ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠳᠠᠬᠢ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ ᠲᠤᠭ᠎ᠠ ᠠᠩᠬᠠᠨ ᠤ ᠰᠠᠷ᠎ᠠ ᠳᠠᠭᠠᠨ ᠠᠮᠵᠢᠯᠲᠠ ᠲᠠᠢ ᠡᠬᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2022/2/15

ᠡᠨᠡ ᠵᠢᠯ ᠤᠨ 1 ᠰᠠᠷ᠎ᠠ ᠳᠤ᠂ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠶᠢᠨ ᠳᠤᠮᠳᠠᠳᠤ ᠡᠸᠦ᠋ᠷᠦᠫᠡ ᠶᠢᠨ

ᠵᠢᠰᠢᠶᠠᠨ ᠤ ᠭᠠᠯᠲᠤ ᠲᠡᠷᠭᠡ 268 ᠴᠤᠪᠤᠭ᠎ᠠ ᠲᠡᠷᠭᠡ  ᠵᠣᠷᠴᠢᠵᠦ᠂ 27714 ᠪᠠᠷᠢᠮᠵᠢᠶᠠᠲᠤ ᠠᠪᠳᠠᠷ᠎ᠠ   ᠶᠢ

ᠳᠡᠭᠡᠭᠡᠪᠣᠷᠢᠯᠡᠪᠡ᠃ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠲᠣᠰ ᠲᠣᠰ 36.0%᠂

38.0% ᠨᠡᠮᠡᠭᠳᠡᠵᠦ᠂ ᠠᠩᠬᠠᠨ ᠤ ᠰᠠᠷ᠎ᠠ ᠳᠠᠭᠠᠨ ᠠᠮᠵᠢᠯᠲᠠ ᠣᠯᠪᠠ᠃

ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠬᠢᠨ

ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ

ᠨᠠᠶᠢᠳᠠᠪᠤᠷᠢᠵᠢᠭᠤᠯᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ

ᠲᠣᠭᠲᠠᠭᠠᠵᠤ᠂ ᠪᠣᠭᠤᠮᠲᠠ ᠪᠠᠷ ᠥᠩᠭᠡᠷᠡᠬᠦ ᠴᠠᠭ ᠢ ᠲᠠᠰᠤᠷᠠᠯᠲᠠ ᠦᠭᠡᠢ ᠪᠠᠭᠠᠰᠬᠠᠨ᠂ ᠰᠣᠯᠢᠵᠤ ᠠᠴᠢᠶᠠᠯᠠᠬᠤ ᠦᠷ᠎ᠡ

ᠪᠦᠲᠦᠮᠵᠢ ᠶᠢ ᠳᠡᠭᠡᠭᠰᠢᠯᠡᠭᠦᠯᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠮᠤᠷ ᠲᠦᠪᠰᠢᠨ

ᠰᠠᠭᠠᠳ ᠦᠭᠡᠢ ᠨᠡᠪᠲᠡᠷᠡᠬᠦ᠂ ᠴᠢᠨᠠᠷ ᠰᠠᠶᠢᠲᠠᠢ ᠨᠡᠪᠲᠡᠷᠡᠬᠦ ᠶᠢ ᠬᠦᠴᠦᠲᠡᠢ ᠪᠠᠲᠤᠯᠠᠪᠠ᠃

ᠡᠷᠢᠶᠡᠨ ᠲᠡᠮᠦᠷ ᠵᠠᠮ ᠤᠨ ᠲᠡᠷᠭᠡᠨ ᠥᠷᠲᠡᠭᠡᠨ ᠤ ᠲᠣᠬᠢᠷᠠᠭᠤᠯᠬᠤ ᠦᠢᠯᠡᠳᠪᠦᠷᠢ ᠶᠢᠨ ᠲᠠᠰᠤᠭ ᠤᠨ ᠡᠷᠬᠢᠯᠡᠭᠴᠢ ᠶᠦᠨ

ᡁᠢ ᠵᠢᠶᠦ᠋ᠨ ᠤ ᠲᠠᠨᠢᠯᠴᠠᠭᠤᠯᠤᠭᠰᠠᠨ ᠢᠶᠠᠷ᠂ ᠲᠡᠮᠦᠷ ᠵᠠᠮ ᠤᠨ ᠪᠣᠭᠤᠮᠲᠠ ᠶᠢᠨ ᠬᠢᠨ ᠳᠤᠮᠳᠠᠳᠤ ᠡᠸᠦ᠋ᠷᠦᠫᠡ ᠶᠢᠨ

ᠵᠢᠰᠢᠶᠠᠨ ᠤ ᠭᠠᠯᠲᠤ ᠲᠡᠷᠭᠡ ᠶᠢᠨ ᠭᠤᠣᠯ ᠪᠣᠯᠬᠤ ᠰᠣᠯᠢᠵᠤ ᠠᠴᠢᠶᠠᠯᠠᠬᠤ ᠲᠠᠯᠠᠪᠠᠶ᠂ ᠴᠢᠩᠭᠡᠯᠢᠭ ᠤᠨ ᠲᠠᠯᠠᠪᠠᠶ ᠳᠤ

ᠪᠢᠲᠡᠭᠦᠦ ᠡᠵᠡᠮᠰᠢᠯᠳᠦ ᠬᠠᠮᠢᠶᠠᠷᠤᠯᠲᠠ ᠶᠠᠪᠤᠭᠤᠯᠵᠤ᠂ ᠴᠢᠩᠭᠡᠯᠢᠭ ᠤᠨ ᠲᠡᠭᠡᠭᠡᠪᠦᠷᠢ ᠶᠢᠨ ᠵᠠᠪᠰᠠᠷ ᠦᠭᠡᠢ ᠡᠷᠭᠢᠯᠲᠡ ᠶᠢ

ᠪᠡᠶᠡᠯᠡᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠬᠦᠷᠦᠯᠴᠡᠬᠦ ᠦᠭᠡᠢ ᠪᠠᠷ ᠪᠠᠶᠢᠴᠠᠭᠠᠨ ᠰᠢᠯᠭᠠᠵᠤ᠂

ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠰᠣᠯᠢᠵᠤ ᠠᠴᠢᠶᠠᠯᠠᠬᠤ ᠦᠷ᠎ᠡ ᠪᠦᠲᠦᠮᠵᠢ ᠶᠢ ᠤᠯᠠᠮ

ᠨᠢᠭᠡ ᠠᠯᠬᠤᠮ ᠳᠡᠭᠡᠭᠰᠢᠯᠡᠭᠦᠯᠪᠡ᠃

ᠣᠳᠣᠬᠠᠨ ᠳᠤ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠠᠶᠠᠯᠠᠵᠤ ᠪᠠᠶᠢᠭ᠎ᠠ ᠳᠤᠮᠳᠠᠳᠤ

ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠱᠤᠭᠤᠮ ᠨᠢᠭᠡᠨᠲᠡ 54 ᠵᠤᠷᠪᠤᠰ ᠪᠣᠯᠵᠤ᠂ ᠤᠯᠤᠰ ᠤᠨ

ᠭᠠᠳᠠᠭᠠᠳᠤ ᠶᠢᠨ ᠪᠠᠷᠠᠭᠠᠨ ᠤ ᠢᠷᠡᠯᠲᠡ ᠶᠢᠨ ᠭᠠᠵᠠᠷ ᠨᠢ 10 ᠭᠠᠷᠤᠢ ᠤᠯᠤᠰ ᠤᠨ 60 ᠭᠠᠷᠤᠢ ᠭᠠᠵᠠᠷ ᠣᠷᠣᠨ ᠳᠤ

ᠬᠤᠯᠪᠣᠭᠳᠠᠵᠤ᠂ ᠤᠯᠤᠰ ᠤᠨ ᠳᠣᠲᠣᠭᠠᠳᠤ ᠳᠤ ᠪᠥᠬᠦ ᠤᠯᠤᠰ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ

ᠲᠡᠷᠭᠡᠨ ᠤ ᠠᠩᠬ᠎ᠠ ᠲᠠᠷᠬᠠᠭᠠᠬᠤ ᠶᠡᠬᠡᠩᠬᠢ ᠬᠤᠲᠠ ᠳᠤ ᠬᠤᠯᠪᠣᠭᠳᠠᠵᠤ ᠪᠠᠶᠢᠨ᠎ᠠ᠃

 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号