︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ ᠮᠦᠩᠬᠡ ᠰᠣᠪᠠᠭ · ᠨᠢᠭᠡ ᠤᠳᠠᠭ᠎ᠠ ᠳᠡᠭᠡᠷ᠎ᠡ ᠬᠦᠢᠴᠡᠳᠬᠡᠬᠦ · ᠰᠦᠯᠵᠢᠶᠡᠨ ᠳᠡᠭᠡᠷ᠎ᠡ | ᠬᠦᠢᠴᠡᠳᠬᠡᠬᠦ · ᠲᠠᠨ ᠢ ᠬᠠᠪᠰᠤᠷᠤᠨ ᠭᠦᠢᠴᠡᠳᠬᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠨᠢᠷᠠᠢ | ᠬᠡᠦᠬᠡᠳ ᠤᠨ ᠭᠠᠷ ᠬᠦᠢᠴᠡᠳᠬᠡᠯ ᠬᠢᠬᠦ ᠳᠤ ᠣᠯᠠᠨ ᠭᠤᠭᠴᠤᠭ᠎ᠠ᠂ ᠣᠯᠠᠨ ᠭᠠᠵᠠᠷ ᠲᠤ ᠭᠦᠶᠦᠬᠦ᠂ ᠣᠯᠠᠨ ᠤᠳᠠᠭ᠎ᠠ | ᠭᠦᠶᠦᠬᠦ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠳᠣᠯᠠᠳᠠ᠂ 2 ᠰᠠᠷ᠎ᠠ ᠶᠢᠨ 22 ᠤᠨ ᠡᠳᠦᠷ᠂ ᠮᠠᠨ ᠤ ᠬᠤᠲᠠ ᠨᠢᠷᠠᠢ | ᠬᠡᠦᠬᠡᠳ ᠤᠨ ᠡᠷᠦᠬᠡ ᠠᠮᠠ ᠶᠢᠨ ᠲᠠᠩᠰᠠ ᠪᠠ ᠡᠮ ᠡᠮᠨᠡᠯᠭᠡ ᠶᠢᠨ ᠳᠠᠭᠠᠳᠬᠠᠯ ᠤᠨ ᠳᠠᠩᠰᠠᠯᠠᠯᠲᠠ ᠶᠢᠨ ᠰᠦᠯᠵᠢᠶᠡᠨ | ᠳᠡᠭᠡᠷᠡᠬᠢ ︽ᠨᠢᠭᠡ ᠯᠡ ᠥᠷᠲᠡᠭᠡᠨ ᠤ ᠮᠠᠶ᠋ᠢᠭ︾ ᠤᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠬᠡᠷᠡᠭᠵᠢᠭᠦᠯᠵᠦ᠂ | ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠂ ᠣᠯᠠᠨ ᠲᠦᠮᠡᠨ ᠤ | ᠤᠴᠢᠷ ᠶᠠᠪᠤᠳᠠᠯ ᠰᠢᠢᠳᠪᠦᠷᠢᠯᠡᠬᠦ ᠳᠤ ᠲᠥᠬᠦᠮ ᠦᠵᠡᠭᠦᠯᠪᠡ᠃ | | | | | | | ᠲᠤᠬᠠᠢ ᠶᠢᠨ ᠡᠳᠦᠷ᠂ ᠬᠤᠲᠠ ᠶᠢᠨ ᠡᠮᠨᠡᠯᠭᠡ ᠶᠢᠨ ᠬᠤᠷᠢᠶᠠᠨ ᠤ ᠨᠢᠷᠠᠢ ᠬᠡᠦᠬᠡᠳ ᠤᠨ ᠲᠤᠬᠠᠶᠢᠯᠠᠭᠰᠠᠨ ᠠᠵᠢᠯ ᠢ | ᠭᠦᠢᠴᠡᠳᠬᠡᠬᠦ ᠴᠣᠩᠬᠤᠨ ᠳᠤ᠂ ᠬᠤᠲᠠ ᠶᠢᠨ ᠠᠷᠠᠳ ᠸᠠᠩ ᠴᠤᠸ ᠥᠪᠡᠷ ᠤᠨ ᠨᠢᠷᠠᠢ ᠬᠡᠦᠬᠡᠳ ᠲᠡᠭᠡᠨ ᠡᠷᠦᠬᠡ ᠠᠮᠠ ᠶᠢᠨ | ᠳᠠᠩᠰᠠᠯᠠᠯᠲᠠ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠳᠠᠩᠰᠠᠯᠠᠯᠲᠠ ᠬᠢᠵᠦ ᠪᠠᠶᠢᠨ᠎ᠠ᠃ᠸᠠᠩ ᠴᠤᠸ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠶᠢ ᠭᠠᠷ ᠤᠲᠠᠰᠤ ᠪᠠᠷ | ᠪᠡᠶᠡᠯᠡᠭᠦᠯᠬᠦ ᠶᠢ ᠳᠠᠭᠠᠯᠳᠤᠨ᠂ ᠮᠠᠨ ᠤ ᠬᠤᠲᠠ ᠶᠢᠨ ᠠᠩᠬᠠᠨ ᠤ ᠨᠢᠷᠠᠢ ᠬᠡᠦᠬᠡᠳ ᠤᠨ ᠡᠷᠦᠬᠡ ᠠᠮᠠ ᠶᠢᠨ ᠲᠠᠩᠰᠠ ᠪᠠ ᠡᠮ | ᠡᠮᠨᠡᠯᠭᠡ ᠶᠢᠨ ᠳᠠᠭᠠᠳᠬᠠᠯ ᠤᠨ ᠳᠠᠩᠰᠠᠯᠠᠯᠲᠠ ᠶᠢᠨ ᠰᠦᠯᠵᠢᠶᠡᠨ ᠳᠡᠭᠡᠷᠡᠬᠢ ︽ᠨᠢᠭᠡ ᠯᠡ ᠥᠷᠲᠡᠭᠡᠨ ᠤ ᠮᠠᠶ᠋ᠢᠭ︾ ᠤᠨ | ᠭᠦᠢᠴᠡᠳᠬᠡᠬᠦ ᠠᠵᠢᠯ ᠢ ᠤᠷᠤᠭᠰᠢᠲᠠᠢ ᠪᠡᠶᠡᠯᠡᠭᠦᠯᠪᠡ᠃ | | | | | | | ᠰᠠᠶ᠋ᠢ ᠲᠥᠷᠥᠭᠰᠡᠨ ᠬᠡᠦᠬᠡᠳ ᠤᠨ ᠡᠷᠦᠬᠡ ᠠᠮᠠ ᠶᠢᠨ ᠲᠠᠩᠰᠠ ᠪᠠ ᠡᠮ ᠡᠮᠨᠡᠯᠭᠡ ᠶᠢᠨ ᠳᠠᠭᠠᠳᠬᠠᠯ ᠤᠨ ᠳᠠᠩᠰᠠᠯᠠᠯᠲᠠ ᠶᠢ | ᠰᠦᠯᠵᠢᠶᠡᠨ ᠳᠡᠭᠡᠷ᠎ᠡ ︽ᠨᠢᠭᠡ ᠯᠡ ᠥᠷᠲᠡᠭᠡᠨ ᠤ ᠮᠠᠶ᠋ᠢᠭ︾ ᠢᠶᠠᠷ ᠭᠦᠢᠴᠡᠳᠬᠡᠬᠦ ᠨᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠳᠤ ᠬᠠᠨᠤᠮᠵᠢᠲᠠᠶ ᠪᠠᠶᠢᠨ᠎ᠠ᠃ ᠣᠶᠢᠯᠠᠭᠠᠭᠰᠠᠨ ᠢᠶᠠᠷ᠂ ᠬᠤᠲᠠ ᠶᠢᠨ ᠡᠮᠨᠡᠯᠭᠡ ᠶᠢᠨ ᠬᠤᠷᠢᠶ᠎ᠠ ᠳᠤ ᠬᠠᠮᠢᠶ᠎ᠠ | ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠰᠣᠩᠭᠤᠬᠤ ᠠᠴᠠ ᠭᠠᠳᠠᠨ᠎ᠠ᠂ ᠬᠤᠲᠠ ᠶᠢᠨ ᠠᠷᠠᠳ ᠥᠪᠡᠷ ᠤᠨ | ᠪᠣᠳᠠᠲᠤ ᠪᠠᠶᠢᠳᠠᠯ ᠢᠶᠠᠨ ᠦᠨᠳᠦᠰᠦᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠣᠩᠬᠤᠨ ᠳᠤ ᠰᠠᠶ᠋ᠢ | ᠲᠥᠷᠥᠭᠰᠡᠨ ᠬᠡᠦᠬᠡᠳ ᠤᠨ ᠡᠷᠦᠬᠡ ᠠᠮᠠ ᠣᠷᠣᠬᠤ ᠪᠠ ᠡᠮ ᠡᠮᠨᠡᠯᠭᠡ ᠶᠢᠨ ᠳᠠᠭᠠᠳᠬᠠᠯ ᠤᠨ ᠳᠠᠩᠰᠠᠯᠠᠯᠲᠠ ᠬᠢᠵᠦ ᠪᠣᠯᠣᠨ᠎ᠠ᠃ | | | |