᠠᠷ ᠠᠷᠭ᠎ᠠ ᠬᠡᠮᠵᠢᠶ᠎ᠡ ᠠᠪᠴᠤ ᠪᠠᠶᠢᠭᠠᠳ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠭᠠᠷᠭᠠᠬᠤ ᠴᠠᠭ ᠢ ᠲᠦᠷᠭᠡᠳᠬᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠬᠡᠷᠡᠭᠲᠡᠢ᠃
   ᠲᠣᠰ ᠡᠮᠨᠡᠯᠭᠡ ᠶᠢᠨ ᠬᠤᠷᠢᠶᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠡᠮᠨᠡᠯᠭᠡ ᠶᠢᠨ ᠠᠵᠢᠯᠲᠠᠨ ᠯᠢᠦ ᠬᠠᠢ ᠶᠠᠨ ᠬᠡᠯᠡᠬᠦ ᠳᠡᠭᠡᠨ᠄ ︽ᠪᠢᠲᠡᠭᠦᠨ ᠤ ᠡᠳᠦᠷ ᠠᠴᠠ ᠰᠢᠨ᠎ᠡ ᠶᠢᠨ ᠲᠤᠯᠤᠭᠠᠨ ᠪᠣᠯᠲᠠᠯ᠎ᠠ᠂ ᠬᠤᠲᠠ ᠶᠢᠨ ᠡᠮᠨᠡᠯᠭᠡ ᠶᠢᠨ ᠬᠤᠷᠢᠶᠠᠨ ᠤ ᠪᠥᠭᠡᠮ ᠬᠦᠴᠢᠯ ᠤᠨ ᠥᠯᠢᠭᠡᠷ ᠠᠪᠬᠤ ᠪᠦᠯᠬᠦᠮ ᠤᠨ 20 ᠭᠠᠷᠤᠢ ᠬᠥᠮᠥᠨ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠪᠠ᠃ ᠤᠯᠠᠨ ᠢᠶᠠᠷ ᠢᠶᠠᠨ ᠡᠳᠦᠷ ᠪᠦᠷᠢ ᠶᠢᠨ ᠥᠷᠯᠥᠭᠡ ᠶᠢᠨ 7 ᠴᠠᠭ ᠲᠤ ᠲᠣᠭᠲᠠᠭᠰᠠᠨ ᠴᠠᠭ ᠲᠠᠭᠠᠨ ᠠᠵᠢᠯ ᠤᠨ ᠪᠠᠶᠢᠷᠢ ᠳᠠᠭᠠᠨ ᠬᠦᠷᠴᠦ᠂ ᠬᠠᠮᠠᠭᠠᠯᠠᠯᠲᠠ ᠶᠢᠨ ᠬᠤᠪᠴᠠᠰᠤ ᠪᠠᠨ ᠡᠮᠦᠰᠴᠦ᠂ ᠬᠡᠷᠡᠭᠯᠡᠬᠦ ᠪᠠᠷ ᠪᠡᠯᠡᠳᠬᠡᠵᠦ᠂ ᠠᠷᠢᠭᠤᠳᠬᠠᠬᠤ᠂ 8 ᠴᠠᠭ 30 ᠮᠢᠨᠦ᠋ᠲ ᠠᠴᠠ ᠡᠬᠢᠯᠡᠨ ᠦᠯᠢᠭᠡᠷ ᠠᠪᠬᠤ ᠠᠵᠢᠯ ᠢᠶᠠᠨ ᠡᠬᠢᠯᠡᠭᠦᠯᠳᠡᠭ᠃ ᠲᠤᠬᠠᠢ ᠶᠢᠨ ᠲᠠᠯᠠᠪᠤᠷ ᠲᠤ ᠨᠡᠶᠢᠲᠡ 2 ᠰᠦᠢᠳᠬᠡᠯ ᠲᠤᠰᠢᠶᠠᠬᠤ ᠴᠣᠩᠬᠤ᠂ 1 ᠥᠪᠡᠰᠦᠪᠡᠨ ᠰᠦᠢᠳᠬᠡᠯ ᠲᠤᠰᠢᠶᠠᠬᠤ ᠮᠠᠰᠢᠨ᠂ 3 ᠥᠯᠢᠭᠡᠷ ᠠᠪᠬᠤ ᠴᠣᠩᠬᠤ ᠭᠠᠷᠭᠠᠵᠠᠢ᠃ ᠠᠵᠢᠯᠲᠠᠨ ᠢ ᠦᠳᠲᠡᠷ ᠲᠦᠷᠭᠡᠨ ᠰᠠᠯᠭᠠᠨ ᠲᠣᠬᠢᠷᠠᠭᠤᠯᠬᠤ ᠶᠢᠨ ᠳᠣᠯᠠᠳᠠ᠂ ᠪᠦᠬᠦ ᠬᠥᠮᠥᠰ ᠡᠳᠦᠷ ᠪᠦᠷᠢ ᠡᠭᠡᠯᠵᠢ ᠨᠡᠮᠡᠵᠦ ᠴᠠᠭ ᠨᠡᠮᠡᠵᠦ ᠠᠵᠢᠯᠯᠠᠳᠠᠭ᠃ ᠬᠡᠳᠦᠶᠢᠪᠡᠷ ᠬᠥᠮᠥᠨ ᠪᠣᠯᠭᠠᠨ ᠮᠠᠰᠢ ᠵᠦᠳᠡᠷᠡᠯᠲᠡᠢ ᠪᠣᠯᠪᠠᠴᠤ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠵᠡᠭᠦᠯᠵᠦ᠂ ᠪᠦᠬᠦ ᠬᠤᠲᠠ   ᠶᠢᠨ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠳᠤ ᠬᠤᠪᠢ ᠨᠡᠮᠡᠷᠢ ᠦᠵᠡᠭᠦᠯᠵᠦ᠂ ᠬᠡᠳᠦᠢ ᠵᠦᠳᠡᠷᠡᠯᠲᠡᠢ ᠪᠠᠶᠢᠭᠰᠠᠨ ᠴᠤ ᠪᠡᠨ᠎ᠡ ᠲᠠᠢ ᠶᠤᠮ︾ ᠭᠡᠵᠡᠢ᠃    ᠥᠷᠭᠡᠨ ᠣᠯᠠᠨ ᠲᠦᠮᠡᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠲᠥᠬᠦᠮ ᠦᠵᠡᠭᠦᠯᠬᠦ ᠶᠢᠨ ᠳᠣᠯᠠᠳᠠ ᠮᠥᠷᠯᠡᠵᠦ ᠬᠦᠯᠢᠶᠡᠬᠦ ᠴᠠᠭ ᠢ ᠪᠠᠭᠠᠰᠬᠠᠳᠠᠭ᠃ ᠲᠣᠰ ᠡᠳᠦᠷ ᠠᠴᠠ ᠡᠬᠢᠯᠡᠨ᠂ ᠬᠤᠲᠠ ᠶᠢᠨ ᠡᠮᠨᠡᠯᠭᠡ ᠶᠢᠨ ᠬᠤᠷᠢᠶ᠎ᠠ ᠨᠢᠭᠡ ᠳᠠᠷᠤᠪᠴᠢᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠰᠦᠯᠵᠢᠶᠡᠨ ᠳᠡᠭᠡᠷ᠎ᠡ ᠤᠷᠢᠳᠴᠢᠯᠠᠨ ᠳ᠋ᠤᠭᠠᠷᠯᠠᠬᠤ᠂ ᠰᠦᠢᠳᠬᠡᠯ ᠲᠤᠰᠢᠶᠠᠬᠤ᠂ ᠪᠠᠶᠢᠴᠠᠭᠠᠨ ᠯᠠᠪᠯᠠᠬᠤ ᠴᠢᠳᠠᠮᠵᠢ ᠶᠢ ᠵᠢᠩᠬᠢᠨᠢ ᠪᠠᠷ ᠨᠡᠪᠳᠡᠷᠡᠬᠦᠯᠪᠡ᠃ ᠥᠷᠭᠡᠨ ᠣᠯᠠᠨ ᠲᠦᠮᠡᠨ ᠰᠦᠯᠵᠢᠶᠡᠨ ᠳᠡᠭᠡᠷ᠎ᠡ ᠨᠢᠭᠡ ᠳᠠᠷᠤᠪᠴᠢ ᠪᠠᠷ ᠳ᠋ᠤᠭᠠᠷᠯᠠᠵᠤ᠂ ᠰᠦᠢᠳᠬᠡᠯ ᠲᠤᠰᠢᠶᠠᠭᠰᠠᠨ ᠤ ᠳᠠᠷᠠᠭ᠎ᠠ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠵᠡᠭᠦᠨ ᠬᠤᠶᠢᠲᠤ ᠥᠨᠴᠥᠭ ᠤᠨ ᠬᠠᠩᠭᠠᠯᠭ᠎ᠠ ᠶᠢᠨ ᠲᠠᠰᠤᠭ ᠤᠨ ᠬᠤᠶᠠᠳᠤᠭᠠᠷ ᠳᠠᠪᠬᠤᠷᠯᠢᠭ ᠤᠨ ᠪᠥᠭᠡᠮ ᠬᠦᠴᠢᠯ ᠤᠨ ᠥᠯᠢᠭᠡᠷ ᠠᠪᠬᠤ ᠴᠡᠭ ᠲᠤ ᠬᠦᠷᠴᠦ ᠥᠯᠢᠭᠡᠷ ᠠᠪᠴᠤ ᠪᠣᠯᠣᠨ᠎ᠠ᠂ ᠰᠦᠯᠵᠢᠶᠡᠨ ᠳᠡᠭᠡᠷ᠎ᠡ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠳᠤ ︽ ᠮᠦᠩᠭᠡ ᠰᠣᠪᠠᠭ︾ ᠪᠤᠶᠤ ︽ᠡᠷᠢᠶᠡᠨ ᠬᠤᠲᠠ ᠶᠢᠨ ᠡᠮᠨᠡᠯᠭᠡ ᠶᠢᠨ ᠬᠤᠷᠢᠶ᠎ᠠ︾ ᠶᠢᠨ ᠨᠡᠶᠢᠲᠡ ᠶᠢᠨ ᠳ᠋ᠤᠭᠠᠷ ᠢ ᠪᠠᠭᠤᠯᠭᠠᠨ ᠠᠪᠴᠤ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ ᠪᠣᠯᠣᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号